ᠣᠷᠣᠯᠠᠨ ᠪᠠᠶᠢᠭᠤᠯᠬᠤ ᠲᠥᠷᠥᠯ ᠵᠦᠢᠯ ᠤᠨ ᠣᠷᠣᠯᠠᠨ ᠦᠢᠯᠡᠴᠢᠯᠡᠭᠡ ᠳᠠᠭᠠᠭᠠᠴᠢᠯᠠᠯᠲᠠ ᠵᠠᠷᠯᠠᠬᠤ ᠶᠢᠨ ᠳᠠᠭᠠᠭᠠᠴᠢᠯᠠᠯᠲᠠ ᠵᠠᠷᠯᠠᠬᠤ ᠠᠯᠪᠠᠨ ᠵᠠᠷ
ᠨᠡᠶᠢᠲᠡᠯᠡᠭᠰᠡᠨ ᠴᠠᠭ᠄
2024/7/3
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ ︵ᠳᠣᠷᠣᠭᠰᠢ ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠪ ᠭᠡᠵᠦ ᠲᠣᠪᠴᠢᠯᠠᠨ᠎ᠠ︶ ᠬᠠᠷᠢᠭᠤᠴᠠᠭᠰᠠᠨ ᠣᠷᠣᠯᠠᠨ ᠪᠠᠶᠢᠭᠤᠯᠵᠤ ᠪᠠᠶᠢᠭ᠎ᠠ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶ᠎ᠠ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠴᠢ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠨᠢᠭᠡᠨᠲᠡ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠦᠢᠯᠡᠴᠢᠯᠡᠬᠦ ᠨᠥᠬᠦᠴᠡᠯ ᠢ ᠪᠦᠷᠢᠯᠳᠦᠭᠦᠯᠵᠦ᠂ ᠣᠲᠣ ᠢᠯᠡ ᠪᠠᠷ ᠳᠠᠭᠠᠭᠠᠴᠢᠯᠠᠯᠲᠠ ᠵᠠᠷᠯᠠᠨ᠎ᠠ᠃    ᠨᠢᠭᠡ᠂ ᠲᠥᠷᠥᠯ ᠵᠦᠢᠯ ᠤᠨ ᠲᠦᠢᠮᠣ ᠪᠠᠶᠢᠳᠠᠯ    1. ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶ᠎ᠠ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ    1.1 ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠄ ᠪᠠᠷᠢᠯᠭ᠎ᠠ ᠶᠢᠨ ᠲᠠᠯᠠᠪᠠᠢ ᠨᠢ 191416 ᠲᠡᠭᠰᠢ ᠳᠥᠷᠪᠡᠯᠵᠢᠨ ᠮᠧᠲᠷ᠃    1.2 ᠪᠦᠲᠦᠭᠡᠨ ᠪᠠᠶᠢᠭᠤᠯᠬᠤ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠨᠢᠰᠬᠡᠯ ᠤᠨ ᠪᠠᠭᠤᠳᠠᠯ ᠤᠨ ᠦᠨᠳᠦᠷ ᠬᠤᠷᠴᠠᠲᠣ ᠵᠠᠮ ᠤᠨ ᠡᠮᠦᠨ᠎ᠡ ᠲᠠᠯ᠎ᠠ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠷᠠᠭᠤᠨ ᠲᠠᠯ᠎ᠠ᠂ ᠰᠢᠯᠠᠷᠳᠠᠢ ᠮᠧᠳ᠋ᠷᠣ᠋ ᠶᠢᠨ ᠥᠷᠲᠡᠭᠡ ᠶᠢᠨ ᠬᠤᠶᠢᠲᠤ ᠲᠠᠯ᠎ᠠ᠂ ᠯᠢ ᠵᠢᠩ ᠬᠤᠸᠠᠷ ᠴᠡᠴᠡᠭ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠵᠡᠭᠦᠨ ᠲᠠᠯ᠎ᠠ ᠪᠠᠷ᠃    1.3 ᠬᠠᠮᠤᠭ ᠥᠨᠳᠥᠷ ᠳᠠᠭᠠᠭᠠᠴᠢᠯᠠᠯᠲᠠ ᠬᠦᠯᠢᠶᠡᠬᠦ ᠦᠨ᠎ᠡ᠄ 76 ᠲᠦᠮᠡᠨ ᠲᠥᠭᠦᠷᠢᠭ᠃    1.4 ᠦᠢᠯᠡᠴᠢᠯᠡᠬᠦ ᠬᠤᠭᠤᠴᠠᠭ᠎ᠠ᠄ ᠭᠡᠷ᠎ᠡ ᠲᠣᠭᠲᠠᠭᠰᠠᠨ ᠡᠳᠦᠷ ᠠᠴᠠ ᠡᠬᠢᠯᠡᠨ ᠲᠥᠷᠥᠯ ᠵᠦᠢᠯ ᠤᠨ ᠪᠣᠢ ᠪᠦᠬᠦᠢ ᠳᠠᠭᠠᠭᠠᠴᠢᠯᠠᠯᠲᠠ ᠵᠠᠷᠯᠠᠬᠤ ᠪᠠ ᠬᠤᠳᠠᠯᠳᠤᠨ ᠠᠪᠬᠤ ᠠᠵᠢᠯ ᠢ ᠪᠡᠶᠡᠯᠡᠭᠦᠯᠦᠭᠰᠡᠨ ᠡᠳᠦᠷ᠃    1.5 ᠦᠢᠯᠡᠴᠢᠯᠡᠭᠡᠨ ᠤ ᠭᠠᠵᠠᠷ᠄ ᠬᠥᠬᠡᠬᠤᠲᠠ᠃    2 ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ    2.1 ᠪᠦᠳᠦᠭᠡᠨ ᠪᠠᠶᠢᠭᠤᠯᠥᠯᠳᠡ ᠶᠢᠨ ᠬᠡᠪᠴᠢᠶ᠎ᠡ᠄ ᠪᠡᠷᠢᠯᠭ᠎ᠠ ᠶᠢᠨ ᠳᠡᠯᠡᠪᠡᠢ 77580.21 ᠲᠡᠭᠰᠢ ᠳᠦᠷᠪᠡᠯᠵᠢᠨ ᠮᠧᠲᠷ᠃    2.2 ᠪᠦᠳᠦᠭᠡᠨ ᠪᠠᠶᠢᠭᠤᠯᠥᠯᠳᠡ ᠶᠢᠨ ᠬᠠᠶ᠋ᠢᠭ᠄ ᠦᠪᠤᠷ ᠮᠣᠩᠭᠤᠯ ᠤᠨ ᠣᠷᠠᠯᠢᠭ ᠤᠨ ᠳᠡᠭᠡᠳᠦ ᠰᠣᠷᠭᠠᠭᠤᠯᠢ ᠶᠢᠨ ᠰᠢᠨ᠎ᠡ ᠰᠣᠷᠭᠠᠭᠤᠯᠢ ᠶᠢᠨ ᠲᠤᠭᠤᠷᠢᠭ ᠤᠨ ᠳᠣᠳᠣᠷ᠎ᠠ᠃    2.3 ᠬᠠᠮᠤᠭ ᠥᠨᠳᠥᠷ ᠳᠠᠭᠠᠭᠠᠴᠢᠯᠠᠯᠲᠠ ᠬᠦᠯᠢᠶᠡᠬᠦ ᠦᠨ᠎ᠡ᠄ 40.46 ᠲᠦᠮᠡᠨ ᠲᠥᠭᠦᠷᠢᠭ᠃    2.4 ᠦᠢᠯᠡᠴᠢᠯᠡᠬᠦ ᠬᠤᠭᠤᠴᠠᠭ᠎ᠠ᠄ ᠭᠡᠷ᠎ᠡ ᠲᠣᠭᠲᠠᠭᠰᠠᠨ ᠡᠳᠦᠷ ᠠᠴᠠ ᠡᠬᠢᠯᠡᠨ ᠲᠥᠷᠥᠯ ᠵᠦᠢᠯ ᠤᠨ ᠪᠣᠢ ᠪᠦᠬᠦᠢ ᠳᠠᠭᠠᠭᠠᠴᠢᠯᠠᠯᠲᠠ ᠶᠢ ᠵᠠᠷᠯᠠᠬᠤ ᠵᠢᠴᠢ ᠬᠤᠳᠠᠯᠳᠤᠨ ᠠᠪᠬᠤ ᠠᠵᠢᠯ ᠢ ᠪᠡᠶᠡᠯᠡᠭᠦᠯᠦᠭᠰᠡᠨ ᠡᠳᠦᠷ᠃    2.5 ᠦᠢᠯᠡᠴᠢᠯᠡᠭᠡᠨ ᠤ ᠭᠠᠵᠡᠷ᠄ ᠬᠦᠬᠡᠬᠤᠳᠡ    ᠬᠤᠶᠠᠷ᠂ ᠪᠠᠷᠢᠮᠵᠢᠶ᠎ᠠ ᠬᠡᠰᠡᠭ ᠤᠨ ᠬᠤᠪᠢᠶᠠᠷᠢᠯᠠᠯ    1. ᠨᠢᠭᠡᠳᠦᠭᠡᠷ ᠪᠠᠷᠢᠮᠵᠢᠶ᠎ᠠ ᠬᠡᠰᠡᠭ᠄ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶ᠎ᠠ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠶᠢ ᠵᠠᠷᠯᠠᠬᠤ ᠣᠷᠣᠯᠠᠨ ᠭᠦᠢᠴᠡᠳᠭᠡᠬᠦ ᠦᠢᠯᠡᠴᠢᠯᠡᠭᠡ᠃    2. ᠬᠤᠶᠠᠳᠤᠭᠠᠷ ᠪᠠᠷᠢᠮᠵᠢᠶ᠎ᠠ ᠬᠡᠰᠡᠭ᠄ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠶᠢ ᠵᠠᠷᠯᠠᠬᠤ  ᠣᠷᠣᠯᠠᠨ ᠦᠢᠯᠡᠴᠢᠯᠡᠭᠡ᠃    3. ᠳᠠᠭᠠᠭᠠᠴᠢᠯᠠᠯᠲᠠ ᠬᠦᠯᠢᠶᠡᠭᠴᠢ ᠬᠤᠶᠠᠷ ᠬᠡᠰᠡᠭ ᠤᠨ ᠳᠠᠭᠠᠭᠠᠴᠢᠯᠠᠯᠲᠠ ᠬᠦᠯᠢᠶᠡᠬᠦ ᠳᠤ ᠵᠡᠷᠭᠡ ᠪᠠᠷ ᠣᠷᠣᠯᠴᠠᠵᠤ ᠪᠣᠯᠤᠨ᠎ᠠ᠂ ᠵᠢᠱᠢᠶᠡᠯᠡᠪᠡᠯ᠂ ᠴᠥᠮ ᠨᠢᠭᠡᠳᠦᠭᠡᠷ ᠲᠤ ᠵᠢᠭᠰᠠᠭᠠᠭᠳᠠᠪᠠᠯ᠂ ᠵᠡᠷᠭᠡ ᠪᠠᠷ ᠳᠠᠭᠠᠭᠠᠴᠢᠯᠠᠯᠲᠠ ᠣᠯᠵᠤ ᠪᠣᠯᠤᠨ᠎ᠠ᠃    ᠭᠤᠷᠪᠠ᠂ ᠥᠢᠯᠡᠴᠢᠯᠡᠭᠡᠨ ᠤ ᠠᠭᠤᠯᠭ᠎ᠠ ᠵᠢᠴᠢ ᠶᠠᠰᠤ ᠴᠢᠨᠠᠷ ᠤᠨ ᠪᠠᠷᠢᠮᠵᠢᠶ᠎ᠠ    1. ᠦᠢᠯᠡᠴᠢᠯᠡᠬᠦ ᠠᠭᠤᠯᠭ᠎ᠠ    1.1 ᠲᠥᠷᠥᠯ ᠵᠦᠢᠯ ᠢ ᠬᠡᠷᠡᠭᠵᠢᠭᠦᠯᠬᠦ ᠱᠠᠲᠤ ᠦᠶ᠎ᠡ ᠶᠢᠨ ᠳᠣᠲᠣᠷᠠᠬᠢ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠵᠢᠴᠢ ᠲᠡᠭᠦᠨ ᠠᠴᠠ ᠳᠣᠷᠣᠭᠰᠢᠬᠢ ᠪᠣᠶ ᠪᠥᠬᠦᠶ ᠢᠨᠵᠧᠨᠧᠷᠢᠩ᠂ ᠡᠳ᠋ ᠪᠠᠷᠠᠭ᠎ᠠ ᠵᠢᠴᠢ ᠦᠢᠯᠡᠴᠢᠯᠡᠭᠡ ᠳᠤ ᠬᠤᠯᠪᠣᠭᠳᠠᠭᠰᠠᠨ ᠢᠯᠡ ᠪᠠᠷ ᠳᠠᠭᠠᠭᠠᠴᠢᠯᠠᠯᠲᠠ ᠵᠠᠷᠯᠠᠬᠤ᠂ ᠤᠷᠢᠵᠤ ᠳᠠᠭᠠᠭᠠᠴᠢᠯᠠᠯᠲᠠ ᠵᠠᠷᠯᠠᠬᠤ᠂ ᠥᠷᠢᠰᠥᠯᠳᠦᠭᠡᠨ ᠤ ᠴᠢᠨᠠᠷᠲᠠᠶ ᠬᠡᠯᠡᠯᠴᠡᠭᠡᠷ᠂ ᠥᠷᠢᠰᠥᠯᠳᠦᠭᠡᠨ ᠤ ᠴᠢᠨᠠᠷᠲᠠᠶ ᠵᠥᠪᠳᠡᠯᠴᠡᠭᠡ᠂ ᠦᠨ᠎ᠡ ᠯᠠᠪᠯᠠᠬᠤ ᠵᠡᠷᠭᠡ ᠢ ᠣᠷᠣᠯᠠᠬᠤ ᠲᠤᠬᠠᠶᠢᠯᠠᠭᠰᠠᠨ ᠠᠵᠢᠯ ᠢ ᠬᠠᠷᠢᠭᠤᠴᠠᠬᠤ ᠵᠡᠷᠭᠡ ᠶᠢ ᠪᠠᠭᠲᠠᠭᠠᠬᠤ ᠪᠣᠯᠪᠠᠴᠤ ᠬᠢᠵᠠᠭᠠᠷᠯᠠᠬᠤ ᠦᠭᠡᠢ ᠨᠢ︔ ᠵᠢᠷᠤᠭ ᠲᠥᠯᠥᠪᠯᠡᠭᠡ ᠶᠢᠨ ᠡᠭᠦᠷᠭᠡ ᠶᠢᠨ ᠪᠢᠴᠢᠭ ᠢ ᠨᠠᠶᠢᠷᠠᠭᠤᠯᠤᠨ ᠵᠣᠬᠢᠶᠠᠬᠤ︔ ᠳᠠᠭᠠᠭᠠᠴᠢᠯᠠᠯᠲᠠ ᠵᠠᠷᠯᠠᠬᠤ ᠡᠮᠦᠨᠡᠬᠢ ᠬᠤᠭᠤᠴᠠᠭᠠᠨ ᠤ ᠪᠡᠯᠡᠳᠬᠡᠯ ᠲᠥᠰᠦᠪᠯᠡᠯ︔ ᠳᠠᠭᠠᠭᠠᠴᠢᠯᠠᠭᠤᠯᠤᠭᠴᠢ ᠶᠢᠨ ᠱᠠᠭᠠᠷᠳᠠᠯᠭ᠎ᠠ︔ ᠳᠠᠭᠠᠭᠠᠴᠢᠯᠠᠯᠲᠠ ᠵᠠᠷᠯᠠᠭᠰᠠᠨ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠤᠬᠢᠶᠠᠬᠤ︔ ᠮᠠᠳᠠᠭ ᠲᠠᠶᠢᠯᠬᠤ᠂ ᠳᠠᠭᠠᠭᠠᠴᠢᠯᠠᠯᠲᠠ ᠬᠢᠬᠦ᠂ ᠳᠠᠭᠠᠭᠠᠴᠢᠯᠠᠯᠲᠠ  ᠶᠢᠨ ᠰᠢᠯᠭᠠᠷᠠᠭᠤᠯᠣᠯᠲᠠ ᠶᠢ ᠵᠣᠬᠢᠶᠠᠨ ᠪᠠᠶᠢᠭᠤᠯᠵᠤ︔ ᠳᠠᠭᠠᠭᠠᠴᠢᠯᠠᠯᠲᠠ ᠣᠯᠤᠭᠰᠠᠨ ᠵᠢᠱᠢᠭᠳᠡᠭᠰᠡᠳ ᠢ ᠢᠯᠡ ᠨᠡᠶᠢᠲᠡᠯᠡᠬᠦ᠂ ᠳᠠᠭᠠᠭᠠᠴᠢᠯᠠᠯᠲᠠ ᠣᠯᠤᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠨ᠎ᠡ︔ ᠣᠨᠳᠣᠣ ᠰᠠᠨᠠᠯ ᠢ ᠬᠦᠯᠢᠶᠡᠨ ᠠᠪᠬᠤ︔ ᠰᠢᠢᠳᠪᠦᠷᠢᠯᠡᠬᠦ︔ ᠵᠠᠭᠠᠯᠳᠤᠯᠭ᠎ᠠ ᠶᠢ ᠰᠢᠢᠳᠪᠦᠷᠢᠯᠡᠬᠦ︔ ᠳᠠᠭᠠᠭᠠᠴᠢᠯᠠᠯᠲᠠ ᠣᠯᠤᠭᠰᠠᠨ ᠮᠡᠳᠡᠭᠳᠡᠯ ᠤᠨ ᠪᠢᠴᠢᠭ ᠣᠯᠭᠤᠬᠤ︔ ᠡᠯ᠎ᠡ ᠲᠥᠷᠥᠯ ᠤᠨ ᠳᠠᠩᠰᠠᠯᠠᠭᠤᠯᠬᠤ ᠪᠠ ᠪᠤᠰᠤᠳ ᠬᠠᠮᠢᠶ᠎ᠠ ᠪᠦᠬᠦᠢ ᠠᠵᠢᠯ  ᠪᠠᠭᠲᠠᠭᠠᠨ᠎ᠠ᠃    1.2 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠢᠯ  ᠳᠤ ᠳᠠᠭᠠᠭᠠᠴᠢᠯᠠᠯᠲᠠ ᠵᠠᠷᠯᠠᠬᠤ ᠪᠤᠶᠤ ᠬᠤᠳᠠᠯᠳᠤᠨ ᠠᠪᠬᠤ ᠲᠥᠷᠥᠯ ᠵᠦᠢᠯ ᠳᠤ ᠮᠡᠷᠭᠡᠵᠢᠯ ᠤᠨ ᠳᠡᠮᠵᠢᠯᠭᠡ ᠬᠠᠩᠭᠠᠬᠤ ᠵᠢᠴᠢ ᠦᠢᠯᠡᠴᠢᠯᠡᠭᠡ ᠬᠠᠩᠭᠠᠵᠤ᠂ ᠡᠭᠦᠨ ᠳᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠂ ᠮᠠᠲ᠋ᠧᠷᠢᠶᠠᠯ ᠦᠢᠯᠡᠳᠬᠦ᠂ ᠮᠠᠲ᠋ᠧᠷᠢᠶᠠᠯ ᠢ ᠬᠤᠷᠢᠶᠠᠩᠭᠤᠶᠢᠯᠠᠬᠤ᠂ ᠮᠡᠳᠡᠭᠦᠯᠦᠨ ᠬᠦᠷᠭᠡᠬᠦ ᠵᠡᠷᠭᠡ ᠳᠤ ᠬᠢᠵᠠᠭᠠᠷᠯᠠᠭᠳᠠᠬᠤ ᠦᠭᠡᠶ᠃    2. ᠶᠠᠰᠤ ᠴᠢᠨᠠᠷ ᠤᠨ ᠪᠠᠷᠢᠮᠵᠢᠶ᠎ᠠ    ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠶᠢᠨ ᠶᠠᠮᠤᠨ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠡᠴᠠ‌‍ᠲ᠋ᠠᠷᠤᠮᠠᠯᠯᠠᠨ ᠶᠠᠪᠤᠭᠤᠯᠤᠭᠰᠠᠨ ︽ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠮᠡᠳᠡᠭᠳᠡᠯ︾ ︵ᠬᠤᠲᠠ ᠶᠢᠨ ᠳᠦᠷᠢᠮ ﹇ 2019﹈ 12 ᠳ᠋ᠤᠭᠠᠷ ᠲᠣᠭᠠᠲᠤ︶᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠢᠨᠵᠧᠨᠧᠷᠢᠩ ᠤᠨ ᠶᠡᠷᠦᠩᠬᠡᠶ ᠳᠠᠭᠠᠭᠠᠴᠢᠯᠠᠯᠲᠠ ᠶᠢᠨ ᠦᠨ᠎ᠡ ᠶᠢ ᠪᠤᠳᠤᠬᠤ ᠵᠢᠷᠤᠮᠵᠢᠯ︾ ︵T/CCEAS001-2022︶᠂ ︽ᠬᠠᠤᠯᠢ ᠶᠣᠰᠣᠭᠠᠷ ᠡᠷᠬᠡᠪᠰᠢ ᠳᠠᠭᠠᠭᠠᠴᠢᠯᠠᠯᠲᠠ ᠵᠠᠷᠯᠠᠬᠤ ᠴᠢᠬᠤᠯᠠᠲᠠᠶ ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠪᠠᠶᠢᠭᠤᠯᠤᠯᠲᠠ ᠬᠤᠲᠠ ﹇ 2020﹈ 70 ᠳ᠋ᠤᠭᠠᠷ ᠲᠣᠭᠠᠲᠤ︶ ᠵᠡᠷᠭᠡ ᠬᠠᠮᠢᠶ᠎ᠠ ᠪᠥᠬᠦᠶ ᠲᠣᠭᠲᠠᠭᠠᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ᠵᠡᠷᠭᠡ ᠬᠠᠮᠢᠶ᠎ᠠ ᠪᠦᠬᠦᠢ ᠲᠤᠭᠲᠠᠭᠠᠯ ᠳᠤ ᠨᠡᠶᠢᠴᠡᠭᠰᠡᠨ᠃    ᠳᠥᠷᠪᠡ᠂ ᠳᠠᠭᠠᠭᠠᠴᠢᠯᠠᠯᠲᠠ ᠬᠦᠯᠢᠶᠡᠭᠴᠢ ᠶᠢᠨ ᠱᠠᠭᠠᠷᠳᠠᠯᠭ᠎ᠠ    1. ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠰᠠᠭᠠᠷ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠪᠥᠭᠡᠳ ᠬᠡᠪ ᠤᠨ ᠡᠵᠡᠩᠨᠡᠯᠲᠡ᠃    2. ᠬᠦᠴᠦᠨ ᠪᠦᠬᠦᠢ ᠡᠵᠡᠩᠨᠡᠯᠲᠡ ᠶᠢᠨ ᠦᠨᠡᠮᠯᠡᠯ ᠲᠠᠢ ᠪᠠᠶᠢᠬᠤ ᠬᠡᠷᠡᠭᠲᠡᠶ᠃    3. ᠠᠵᠢᠯᠲᠠᠨ᠂ ᠪᠡᠯᠡ ᠮᠥᠩᠭᠦ ᠵᠡᠷᠭᠡ ᠲᠠᠯ᠎ᠠ ᠪᠠᠷ ᠵᠣᠬᠢᠴᠠᠩᠭᠤᠶ ᠦᠢᠯᠡᠴᠢᠯᠡᠭᠡᠨ ᠤ ᠴᠢᠳᠠᠪᠤᠷᠢ ᠲᠠᠢ ᠪᠠᠶᠢᠬᠤ ᠬᠡᠷᠡᠭᠲᠡᠶ᠃    4. ᠪᠤᠰᠤᠳ ᠱᠠᠭᠠᠷᠳᠠᠯᠭ᠎ᠠ᠄ ᠳᠠᠭᠠᠭᠠᠴᠢᠯᠠᠯᠲᠠ ᠬᠦᠯᠢᠶᠡᠭᠴᠢ ᠳᠠᠭᠠᠭᠠᠴᠢᠯᠠᠯᠲᠠ ᠬᠦᠯᠢᠶᠡᠭᠴᠢ ᠶᠢᠨ ᠠᠮᠠᠯᠠᠯᠲᠠ ᠶᠢᠨ ᠪᠢᠴᠢᠭ ︵ᠬᠡᠯᠪᠡᠷᠢ ᠮᠠᠶ᠋ᠢᠭ ᠨᠢ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ︶ ᠢ ᠬᠠᠩᠭᠠᠬᠤ ᠬᠡᠷᠡᠭᠲᠡᠶ᠃    5. ᠲᠣᠰ ᠤᠳᠠᠭᠠᠨ ᠤ ᠳᠠᠭᠠᠭᠠᠴᠢᠯᠠᠯᠲᠠ  ᠨᠢ ᠬᠤᠯᠪᠤᠭᠠᠲᠣ ᠳᠠᠭᠠᠴᠢᠯᠠᠯᠲᠠ ᠶᠢ ᠭᠥᠯᠢᠶᠡᠨ ᠠᠪᠬᠤ ᠦᠭᠡᠢ᠃    6. ᠲᠣᠰ ᠤᠳᠠᠭᠠᠨ ᠤ ᠳᠠᠭᠠᠭᠠᠴᠢᠯᠠᠯᠲᠠ ᠵᠠᠷᠯᠠᠬᠤ ᠬᠢᠷᠢ ᠬᠡᠮ ᠢ ᠬᠢᠨᠠᠨ ᠪᠠᠶᠢᠴᠠᠭᠠᠬᠤ ᠠᠷᠭ᠎ᠠ ᠮᠠᠶ᠋ᠢᠭ ᠨᠢ ᠬᠢᠷᠢ ᠬᠡᠮ ᠤᠨ ᠳᠠᠷᠠᠭᠠᠬᠢ ᠬᠢᠨᠠᠯᠲᠠ᠂ ᠪᠣᠳᠠᠲᠠᠶ ᠬᠢᠨᠠᠨ ᠲᠣᠭᠲᠠᠭᠠᠬᠤ ᠪᠠᠷᠢᠮᠵᠢᠶ᠎ᠠ ᠶᠢ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠨᠠᠷᠢᠨ ᠦᠵᠡᠭᠡᠷᠡᠶ᠃    ᠲᠣᠳᠣᠷᠬᠠᠶᠢᠯᠠᠯ᠄ ᠳᠡᠭᠡᠷ᠎ᠡ ᠱᠠᠭᠠᠷᠳᠠᠭᠰᠠᠨ ᠨᠥᠬᠦᠴᠡᠯ ᠶᠣᠰᠣᠭᠠᠷ᠂ ᠳᠠᠭᠠᠭᠠᠴᠢᠯᠠᠯᠲᠠ ᠬᠦᠯᠢᠶᠡᠭᠴᠢ ᠡᠷᠬᠡᠪᠰᠢ ᠬᠠᠮᠲᠤ ᠳᠤᠨᠢ ᠬᠠᠩᠭᠠᠬᠤ ᠬᠡᠷᠡᠭᠲᠡᠶ᠃    ᠲᠠᠪᠤ᠂ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠣᠯᠬᠤ    1. ᠣᠯᠬᠤ ᠠᠷᠭ᠎ᠠ ᠬᠡᠯᠪᠡᠷᠢ᠄ ᠥᠪᠥᠷ ᠮᠣᠩᠭᠤᠯ ᠤᠨ ᠪᠠᠷᠢᠯᠭ᠎ᠠ ᠶᠢᠨ ᠠᠵᠤ ᠦᠢᠯᠡᠰ ᠤᠨ ᠢᠨᠲ᠋ᠧᠷ ᠰᠦᠯᠵᠢᠶᠡᠨ ᠤ ᠲᠠᠪᠴᠠᠩ ︵ᠰᠦᠯᠵᠢᠶᠡᠨ ᠤ ᠬᠠᠶ᠋ᠢᠭ http://www.mengzhuwang.com/︶ ᠳᠤ ᠣᠷᠣᠵᠤ᠂ ᠳᠠᠩᠰᠠᠯᠠᠭᠤᠯᠤᠭᠰᠠᠨ ᠤ ᠳᠠᠷᠠᠭ᠎ᠠ ᠲᠣᠰ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠮᠡᠳᠡᠭᠡ ᠵᠠᠩᠭᠢ ᠶᠢ ᠳᠠᠷᠤᠵᠤ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠪᠠᠭᠤᠯᠭᠠᠨ᠎ᠠ᠃ ᠮᠡᠷᠭᠡᠵᠢᠯ ᠤᠨ ᠳᠡᠮᠵᠢᠯᠭᠡ ᠶᠢᠨ ᠤᠲᠠᠰᠤ᠄ 15548852166    2. ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠤᠯᠬᠤ ᠴᠠᠭ᠄ 2024 ᠣᠨ ᠤ 6 ᠳ᠋ᠤᠭᠠᠷ ᠰᠠᠷ᠎ᠠ ᠶᠢᠨ 26 ᠤ ᠡᠳᠦᠷ ᠤᠨ 00᠄ 00᠄ 00 ᠴᠠᠭ ᠠᠴᠠ 2024 ᠣᠨ ᠤ 6 ᠳ᠋ᠤᠭᠠᠷ ᠰᠠᠷ᠎ᠠ ᠶᠢᠨ 30 ᠤ ᠡᠳᠦᠷ ᠤᠨ 23᠄ 59᠄ 59 ᠴᠠᠭ    ᠵᠢᠷᠭᠤᠭ᠎ᠠ᠂ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢ ᠲᠤᠰᠢᠶᠠᠨ ᠥᠭᠬᠦ    1. ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠤᠨ ᠲᠤᠰᠢᠶᠠᠨ ᠥᠭᠬᠦ ᠡᠴᠦᠰ ᠤᠨ ᠴᠠᠭ ︵ᠳᠠᠷᠤᠢ ᠳᠠᠭᠠᠭᠠᠴᠢᠯᠠᠯᠲᠠ ᠨᠡᠶᠢᠲᠡᠯᠡᠬᠦ ᠴᠠᠭ︶ ᠪᠣᠯ 2024 ᠣᠨ ᠤ 7 ᠳ᠋ᠤᠭᠠᠷ ᠰᠠᠷ᠎ᠠ ᠶᠢᠨ 17 ᠤ ᠡᠳᠦᠷ ᠤᠨ 10 ᠴᠠᠭ ᠃    2. ᠡᠯᠧᠺᠳ᠋ᠷᠣᠨ ᠬᠡᠪᠯᠡᠯ ᠤᠨ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢ ᠳᠠᠮᠵᠢᠭᠤᠯᠤᠨ ᠲᠤᠰᠢᠶᠠᠬᠤ ᠠᠷᠭ᠎ᠠ᠄ ᠥᠪᠥᠷ ᠮᠣᠩᠭᠤᠯ ᠤᠨ ᠪᠠᠷᠢᠯᠭ᠎ᠠ ᠶᠢᠨ ᠠᠵᠤ ᠦᠢᠯᠡᠰ ᠤᠨ ᠢᠨᠲ᠋ᠧᠷ ᠰᠦᠯᠵᠢᠶᠡᠨ ᠤ ᠲᠠᠪᠴᠠᠩ ︵ᠰᠦᠯᠵᠢᠶᠡᠨ ᠤ ᠬᠠᠶ᠋ᠢᠭ http://www.mengzhuwang.com/︶᠃ ᠲᠤᠰ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠮᠡᠳᠡᠭᠡ ᠵᠠᠩᠭᠢ ᠶᠢ ᠳᠠᠷᠤᠵᠤ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ︵PDF ᠬᠡᠪᠯᠡᠯ︶ ᠶᠢ ᠲᠤᠰᠢᠶᠠᠨ᠎ᠠ ᠮᠡᠷᠭᠡᠵᠢᠯ ᠤᠨ ᠳᠡᠮᠵᠢᠯᠭᠡ ᠶᠢᠨ ᠤᠲᠠᠰᠤ᠄ 15548852166    ᠡᠯᠧᠺᠲᠷᠣᠨ ᠬᠡᠪᠯᠡᠯ ᠤᠨ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠨᠢ ᠴᠠᠭᠠᠰᠤᠨ ᠬᠡᠪᠯᠡᠯ ᠤᠨ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ︵ᠵᠢᠩᠬᠢᠨᠢ ᠳᠡᠪᠲᠡᠷ︶ ᠤᠨ ᠱᠢᠷᠪᠢᠯᠲᠡ ᠶᠢᠨ ᠳᠠᠷᠠᠭᠠᠬᠢ PDF ᠬᠡᠪᠯᠡᠯ ᠪᠣᠯᠤᠨ᠎ᠠ᠃    3. ᠴᠠᠭᠠᠰᠤᠨ ᠬᠡᠪᠯᠡᠯ ᠤᠨ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢ ᠲᠤᠰᠢᠶᠠᠨ ᠲᠤᠰᠢᠶᠠᠬᠤ ᠭᠠᠵᠠᠷ᠄ ᠬᠥᠬᠡᠬᠤᠲᠠ ᠶᠢᠨ ᠵᠥᠩ ᠱᠠᠨ ᠵᠠᠮ ᠤᠨ ᠪᠦᠯᠬᠦᠮᠳᠡᠯ ᠭᠤᠳᠤᠮᠵᠢ ᠶᠢᠨ 2 ᠳ᠋ᠤᠭᠠᠷ ᠨᠣᠮᠧᠷ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠬᠦᠷᠢᠶ᠎ᠡ︶ B ᠰᠠᠭᠤᠷᠢ ᠶᠢᠨ 2 ᠳ᠋ᠤᠭᠠᠷ ᠳᠠᠪᠬᠤᠷᠯᠢᠭ ᠤᠨ ᠶᠡᠭᠡ ᠬᠤᠷᠠᠯ ᠤᠨ ᠭᠡᠷ᠃    4. ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠪᠣᠯᠤᠨ ᠡᠯᠧᠺᠲᠷᠣᠨ ᠬᠡᠪᠯᠡᠯ ᠤᠨ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢᠶᠠᠨ ᠬᠠᠮᠲᠤ ᠳᠤᠨᠢ ᠲᠤᠰᠢᠶᠠᠵᠤ᠂ ᠬᠤᠭᠤᠴᠠᠭ᠎ᠠ ᠦᠩᠭᠡᠷᠡᠨ‌‍ᠬᠦ᠋ᠷᠭᠡᠭᠰᠡᠨ ᠪᠤᠶᠤ ᠲᠣᠭᠲᠠᠭᠰᠠᠨ ᠭᠠᠵᠠᠷ ᠲᠤ ᠬᠦᠷᠭᠡᠭᠰᠡᠨ ᠦᠭᠡᠶ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠭᠴᠢ ᠬᠦᠯᠢᠶᠡᠨ ᠠᠪᠴᠤ ᠰᠢᠢᠳᠪᠦᠷᠢᠯᠡᠬᠦ ᠦᠭᠡᠶ᠃    ᠳᠣᠯᠤᠭ᠎ᠠ᠂ ᠳᠠᠭᠠᠭᠠᠴᠢᠯᠠᠯᠲᠠ ᠡᠬᠢᠯᠡᠬᠦ ᠴᠠᠭ ᠵᠢᠴᠢ ᠭᠠᠵᠠᠷ    1. ᠳᠠᠭᠠᠭᠠᠴᠢᠯᠠᠯᠲᠠ ᠡᠬᠢᠯᠡᠬᠦ ᠴᠠᠭ᠄ 2024 ᠣᠨ ᠤ 7 ᠳ᠋ᠤᠭᠠᠷ ᠰᠠᠷ᠎ᠠ ᠶᠢᠨ 17 ᠤ ᠡᠳᠦᠷ ᠤᠨ 10 ᠴᠠᠭ ᠃    2. ᠳᠠᠭᠠᠭᠠᠴᠢᠯᠠᠯᠲᠠ ᠶᠢᠨ ᠭᠠᠵᠠᠷ᠄ ᠬᠥᠬᠡᠬᠤᠲᠠ ᠶᠢᠨ ᠵᠥᠩ ᠱᠠᠨ ᠵᠠᠮ ᠤᠨ ᠪᠦᠯᠬᠦᠮᠳᠡᠯ ᠭᠤᠳᠤᠮᠵᠢ ᠶᠢᠨ 2 ᠳ᠋ᠤᠭᠠᠷ ᠨᠣᠮᠧᠷ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠬᠦᠷᠢᠶ᠎ᠡ︶ B ᠰᠠᠭᠤᠷᠢ ᠶᠢᠨ 2 ᠳ᠋ᠤᠭᠠᠷ ᠳᠠᠪᠬᠤᠷᠯᠢᠭ ᠤᠨ ᠶᠡᠭᠡ ᠬᠤᠷᠠᠯ ᠤᠨ ᠭᠡᠷ᠃    3.ᠳᠠᠭᠠᠭᠠᠴᠢᠯᠠᠯᠲᠠ ᠵᠠᠷᠯᠠᠭᠴᠢ ᠲᠤᠰ ᠳᠠᠭᠠᠭᠠᠴᠢᠯᠠᠯᠲᠠ ᠵᠠᠷᠯᠠᠬᠤ ᠲᠥᠷᠥᠯ ᠵᠦᠢᠯ ᠤᠨ ᠪᠤᠶ ᠪᠦᠬᠦᠢ ᠳᠠᠭᠠᠭᠠᠴᠢᠯᠠᠯᠲᠠ ᠬᠦᠯᠢᠶᠡᠭᠴᠢ ᠶᠢᠨ ᠨᠠᠶᠢᠳᠠᠨ ᠣᠷᠣᠯᠠᠭᠴᠢ ᠶᠢ ᠤᠷᠢᠵᠤ ᠳᠠᠭᠠᠭᠠᠴᠢᠯᠠᠯᠲᠠ ᠵᠠᠷᠯᠠᠬᠤ ᠬᠤᠷᠠᠯ ᠳᠤ ᠣᠷᠣᠯᠴᠠᠭᠤᠯᠬᠤ ᠬᠡᠷᠡᠭᠲᠡᠶ᠃ ᠳᠠᠭᠠᠭᠠᠴᠢᠯᠠᠯᠲᠠ ᠨᠡᠶᠢᠲᠡᠯᠡᠬᠦ ᠬᠤᠷᠠᠯ ᠳᠤ ᠣᠷᠣᠯᠴᠠᠬᠤ ᠳᠤ᠂ ᠡᠯ᠎ᠡ ᠳᠠᠭᠠᠭᠠᠴᠢᠯᠠᠯᠲᠠ ᠬᠦᠯᠢᠶᠡᠭᠴᠢ  ᠶᠢᠨ ᠣᠷᠣᠯᠠᠭᠴᠢ ᠨᠢ ᠡᠷᠬᠡ ᠣᠯᠭᠤᠭᠰᠠᠨ ᠨᠠᠢᠳᠠᠯᠭ᠎ᠠ ᠶᠢᠨ ᠪᠢᠴᠢᠭ ᠪᠠ ᠪᠡᠶ᠎ᠡ ᠶᠢᠨ ᠦᠨᠡᠮᠯᠡᠯ ᠤᠨ ᠤᠭ ᠬᠡᠪ ᠢᠶᠠᠨ ᠡᠷᠬᠡᠪᠰᠢ ᠠᠪᠴᠤ ᠢᠷᠡᠭᠰᠡᠨ ᠪᠠᠶᠢᠬᠤ ᠬᠡᠷᠡᠭᠲᠡᠢ᠃    ᠨᠠᠢᠮᠠ᠂ ᠠᠯᠪᠠᠨ ᠵᠠᠷ ᠨᠡᠶᠢᠲᠡᠯᠡᠬᠦ ᠵᠠᠭᠤᠴᠢ ᠵᠢᠴᠢ ᠴᠠᠭ    1. ᠨᠡᠶᠢᠲᠡᠯᠡᠭᠰᠡᠨ ᠵᠠᠭᠤᠴᠢᠯᠠᠭᠤᠷ᠄ ᠥᠪᠥᠷ ᠮᠣᠩᠭᠤᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ᠄ https://www.nmgztb.com.cn/cn//zjttps://zjt.nmg.gov.cn/᠂ ᠥᠪᠥᠷ ᠮᠣᠩᠭᠤᠯ ᠤᠨ ᠪᠠᠷᠢᠯᠭ᠎ᠠ ᠶᠢᠨ ᠠᠵᠤ ᠦᠢᠯᠡᠰ ᠤᠨ ᠢᠨᠲ᠋ᠧᠷ ᠰᠦᠯᠵᠢᠶᠡᠨ ᠤ ᠲᠠᠪᠴᠠᠩ᠄ http://www.mengzhuwang.com //᠃    2. ᠨᠡᠶᠢᠲᠡᠯᠡᠬᠦ ᠴᠠᠭ᠄ 2024 ᠣᠨ ᠤ 6 ᠳ᠋ᠤᠭᠠᠷ ᠰᠠᠷ᠎ᠠ ᠶᠢᠨ 26 ᠤ ᠡᠳᠦᠷ ᠠᠴᠠ 2024 ᠣᠨ ᠤ 6 ᠳ᠋ᠤᠭᠠᠷ ᠰᠠᠷ᠎ᠠ ᠶᠢᠨ 30 ᠤ ᠡᠳᠦᠷ    ᠶᠢᠰᠦ᠂ ᠬᠠᠷᠢᠯᠴᠠᠬᠤ ᠠᠷᠭ᠎ᠠ ᠮᠠᠶ᠋ᠢᠭ    ᠳᠠᠭᠠᠭᠠᠴᠢᠯᠠᠯᠲᠠ ᠵᠠᠷᠯᠠᠭᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠴᠢᠩᠭᠢᠰ ᠬᠠᠭᠠᠨ ᠤ ᠵᠡᠭᠦᠨ ᠵᠡᠭᠡᠯᠢ ᠶᠢᠨ 15 ᠳ᠋ᠤᠭᠠᠷ ᠨᠣᠮᠧᠷᠲᠤ ᠪᠥᠲᠥᠭᠡᠨ ᠪᠠᠶᠢᠭᠤᠯᠤᠯᠲᠠ ᠶᠢᠨ ᠲᠣᠮᠣ ᠠᠰᠠᠷ ᠤᠨ A ᠰᠠᠭᠤᠷᠢ ᠶᠢᠨ 12 ᠳ᠋ᠤᠭᠠᠷ ᠠᠰᠠᠷ ᠤᠨ 1221 ᠥᠷᠥᠭᠡ    ᠬᠠᠷᠢᠯᠴᠠᠬᠤ ᠬᠥᠮᠥᠨ᠄ ᠶᠠᠩ ᠪᠥᠸᠧ᠂ ᠸᠠᠩ ᠵᠢᠶᠠ᠂ ᠴᠧᠨ ᠲᠢᠩ᠂ ᠵᠤᠤ ᠢ    ᠬᠠᠷᠢᠯᠴᠠᠬᠤ ᠤᠲᠠᠰᠤ᠄ 0471 – 6512637᠂ 6525479      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ        2024 ᠣᠨ ᠤ 6 ᠳ᠋ᠤᠭᠠᠷ ᠰᠠᠷ᠎ᠠ ᠶᠢᠨ 26 ᠤ ᠡᠳᠦᠷ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ