ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/4
    7 ᠳ᠋ᠤᠭᠠᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠵᠢᠴᠢ ᠲᠥᠪ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠶ ᠹᠧᠩ ᠬᠤᠷᠠᠯ ᠢ ᠡᠷᠭᠢᠯᠡᠪᠡ᠃
W020240702331963327534.jpg
    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ︽ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ︾ ᠭᠡᠬᠦ ᠴᠢᠬᠤᠯᠠ ᠵᠤᠬᠢᠶᠠᠯ ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠬᠠᠷᠠᠯᠲᠠ ᠪᠣᠯᠤᠨ ︽ᠵᠢᠷᠭᠤᠭ᠎ᠠ ᠶᠢ ᠪᠠᠷᠢᠮᠲᠠᠯᠠᠬᠤ︾ ᠵᠠᠷᠴᠢᠮ ᠢ ᠤᠯᠠᠮ ᠨᠢᠭᠡ ᠠᠯᠬᠤᠮ ᠭᠦᠨᠵᠡᠭᠡᠢ ᠡᠵᠡᠮᠳᠡᠵᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠡᠷᠬᠢᠮ ᠨᠠᠨᠳᠢᠨ ᠲᠤᠷᠰᠢᠯᠭ᠎ᠠ ᠶᠢ ᠡᠵᠡᠮᠰᠢᠨ ᠬᠡᠷᠡᠭᠯᠡᠵᠦ᠂ ᠥᠭᠡᠷᠡᠴᠢᠯᠡᠯᠲᠡ ᠶᠢᠨ ᠰᠡᠳᠬᠢᠴᠡ ᠪᠣᠯᠤᠨ ᠠᠷᠭ᠎ᠠ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ ᠤᠬᠠᠮᠰᠠᠷ ᠠᠴᠠ ᠪᠠᠨ ᠥᠭᠡᠷᠡᠴᠢᠯᠡᠯᠲᠡ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠶᠡᠭᠡ ᠲᠠᠯ᠎ᠠ ᠳᠤ ᠰᠠᠭᠤᠷᠢᠯᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠤᠷᠢᠭ᠎ᠠ ᠴᠡᠭ᠂ ᠬᠥᠭᠵᠢᠯᠲᠡ ᠶᠢᠨ ᠣᠷᠴᠢᠨ ᠲᠣᠭᠤᠷᠢᠨ ᠪᠠ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠦᠴᠢᠷ ᠠᠰᠠᠭᠤᠳᠠᠯ ᠪᠠ ᠲᠦᠪᠡᠭᠲᠡᠶ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠦᠨᠵᠡᠭᠡᠶ ᠰᠦᠪᠡᠭᠴᠢᠯᠡᠨ ᠪᠣᠳᠠᠲᠠᠶᠢᠵᠢᠭᠤᠯᠵᠤ᠂ ᠪᠠᠶᠢᠭᠤᠯᠤᠯ ᠲᠣᠭᠲᠠᠴᠠ ᠶᠢᠨ ᠬᠡᠮ ᠰᠣᠭᠤᠭ ᠢ ᠠᠷᠢᠯᠭᠠᠵᠤ᠂ ᠨᠡᠶᠢᠲᠡᠯᠡᠭᠰᠡᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠬᠡᠷᠡᠭᠴᠡᠭᠡ ᠲᠠᠢ ᠪᠠᠶᠢᠬᠤ᠂ ᠦᠢᠯᠡᠳᠦᠯ ᠲᠠᠢ ᠪᠠᠶᠢᠬᠤ ᠂ ᠬᠡᠷᠡᠭᠯᠡᠬᠦ ᠳᠤ ᠰᠠᠶᠢᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠰᠡᠳᠬᠢᠬᠦᠢ ᠶᠢ ᠪᠠᠲᠤ ᠪᠠᠬᠢ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠵᠦ᠂ ᠪᠦᠲᠦᠭᠡᠯᠴᠢ ᠴᠢᠨᠠᠷᠲᠠᠢ  ᠳᠠᠭᠠᠭᠤᠯᠬᠤ ᠴᠢᠨᠠᠷᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠦᠪᠡᠭᠴᠢᠯᠡᠨ ᠬᠡᠷᠡᠭᠵᠢᠭᠦᠯᠵᠦ᠂ ᠥᠭᠡᠷᠡᠴᠢᠯᠡᠯᠲᠡ ᠶᠢᠨ ᠠᠷᠭ᠎ᠠ ᠪᠠᠷ ᠰᠢᠨ᠎ᠡ ᠪᠠᠶᠢᠳᠠᠯ ᠢ ᠡᠭᠦᠳᠬᠦ ᠬᠡᠷᠡᠭᠲᠡᠢ᠃ ᠰᠡᠳᠬᠢᠬᠦᠶ  ᠪᠠᠨ ᠦᠭᠡᠷᠡᠴᠢᠯᠡᠵᠦ ᠬᠠᠭᠤᠴᠢᠨ ᠦᠵᠡᠯᠲᠡ ᠪᠠᠨ ᠲᠠᠶᠠᠭᠳᠠᠵᠤ᠂ ᠬᠥᠲᠥᠯᠥᠨ ᠵᠢᠯᠣᠭᠤᠳᠬᠤ ᠪᠠᠨ ᠴᠢᠩᠭᠠᠳᠬᠠᠬᠤ ᠮᠥᠷᠲᠡᠭᠡᠨ ᠪᠣᠯᠭᠤᠮᠵᠢᠲᠠᠶ ᠪᠠᠭᠲᠠᠭᠠᠮᠵᠢᠲᠠᠶ ᠪᠠᠶᠢᠵᠤ᠂ ᠬᠠᠮᠢᠶᠠᠷᠤᠯᠲᠠ ᠶᠢᠨ ᠠᠷᠭ᠎ᠠ ᠬᠡᠯᠪᠡᠷᠢ᠂ ᠵᠠᠰᠠᠬᠤ ᠠᠷᠭ᠎ᠠ ᠪᠠᠷᠢᠯ᠂ ᠪᠠᠯᠠ ᠣᠷᠣᠭᠤᠯᠵᠤ ᠪᠠᠯᠠ ᠲᠣᠬᠢᠷᠠᠭᠤᠯᠬᠤ ᠵᠠᠭᠪᠤᠷ ᠵᠡᠷᠭᠡ ᠠᠷᠭ᠎ᠠ ᠬᠡᠮᠵᠢᠶ᠎ᠡ ᠶᠢ ᠴᠢᠷᠮᠠᠶᠢᠨ ᠰᠢᠨᠡᠴᠢᠯᠡᠵᠦ᠂ ᠰᠢᠨ᠎ᠡ ᠬᠥᠳᠡᠯᠭᠡᠬᠦ ᠡᠨᠧᠷᠭᠢ ᠶᠢ ᠲᠦᠷᠭᠡᠳᠬᠡᠨ ᠪᠤᠵᠠᠭᠠᠶᠢᠷᠠᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠥᠭᠡᠷᠡᠴᠢᠯᠡᠯᠲᠡ ᠶᠢᠨ ᠬᠠᠷᠠᠯᠲᠠ ᠡᠭᠦᠷᠭᠡ ᠶᠢ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠤ ᠢᠮᠠᠭᠲᠠ ᠲᠤᠭᠤᠰᠢᠳᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠲᠠᠪᠤᠨ ᠰᠢᠰᠲ᠋ᠧᠮ︾ ᠤᠨ ᠱᠠᠭᠠᠷᠳᠠᠯᠭ᠎ᠠ ᠪᠣᠯᠤᠨ ︽ᠲᠦᠷᠪᠡᠨ ᠪᠦᠬᠦ ᠲᠠᠯ᠎ᠠ︾ ᠶᠢᠨ ᠦᠢᠯᠡᠳᠦᠯᠭᠡ ᠶᠢᠨ ᠠᠷᠭ᠎ᠠ ᠵᠠᠮ ᠢ ᠣᠨᠣᠪᠴᠢᠲᠠᠢ ᠡᠵᠡᠮᠳᠡᠵᠦ᠂ ︽ᠰᠢᠯᠭᠠᠯᠲᠠ ᠳᠤ ᠣᠷᠣᠯᠴᠠᠬᠤ︾ ᠦᠶ᠎ᠡ ᠶᠢᠨ ᠰᠡᠷᠭᠡᠭ ᠪᠥᠭᠡᠳ ᠡᠷᠡᠰ ᠪᠠᠲᠤ ᠪᠠᠶᠢᠬᠤ ᠶᠢ ᠡᠭᠦᠷᠢᠳᠡ ᠪᠠᠲᠤᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠲᠡᠭᠦᠯᠳᠡᠷᠵᠢᠭᠦᠯᠬᠦ ᠪᠠᠷ ᠪᠦᠲᠦᠮᠵᠢᠲᠡᠢ ᠠᠷᠭ᠎ᠠ ᠵᠠᠮ ᠪᠣᠯᠭᠠᠵᠤ᠂ ᠪᠦᠬᠦ ᠲᠠᠯ᠎ᠠ ᠶᠢᠨ ᠱᠠᠭᠠᠷᠳᠠᠯᠭ᠎ᠠ᠂ ᠴᠢᠩᠭ᠎ᠠ ᠬᠦᠭ ᠠᠶᠠᠰ᠂ ᠵᠠᠰᠠᠯᠲᠠ ᠶᠢᠨ ᠣᠶᠢᠯᠠᠭᠠᠭᠳᠠᠬᠤᠨ ᠢ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠤᠨ ᠪᠦᠬᠦ ᠶᠠᠪᠤᠴᠠ ᠶᠢᠨ ᠡᠯ᠎ᠡ ᠲᠠᠯ᠎ᠠ ᠳᠤ ᠨᠠᠶᠢᠳᠠᠪᠤᠷᠢᠵᠢᠭᠤᠯᠵᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠢᠮᠠᠭᠲᠠ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠲᠠᠰᠤᠷᠠᠯᠲᠠ ᠦᠭᠡᠢ ᠤᠷᠤᠭᠰᠢᠯᠠᠭᠤᠯᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ᠂ ᠪᠠᠲᠤ ᠴᠢᠩᠭ᠎ᠠ ᠤᠯᠤᠰ ᠲᠦᠷᠦ ᠶᠢᠨ ᠪᠠᠶᠢᠭᠤᠯᠭ᠎ᠠ ᠶᠢ ᠪᠠᠶᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠦᠷᠦ ᠶᠢᠨ ᠶᠣᠰᠣ ᠲᠦᠷᠢᠮ ᠢ ᠴᠢᠩᠳᠠᠯᠠᠬᠤ ᠶᠢ ᠲᠤᠪᠤᠶᠢᠮ᠎ᠠ ᠴᠢᠬᠤᠯᠠ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠢᠶᠠᠨ ᠱᠤᠭᠤᠬᠤ᠂ ᠲᠠᠷᠢᠬᠢ ᠲᠣᠯᠣᠭᠠᠢ ᠪᠠᠨ ᠵᠡᠪᠰᠡᠭᠯᠡᠬᠦ ᠶᠢ ᠢᠮᠠᠭᠳᠠ ᠪᠠᠷᠢᠮᠲᠠᠯᠠᠵᠤ᠂ ᠬᠦᠰᠡᠯᠡᠩ ᠢᠲᠡᠭᠡᠯ ᠪᠢᠰᠢᠷᠡᠯ᠂ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠵᠡᠷᠭᠡ ᠬᠥᠮᠦᠵᠢᠯ ᠪᠣᠯᠪᠠᠰᠤᠷᠠᠯ ᠢ ᠰᠢᠰᠲ᠋ᠧᠮ ᠲᠠᠢ ᠥᠷᠨᠢᠭᠦᠯᠵᠦ᠂ ᠠᠯᠢᠪᠠ ᠪᠦᠬᠦᠨ ᠳᠤ ᠤᠯᠤᠰ ᠲᠦᠷᠦ ᠶᠢᠨ ᠲᠠᠯ᠎ᠠ ᠠᠴᠠ ᠪᠣᠳᠣᠯᠬᠢᠯᠠᠵᠤ᠂ ᠶᠡᠭᠡ ᠲᠠᠯ᠎ᠠ ᠶᠢ ᠪᠤᠳᠤᠯᠬᠢᠯᠠᠨ ᠠᠵᠢᠯᠯᠠᠬᠤ ᠶᠢ ᠪᠡᠶᠡᠯᠡᠭᠦᠯᠬᠦ ᠬᠡᠷᠡᠭᠲᠡᠢ᠃ ᠪᠠᠲᠤ ᠴᠢᠩᠭ᠎ᠠ ᠲᠠᠶᠢᠴᠢᠨ ᠪᠠᠬᠢᠯᠡᠯᠲᠡ ᠶᠢ ᠪᠠᠶᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠳᠡᠭᠡᠳᠦ ᠲᠤᠤᠷᠠᠳᠤ ᠱᠠᠳᠤ ᠪᠠᠷ ᠢᠶᠠᠨ ᠨᠡᠪᠲᠡᠷᠡᠯᠴᠡᠭᠰᠡᠨ᠂ ᠬᠡᠷᠡᠭᠵᠢᠭᠦᠯᠦᠯᠲᠡ ᠨᠢ ᠬᠦᠴᠦᠲᠡᠢ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠬᠦ ᠲᠠᠯ᠎ᠠ ᠪᠠᠷ ᠲᠠᠪᠰᠢᠬᠤ᠂ ᠪᠦᠬᠦ ᠲᠠᠯ᠎ᠠ ᠪᠠᠷ ᠴᠠᠭᠠᠷᠠᠬᠤ ᠶᠢ ᠠᠬᠢᠭᠤᠯᠵᠤ᠂ ᠵᠣᠬᠢᠶᠠᠨ ᠪᠠᠶᠢᠭᠤᠯᠬᠤ ᠬᠦᠴᠦᠨ᠂ ᠵᠣᠬᠢᠶᠠᠨ ᠪᠠᠶᠢᠭᠤᠯᠬᠤ ᠳᠠᠪᠠᠭᠤᠯᠢᠭ ᠢ ᠲᠠᠰᠤᠷᠠᠯᠲᠠ ᠦᠭᠡᠢ ᠬᠥᠭᠵᠢᠯᠲᠡ ᠶᠢᠨ ᠬᠥᠳᠡᠯᠭᠡᠬᠦ ᠬᠦᠴᠦᠨ᠂ ᠬᠥᠭᠵᠢᠯᠲᠡ ᠶᠢᠨ ᠳᠠᠪᠠᠭᠤᠯᠢᠭ ᠲᠠᠯ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠰᠤᠷᠲᠠᠯ ᠢᠯᠵᠠᠷᠡᠯ ᠢ ᠬᠠᠮᠲᠤ ᠪᠠᠷ ᠪᠠᠶᠢᠴᠠᠭᠠᠵᠤ ᠂ ᠵᠡᠷᠭᠡ ᠪᠠᠷ ᠵᠠᠰᠠᠬᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠨᠢᠭᠡ ᠴᠤᠬᠴᠠᠵᠢᠭᠤᠯᠤᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠰᠠᠶᠢᠳᠤᠷ ᠪᠤᠢ ᠪᠣᠯᠭᠠᠬᠤ ᠬᠡᠷᠡᠭᠲᠡᠢ᠃ ᠲᠥᠪ ᠴᠢᠩᠭ᠎ᠠ ᠰᠠᠬᠢᠯᠭ᠎ᠠ ᠪᠠᠲᠤ ᠪᠠ ᠶᠣᠰᠣ ᠲᠦᠷᠢᠮ ᠤᠨ ᠪᠠᠳᠤᠯᠠᠭ᠎ᠠ ᠪᠠᠷ ᠣᠨ ᠤ ᠡᠯ᠎ᠡ ᠵᠦᠢᠯ ᠤᠨ ᠡᠭᠦᠷᠭᠡ ᠢᠶᠠᠨ ᠨᠠᠶᠢᠳᠠᠪᠦᠷᠢᠵᠢᠭᠤᠯᠵᠦ᠂ ᠣᠨ ᠤ ᠬᠠᠷᠠᠯᠲᠠ ᠲᠠᠢ ᠬᠠᠷᠢᠴᠠᠭᠤᠯᠤᠨ ᠳᠡᠭᠡᠷ᠎ᠡ ᠬᠠᠭᠠᠰ ᠵᠢᠯ ᠤᠨ ᠠᠵᠢᠯ ᠢ ᠨᠠᠷᠢᠨ ᠬᠢᠨᠠᠮᠠᠭᠠᠢ ᠪᠦᠷᠢᠳᠬᠡᠵᠦ᠂ ᠴᠠᠭ ᠮᠥᠴᠡ ᠶᠢ ᠠᠯᠳᠠᠯ ᠦᠭᠡᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠵᠦ ᠪᠣᠳᠠᠲᠠᠢ ᠠᠵᠢᠯᠯᠠᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠨᠠᠮ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠢ ᠵᠡᠷᠭᠡᠪᠡᠷ ᠲᠥᠯᠥᠪᠵᠢᠭᠦᠯᠵᠦ᠂ ᠵᠡᠷᠭᠡᠪᠡᠷ ᠪᠠᠶᠢᠷᠢᠯᠠᠭᠤᠯᠵᠤ᠂ ᠵᠡᠷᠭᠡᠪᠡᠷ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠴᠢᠩᠭ᠎ᠠ ᠬᠢᠨᠠᠨ ᠬᠠᠮᠢᠶᠠᠷᠬᠤ ᠪᠠ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠶᠢ ᠵᠤᠷᠢᠭᠵᠢᠭᠤᠯᠤᠨ᠂ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠂ ᠬᠠᠷᠢᠭᠤᠴᠠᠯᠭ᠎ᠠ ᠪᠠᠨ ᠲᠤᠳᠤᠳᠬᠠᠵᠤ ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠨᠡᠨ ᠰᠡᠳᠬᠢᠯᠭᠡ ᠪᠣᠯᠤᠨ ᠤᠬᠠᠮᠰᠠᠷᠲᠤ ᠴᠢᠨᠠᠷ ᠢ ᠪᠡᠶᠡᠯᠡᠭᠦᠯᠵᠦ᠂ ᠤᠯᠤᠰ ᠢᠶᠠᠨ ᠬᠦᠴᠦᠷᠬᠡᠭᠵᠢᠭᠦᠯᠬᠦ ᠲᠠᠮᠡᠴᠢᠯᠳᠡ ᠶᠢᠨ ᠬᠠᠷᠠᠯᠲᠠ ᠪᠠᠨ ᠪᠡᠶᠡᠯᠡᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠵᠦ᠂ ᠰᠢᠨ᠎ᠡ ᠶᠢ ᠡᠭᠦᠳᠴᠦ ᠠᠮᠵᠢᠯᠲᠠ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ ᠭᠡᠵᠤ ᠱᠠᠭᠠᠷᠳᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠵᠧᠵᠢᠶᠠᠩ ᠮᠤᠵᠢ ᠶᠢᠨ ᠯᠢ ᠱᠦᠢ ᠬᠤᠳᠠ ᠶᠢᠨ ᠵᠢᠩ ᠨᠢᠩ ᠱᠧ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠳᠤ ᠥᠭᠭᠦᠭᠰᠡᠨ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ︽ᠲᠠᠪᠤᠨ ᠶᠡᠭᠡ ᠠᠵᠢᠯᠯᠠᠭ᠎ᠠ︾ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠦᠨᠳᠦᠰᠦᠲᠡᠨ ᠤ ᠣᠷᠣᠨ ᠤ ᠴᠢᠨᠠᠷ ᠰᠠᠶᠢᠲᠠᠢ ᠬᠥᠭᠵᠢᠯᠲᠡ ᠪᠣᠯᠤᠨ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠲᠠᠯ᠎ᠠ ᠪᠠᠷ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠠᠷᠠᠳ ᠤᠨ ᠦᠨᠳᠦᠰᠦᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠦᠰ ᠤᠨ ᠰᠡᠳᠬᠢᠯ ᠢ ᠨᠢᠭᠲᠠᠷᠠᠭᠤᠯᠬᠤ ᠶᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠵᠣᠷᠢᠯᠲᠠ ᠪᠠ ᠲᠤᠰᠤᠯᠲᠠ ᠪᠣᠯᠭᠠᠵᠤ᠂ ᠲᠤᠯᠠᠭᠠᠯᠭ᠎ᠠ ᠶᠢᠨ ᠢᠨᠵᠧᠨᠧᠷᠢᠩ᠂  ᠪᠠᠳᠤᠯᠠᠭᠠᠳᠤ ᠲᠤᠰᠢᠶᠠᠬᠤ ᠣᠷᠣᠨ ᠰᠠᠭᠤᠴᠠ᠂ ᠣᠷᠣᠨ ᠰᠠᠭᠤᠴᠠ ᠶᠢᠨ ᠪᠠᠲᠤᠯᠠᠭ᠎ᠠ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠵᠡᠷᠭᠡ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ ᠤᠨ ᠬᠥᠷᠥᠰᠥ ᠰᠢᠷᠣᠢ ᠶᠢ ᠵᠤᠵᠠᠭᠠᠳᠬᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠬᠦ ᠬᠡᠷᠡᠭᠲᠡᠢ᠃ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ᠂ ᠠᠮᠢᠳᠤᠷᠠᠯ ᠤᠨ ᠬᠤᠭ ᠨᠣᠪᠰᠢ ᠶᠢ ᠵᠠᠰᠠᠬᠤ ᠵᠢᠴᠢ ᠪᠠᠶᠢᠭᠤᠯᠤᠯᠳᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠡᠭᠦᠷᠭᠡ ᠶᠢ ᠰᠠᠶᠢᠲᠤᠷ ᠠᠳᠬᠤᠵᠤ᠂ ᠰᠠᠭᠤᠷᠢ ᠲᠥᠬᠦᠭᠡᠷᠦᠮᠵᠢ ᠶᠢᠨ ᠪᠦᠷᠢᠨᠰᠢᠭᠦᠯᠦᠭᠰᠡᠨ ᠬᠡᠮᠵᠢᠶ᠎ᠡ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠮ ᠲᠦᠳᠡ ᠶᠢᠨ ᠬᠡᠮᠵᠢᠶ᠎ᠡ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠲᠠᠭᠠᠯᠠᠮᠵᠢ ᠶᠢᠨ ᠬᠡᠮᠵᠢᠶ᠎ᠡ ᠶᠢ ᠲᠡᠭᠡᠭᠰᠢᠯᠡᠭᠦᠯᠵᠦ᠂ ᠬᠤᠳᠠ ᠬᠥᠳᠡᠭᠡ ᠶᠢᠨ ᠠᠮᠢᠳᠤᠷᠠᠯ ᠤᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠦᠨ᠎ᠡ᠃ ᠰᠠᠭᠤᠭᠠᠯᠢ ᠠᠷᠠᠳ ᠤᠨ ᠲᠣᠭᠤᠷᠢᠭ ᠪᠠ ᠠᠳᠠᠯ ᠠᠬᠤᠶ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠠᠭᠤᠭᠠᠯᠢ ᠠᠷᠠᠳ ᠤᠨ ᠲᠣᠭᠤᠷᠢᠭ ᠤᠨ ᠡᠶᠡᠳᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠳᠠᠯ ᠠᠬᠤᠶ ᠶᠢᠨ ᠬᠠᠮᠢᠶᠠᠷᠤᠯᠲᠠ ᠶᠢᠨ ᠵᠢᠭᠤᠷᠠᠯᠳᠤᠭᠠᠨ ᠤ ᠠᠰᠠᠭᠤᠳᠠᠯ ᠢ ᠪᠦᠲᠦᠮᠵᠢᠲᠡᠶ ᠠᠷᠢᠯᠭᠠᠵᠤ᠂ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠲᠤᠳᠠᠭᠳᠠᠯ ᠢ ᠨᠥᠬᠦᠪᠥᠷᠢᠯᠡᠬᠦ ᠠᠵᠢᠯᠯᠠᠭ᠎ᠠ ᠶᠢ ᠨᠠᠷᠢᠯᠢᠭ ᠤᠨᠤᠪᠴᠢᠳᠠᠢ ᠪᠠᠷ ᠳᠥᠯᠭᠢᠨ ᠠᠬᠢᠭᠤᠯᠵᠤ᠂ ︽ᠨᠠᠰᠤᠲᠠᠶᠢᠴᠤᠳ ᠪᠠ ᠨᠢᠯᠬᠠᠰ︾ ᠤᠨ ᠦᠢᠯᠡᠴᠢᠯᠡᠭᠡᠨ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠳᠣᠭᠢᠷᠠᠭᠤᠯᠤᠨ᠂ ᠬᠠᠷᠢᠯᠴᠠᠨ ᠠᠭᠤᠰᠤᠯᠴᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠮᠵᠢ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠠᠶᠢᠭᠤᠯᠬᠤ ᠶᠢ ᠳᠥᠯᠭᠢᠨ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠤᠨ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠲᠡᠶ ᠭᠡᠵᠤ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠬᠡᠷ