ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠵᠢᠨ‌‍ᠲ᠋ᠢᠩᠬᠢᠮ ᠤᠨ ᠠᠵᠢᠯ ᠳᠤ ᠭᠠᠷᠬᠤ ᠶᠢ ᠰᠢᠯᠭᠠᠨ ᠪᠠᠶᠢᠴᠠᠭᠠᠬᠤ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠦᠢᠯᠡᠳᠪᠦᠷᠢ ᠬᠤᠳᠠᠯᠳᠤᠭᠠᠨ ᠤ ᠨᠡᠷᠡᠰ ︵ᠨᠠᠢᠮᠠᠳᠤᠭᠠᠷ ᠪᠦᠯᠦᠭ︶ ᠢ ᠨᠡᠶᠢᠲᠡᠯᠡᠬᠦ ᠲᠣᠬᠠᠢ ᠠᠯᠪᠠᠨ ᠵᠠᠷ
ᠨᠡᠶᠢᠲᠡᠯᠡᠭᠰᠡᠨ ᠴᠠᠭ᠄
2024/7/3
        ﹇2024 ﹈79 ᠳ᠋ᠤᠭᠠᠷ ᠲᠣᠭᠠᠲᠤ     ᠪᠠᠷᠢᠯᠭ᠎ᠠ ᠶᠢᠨ ᠠᠵᠢᠯᠴᠢᠨ ᠤ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ᠂ ᠠᠵᠤ ᠠᠬᠤᠶᠢᠯᠠᠯ ᠤᠨ ᠭᠤᠶᠤᠴᠢᠯᠠᠯ ᠢ ᠦᠨᠳᠦᠰᠦᠯᠡᠨ᠂ ᠰᠢᠯᠭᠠᠯᠲᠠ ᠪᠠᠷ ᠳᠠᠮᠵᠢᠨ᠂ ᠡᠳᠦᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠠᠵᠢᠯ ᠡᠷᠭᠢᠯᠡᠭᠰᠡᠳ ᠤᠨ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ︵V2.0︶ ︵ᠳᠣᠷᠣᠭᠰᠢ ᠦᠨᠡᠨ ᠨᠡᠷ᠎ᠡ ᠶᠢᠨ ᠳᠦᠷᠢᠮ ᠤᠨ ᠲᠠᠪᠴᠠᠩ ᠭᠡᠵᠦ ᠲᠣᠪᠴᠢᠯᠠᠨ᠎ᠠ︶ ᠲᠠᠢ ᠵᠣᠯᠭᠠᠭᠤᠯᠤᠨ ᠬᠡᠮᠵᠢᠨ ᠰᠢᠯᠭᠠᠭᠠᠳ ᠠᠮᠵᠢᠯᠲᠠ ᠣᠯᠤᠭᠰᠠᠨ ᠠᠵᠢᠯ ᠳᠤ ᠭᠠᠷᠬᠤ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠦᠢᠯᠡᠳᠪᠦᠷᠢ ᠬᠤᠳᠠᠯᠳᠤᠭᠠᠴᠢᠨ ᠤ ᠨᠡᠷᠡᠰ ᠢ ᠨᠡᠶᠢᠲᠡᠯᠡᠶ᠎ᠡ ︵ᠪᠣᠳᠠᠲᠠᠶ ᠨᠡᠷᠡᠰ ᠢ ᠳᠠᠭᠠᠯᠳᠤᠭᠤᠯᠤᠯ ᠳᠤ ᠦᠵᠡ︶᠃    ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠲᠤᠰ ᠠᠯᠪᠠᠨ ᠵᠠᠷ ᠲᠤ ᠨᠡᠶᠢᠲᠡᠯᠡᠭᠰᠡᠨ ᠠᠵᠢᠯ ᠳᠤ ᠭᠠᠷᠤᠭᠰᠠᠨ ᠲᠡᠮᠳᠡᠭ ᠢᠶᠠᠨ ᠲᠡᠮᠳᠡᠭᠯᠡᠬᠦ ᠲᠥᠬᠦᠭᠡᠷᠦᠮᠵᠢ ᠦᠢᠯᠡᠳᠪᠦᠷᠢᠯᠡᠬᠦ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠮᠢᠶ᠎ᠠ ᠪᠦᠬᠦᠢ ᠬᠡᠯᠪᠡᠷᠢ ᠮᠠᠶ᠋ᠢᠭ ᠪᠦᠬᠦᠢ ᠠᠵᠢᠯ ᠳᠤ ᠭᠠᠷᠬᠤ ᠶᠢ ᠰᠢᠯᠭᠠᠬᠤ ᠲᠥᠬᠦᠭᠡᠷᠦᠮᠵᠢ ᠶᠢ ᠡᠵᠡᠨ ᠮᠡᠳᠡᠨ ᠬᠤᠳᠠᠯᠳᠤᠨ ᠠᠪᠴᠤ ᠬᠡᠷᠡᠭᠯᠡᠵᠦ ᠪᠣᠯᠤᠨ᠎ᠠ᠃    ᠮᠠᠨ ᠤ ᠲᠢᠩᠬᠢᠮ ᠨᠢ ᠠᠵᠢᠯ ᠳᠤ ᠭᠠᠷᠬᠤ ᠶᠢ ᠰᠢᠯᠭᠠᠬᠤ ᠲᠣᠨᠤᠭ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠦᠢᠯᠡᠳᠪᠦᠷᠢ ᠬᠤᠳᠠᠯᠳᠤᠭᠠᠴᠢᠨ ᠤ ᠭᠤᠶᠤᠴᠢᠯᠠᠯ ᠵᠢᠴᠢ ᠦᠨᠡᠨ ᠨᠡᠷ᠎ᠡ ᠶᠢᠨ ᠳᠦᠷᠢᠮ ᠤᠨ ᠲᠠᠪᠴᠠᠩ ᠤᠨ ᠰᠢᠯᠭᠠᠯᠲᠠ ᠶᠢᠨ ᠪᠠᠶᠢᠳᠠᠯ ᠢ ᠦᠨᠳᠦᠰᠦᠯᠡᠨ᠂ ᠠᠵᠢᠯ ᠳᠤ ᠭᠠᠷᠬᠤ ᠶᠢ ᠰᠢᠯᠭᠠᠬᠤ ᠲᠣᠨᠤᠭ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠦᠢᠯᠡᠳᠪᠦᠷᠢ ᠶᠢᠨ ᠨᠡᠷᠡᠰ ᠢ ᠴᠠᠭ ᠲᠤᠬᠠᠶ ᠳᠤ ᠨᠢ ᠨᠡᠶᠢᠲᠡᠯᠡᠨ᠎ᠡ᠃    ᠮᠠᠨ ᠤ ᠣᠷᠣᠨ ᠤ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠡᠷᠡᠭᠯᠡᠬᠦ ᠠᠵᠢᠯ ᠳᠤ ᠭᠠᠷᠬᠤ ᠶᠢ ᠰᠢᠯᠭᠠᠬᠤ ᠲᠥᠬᠦᠭᠡᠷᠦᠮᠵᠢ ᠶᠢ ᠡᠷᠬᠡᠪᠰᠢ ᠦᠨᠡᠨ ᠨᠡᠷ᠎ᠡ ᠶᠢᠨ ᠳᠦᠷᠢᠮ ᠤᠨ ᠲᠠᠪᠴᠠᠩ ᠳᠡᠭᠡᠷ᠎ᠡ V2.0 ᠦᠨᠡᠨ ᠪᠣᠳᠠᠲᠠᠶ᠂ ᠣᠨᠣᠪᠴᠢᠲᠠᠶ᠂ ᠪᠦᠷᠢᠨ ᠪᠦᠲᠦᠨ᠂ ᠴᠠᠭ ᠲᠤᠬᠠᠶ ᠳᠤᠨᠢ ᠳᠠᠮᠵᠢᠭᠤᠯᠤᠨ ᠲᠤᠭ᠎ᠠ ᠪᠠᠷᠢᠮᠲᠠ ᠳᠤ ᠣᠷᠣᠭᠤᠯᠬᠤ ᠬᠡᠷᠡᠭᠲᠡᠶ᠃    ᠤᠨᠴᠠᠭᠠᠶᠢᠯᠠᠨ ᠵᠠᠷᠯᠠᠨ ᠨᠡᠶᠢᠲᠡᠯᠡᠪᠡ      ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠠᠵᠢᠯ ᠡᠷᠭᠢᠯᠡᠭᠰᠡᠳ ᠤᠨ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ︵V2.0︶ ᠲᠠᠢ ᠵᠤᠯᠭᠠᠵᠤ ᠰᠢᠯᠭᠠᠯᠲᠠ ᠪᠠᠷ ᠠᠮᠵᠢᠯᠲᠠ ᠣᠯᠤᠭᠰᠠᠨ ᠠᠵᠢᠯ ᠳᠤ ᠭᠠᠷᠬᠤ ᠪᠡᠯᠡᠳᠬᠡᠯ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠦᠢᠯᠡᠳᠪᠦᠷᠢ ᠶᠢᠨ ᠨᠡᠷᠡᠰ ︵ᠨᠠᠢᠮᠠᠳᠤᠭᠠᠷ ᠪᠦᠯᠦᠭ︶     2024 ᠣᠨ ᠤ 6 ᠳ᠋ᠤᠭᠠᠷ ᠰᠠᠷ᠎ᠠ ᠶᠢᠨ 27 ᠤ ᠡᠳᠦᠷ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ