ᠥᠪᠡᠷᠲᠡᠭᠡᠨ ᠵᠠᠰᠠᠬᠤ ᠣᠷᠣᠨ ᠤ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠪᠥᠬᠦ ᠣᠷᠣᠨ ᠤ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢ ᠠᠬᠢᠭᠤᠯᠬᠤ ᠸᠢᠳᠢᠣ᠋ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/4
    6 ᠳ᠋ᠤᠭᠠᠷ ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠪᠥᠬᠦ ᠣᠷᠣᠨ ᠤ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢ ᠠᠬᠢᠭᠤᠯᠬᠤ ᠸᠢᠳᠢᠣ᠋ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠥᠬᠦ ᠤᠯᠤᠰ ᠤᠨ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠥᠬᠦ ᠣᠷᠣᠨ ᠤ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠢ ᠪᠠᠶᠢᠷᠢᠯᠠᠭᠤᠯᠤᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠶᠡᠷᠦᠩᠬᠡᠶ ᠢᠨᠵᠧᠨᠧᠷᠢᠭᠴᠢ ᠯᠢᠦ ᠸᠧᠨ ᠢᠦᠶ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
W020240702333715773957.jpg
    ᠬᠤᠷᠠᠯ ᠠᠴᠠ᠂ ᠮᠠᠨ ᠤ ᠣᠷᠣᠨ ᠨᠢᠭᠡᠨᠲᠡ 2024 ᠣᠨ ᠤ ᠦᠶᠡᠷ ᠤᠨ ᠬᠤᠭᠤᠴᠠᠭᠠᠨ ᠳᠤ ᠣᠷᠣᠵᠤ᠂ ᠦᠶᠡᠷ ᠢ ᠰᠡᠷᠭᠡᠶᠢᠯᠡᠬᠦ ᠪᠠᠶᠢᠳᠠᠯ ᠡᠳᠦᠷ ᠢᠷᠡᠬᠦᠶ᠎ᠡ ᠬᠡᠴᠡᠭᠦᠳᠡᠵᠦ ᠪᠠᠶᠢᠨ᠎ᠠ᠂ ᠡᠯ᠎ᠡ ᠭᠠᠵᠠᠷ ᠤᠨ ᠬᠢᠨ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢᠨ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠦᠶᠡᠷ ᠤᠨ ᠬᠤᠭᠤᠴᠠᠭᠠᠨ ᠤ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠵᠥᠪᠳᠡᠯᠴᠡᠨ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠲᠣᠰ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ ᠦᠶᠡᠷ ᠤᠨ ᠬᠤᠭᠤᠴᠠᠭᠠᠨ ᠤ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠦᠭᠰᠢᠭᠦᠷᠢ ᠶᠢ ᠭᠦᠨᠵᠡᠭᠡᠶ ᠵᠠᠳᠠᠯᠵᠤ᠂ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠪᠠ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠪᠡᠯᠡᠳᠬᠡᠯ ᠲᠥᠰᠦᠯ ᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠵᠦ᠂ ᠤᠷᠢᠳᠠᠯ ᠬᠦᠴᠦᠨ ᠪᠠ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠂ ᠵᠢᠵᠢᠭᠦᠷᠯᠡᠨ ᠰᠠᠬᠢᠬᠤ ᠶᠢ ᠦᠨᠡᠨ ᠬᠦ ᠴᠢᠩᠭᠠᠳᠬᠠᠬᠤ ᠬᠡᠷᠡᠭᠲᠡᠢ ᠭᠡᠵᠤ ᠴᠢᠬᠤᠯᠠᠴᠢᠯᠠᠪᠠ᠃    ᠬᠤᠷᠠᠯ ᠠᠴᠠ᠂ ᠠᠵᠢᠯ ᠤᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠠᠲᠤᠳᠬᠠᠵᠤ᠂ ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠢ ᠵᠢᠯᠤᠭᠤᠳᠤᠨ ᠰᠢᠮᠳᠠᠭᠤᠯᠵᠤ ᠪᠠᠶᠢᠭᠠᠳ ᠲᠠᠷᠠᠭᠠᠴᠢ ᠶᠢᠨ ᠱᠠᠲᠤᠨ ᠤ ᠡᠵᠡᠩᠨᠡᠯᠲᠡ ᠶᠢᠨ ᠪᠤᠰᠤ ᠴᠢᠨᠠᠷᠲᠠᠶ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠢ ᠴᠡᠭᠴᠡᠯᠡᠨ ᠵᠠᠰᠠᠬᠤ ᠠᠵᠢᠯ ᠪᠠ ᠡᠵᠡᠩᠨᠡᠯᠲᠡ ᠶᠢᠨ ᠴᠢᠨᠠᠷᠲᠠᠶ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠢᠨᠵᠧᠨᠧᠷᠢᠩ ᠤᠨ ᠴᠡᠭᠴᠡᠯᠡᠨ ᠵᠠᠰᠠᠭᠰᠠᠨ ︽ᠡᠷᠬᠢᠨ ᠬᠠᠷᠠᠬᠤ︾ ᠠᠵᠢᠯ ᠢ ᠰᠠᠶᠢᠲᠤᠷ ᠥᠷᠨᠢᠭᠦᠯᠬᠦ ᠬᠡᠷᠡᠭᠲᠡᠶ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠵᠢᠴᠢ ᠭᠤᠷᠪᠠᠳᠠᠬᠢ ᠡᠲᠡᠭᠡᠳ ᠤᠨ ᠲᠤᠬᠠᠶ ᠶᠢᠨ ᠲᠠᠯᠠᠪᠤᠷ ᠲᠤ ᠢᠯᠡᠷᠡᠭᠦᠯᠦᠭᠰᠡᠨ ᠠᠰᠠᠭᠤᠳᠠᠯ ᠲᠠᠢ ᠬᠠᠷᠢᠴᠠᠭᠤᠯᠤᠨ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠣᠷᠬᠢᠭᠳᠠᠭᠰᠠᠨ ᠢ ᠪᠠᠶᠢᠴᠠᠭᠠᠵᠤ ᠳᠤᠲᠠᠭᠤ ᠶᠢ ᠨᠥᠬᠦᠪᠥᠷᠢᠯᠡᠵᠦ᠂ ᠳ᠋ᠤᠭᠠᠷ ᠬᠠᠰᠤᠬᠤ  ᠶᠢ ᠴᠢᠩᠭ᠎ᠠ ᠪᠠᠷ ᠬᠢᠨᠠᠨ  ᠬᠠᠷᠭᠤᠭᠤᠯᠵᠤ᠂ ᠴᠡᠭᠴᠡᠯᠡᠨ ᠵᠠᠰᠠᠵᠤ ᠳᠠᠬᠢᠨ ᠬᠢᠨᠠᠬᠤ ᠶᠢ ᠴᠢᠩᠭ᠎ᠠ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠤ ᠱᠠᠭᠠᠷᠳᠠᠪᠠ᠃    ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠤᠯᠪᠣᠭᠳᠠᠯ ᠪᠥᠬᠦᠶ ᠭᠠᠵᠠᠷ ᠲᠠᠰᠤᠭ ᠤᠨ ᠬᠠᠷᠢᠭᠤᠴᠠᠯᠭᠠᠲᠠᠨ ᠨᠥᠬᠦᠳ ᠭᠤᠤᠯ ᠲᠠᠯᠠᠪᠠᠶ  ᠳᠤ ᠬᠤᠷᠠᠯ ᠳᠤ ᠣᠷᠣᠯᠴᠠᠵᠤ᠂ ᠡᠯ᠎ᠡ ᠠᠶᠢᠮᠠᠭ ᠬᠤᠲᠠ ᠶᠢᠨ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠬᠠᠷᠢᠭᠤᠴᠠᠯᠭᠠᠲᠠᠨ ᠨᠥᠬᠦᠳ ᠵᠢᠴᠢ ᠠᠵᠢᠯᠲᠠᠳ ᠬᠤᠪᠢᠶᠠᠷᠢ ᠲᠠᠯᠠᠪᠠᠶ ᠳᠤ ᠬᠤᠷᠠᠯ ᠳᠤ ᠣᠷᠣᠯᠴᠠᠵᠠᠶ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ‍ᠤ᠊