ᠬᠥᠬᠡᠬᠤᠲᠠ ᠶᠢᠨ ᠪᠠᠶᠠᠨᠨᠠᠭᠤᠷ ᠬᠤᠶᠢᠲᠤ ᠵᠠᠮ ᠤᠨ ᠨᠡᠶᠢᠭᠡᠮ ᠲᠣᠭᠤᠷᠢᠭ᠄ ᠣᠯᠠᠨ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ ᠣᠯᠠᠨ ᠲᠠᠯᠠᠪᠤᠷ ᠦᠵᠡᠮᠵᠢ ᠠᠭᠤᠰᠤᠯᠴᠠᠭᠰᠠᠨ ᠴᠢᠨᠠᠷ ᠰᠠᠶᠢᠲᠠᠶ ᠠᠮᠢᠳᠤᠷᠠᠯ ᠤᠨ ᠬᠦᠷᠢᠶ᠎ᠡ ᠶᠢ ᠴᠣᠭᠴᠠᠯᠠᠪᠠ
ᠨᠡᠶᠢᠲᠡᠯᠡᠭᠰᠡᠨ ᠴᠠᠭ᠄
2024/7/9
    ᠪᠠᠶᠠᠨᠨᠠᠭᠤᠷ ᠬᠤᠶᠢᠲᠤ ᠵᠠᠮ ᠤᠨ ᠨᠡᠶᠢᠭᠡᠮ ᠲᠣᠭᠤᠷᠢᠭ ︵ᠳᠣᠷᠣᠭᠰᠢ ︽ᠨᠡᠶᠢᠭᠡᠮ ᠲᠣᠭᠤᠷᠢᠭ︾ ᠭᠡᠵᠦ ᠲᠣᠪᠴᠢᠯᠠᠨ᠎ᠠ︶ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠳᠤ ᠪᠠᠶᠢᠷᠢᠯᠠᠵᠤ᠂ ᠨᠡᠶᠢᠲᠡ 14 ᠰᠠᠭᠤᠭᠠᠯᠢ ᠠᠷᠠᠳ ᠤᠨ ᠲᠣᠭᠤᠷᠢᠭ᠂ 45 ᠰᠠᠭᠤᠷᠢ ᠠᠰᠠᠷ ᠢ ᠪᠠᠭᠲᠠᠭᠠᠨ᠎ᠠ᠃    ᠰᠠᠭᠤᠭᠠᠯᠢ ᠠᠷᠠᠳ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ ᠨᠠᠩ ᠰᠠᠶᠢᠲᠤᠷ ᠬᠠᠩᠭᠠᠬᠤ ᠶᠢᠨ ᠲᠥᠯᠥᠭᠡ᠂ ᠨᠡᠶᠢᠭᠡᠮ ᠲᠣᠭᠤᠷᠢᠭ ᠤᠨ ᠬᠢᠨ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠣᠯᠠᠨ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ ᠰᠠᠭᠤᠭᠠᠯᠢ ᠠᠷᠠᠳ ᠤᠨ ᠪᠠᠴᠢᠮ ᠪᠡᠷᠬᠡ ᠵᠣᠪᠠᠨᠢᠯ ᠬᠦᠰᠡᠯ ᠠᠰᠠᠭᠤᠳᠠᠯ ᠢ ᠰᠢᠢᠳᠪᠦᠷᠢᠯᠡᠵᠦ᠂ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠪᠡ︔ ︽ᠨᠠᠰᠤᠲᠠᠨ ᠪᠠ ᠨᠢᠯᠬᠠᠰ︾ ᠤᠨ ᠬᠠᠮᠲᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠣᠲᠣ ᠶᠢᠨ ᠪᠠᠶᠢᠭ᠎ᠠ ᠡᠬᠢ ᠪᠠᠶᠠᠯᠢᠭ ᠢᠶᠠᠨ ᠭᠦᠢᠴᠡᠳ ᠠᠰᠢᠭᠯᠠᠨ᠂ ᠨᠡᠶᠢᠭᠡᠮ ᠲᠣᠭᠤᠷᠢᠭ ᠤᠨ ᠣᠨᠴᠠᠯᠢᠭ ᠲᠠᠢ ᠤᠶᠠᠯᠳᠤᠭᠤᠯᠤᠨ᠂ ᠨᠡᠶᠢᠭᠡᠮ ᠲᠣᠭᠤᠷᠢᠭ ᠤᠨ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠤᠳᠠᠭᠳᠠᠯ ᠢ ᠨᠥᠬᠦᠪᠥᠷᠢᠯᠡᠵᠦ᠂ ᠠᠳᠠᠯᠢ ᠪᠤᠰᠤ ᠨᠠᠰᠤᠨ ᠤ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠣᠯᠠᠨ ᠲᠠᠯᠠᠪᠤᠷ ᠦᠵᠡᠮᠵᠢ ᠠᠭᠤᠰᠤᠯᠴᠠᠭᠰᠠᠨ ᠴᠢᠨᠠᠷ ᠰᠠᠶᠢᠲᠠᠶ ᠠᠮᠢᠳᠤᠷᠠᠯ ᠤᠨ ᠬᠦᠷᠢᠶ᠎ᠡ ᠶᠢ ᠴᠣᠭᠴᠠᠯᠠᠪᠠ᠃    ᠨᠡᠶᠢᠭᠡᠮ ᠲᠣᠭᠤᠷᠢᠭ ᠤᠨ ᠪᠡᠶ᠎ᠡ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠲᠤᠭᠳᠠᠭᠠᠪᠠᠪ᠊    ‍ᠦ᠋ᠷᠢᠨ ᠪᠦᠲᠦᠨ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠲᠠᠢ ᠬᠠᠷᠢᠴᠠᠭᠤᠯᠤᠨ᠂ ᠨᠡᠶᠢᠭᠡᠮ ᠲᠣᠭᠤᠷᠢᠭ ᠤᠨ ᠪᠡᠶ᠎ᠡ ᠶᠢᠨ ᠪᠠᠶᠢᠴᠠᠭᠠᠯᠲᠠ ᠪᠠ ᠰᠠᠭᠤᠭᠠᠯᠢ ᠠᠷᠠᠳ ᠤᠨ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠲᠡᠭᠦᠯᠳᠡᠷ ᠪᠤᠰᠤ᠂ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠪᠦᠷᠢᠨ ᠪᠤᠰᠤ᠂ ᠣᠯᠠᠨ ᠨᠡᠶᠢᠲᠡ ᠶᠢᠨ ᠣᠷᠣᠨ ᠵᠠᠶ ᠶᠢᠨ ᠣᠷᠴᠢᠨ ᠲᠣᠭᠤᠷᠢᠨ ᠤ ᠶᠠᠰᠤ ᠴᠢᠨᠠᠷ ᠢᠶᠠᠷ ᠨᠡᠯᠢᠶᠡᠳ ᠠᠨᠠᠶ᠂ ᠲᠡᠷᠭᠡ ᠵᠣᠭᠰᠣᠭᠠᠬᠤ ᠨᠢ ᠡᠮᠬᠢ ᠵᠢᠷᠤᠮ ᠥᠬᠡᠶ ᠂ ᠬᠡᠤᠬᠡᠳ ᠤᠨ ᠬᠥᠳᠡᠯᠭᠡᠭᠡᠨ ᠪᠠ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠯᠠᠪᠤᠷ ᠳᠤᠲᠠᠮᠠᠭ ᠵᠡᠷᠭᠡ ᠠᠰᠠᠭᠤᠳᠠᠯ ᠢ ᠳ᠋ᠦᠩᠨᠡᠨ ᠭᠠᠷᠭᠠᠪᠠ᠃    ᠬᠥᠬᠡᠬᠤᠲᠠ ᠶᠢᠨ ᠣᠯᠠᠨ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠠᠷᠠᠳ ᠤᠨ ᠶᠠᠪᠤᠳᠠᠯ᠂ ᠡᠳ᠋ ᠤᠨ ᠵᠠᠰᠠᠭ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ︵ᠨᠢᠭᠡᠴᠢ︶ ᠢᠶᠠᠷ ᠪᠦᠷᠢᠯᠳᠦᠭᠰᠡᠨ ᠪᠦᠷᠢᠨ ᠪᠦᠲᠦᠨ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠤᠨ ᠤᠳᠤᠷᠢᠳᠬᠤ ᠳᠤᠭᠤᠶᠢᠯᠠᠩ᠂ ᠪᠦᠷᠢᠨ ᠪᠦᠲᠦᠨ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠬᠠᠮᠲᠤᠷᠠᠭᠰᠠᠨ ᠬᠤᠷᠠᠯ ᠤᠨ ᠲᠣᠭᠲᠠᠴᠠ ᠶᠢ ᠪᠠᠶᠢᠭᠤᠯᠵᠤ᠂ ᠪᠦᠷᠢᠨ ᠪᠦᠲᠦᠨ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠨᠢᠭᠡᠳᠦᠯᠲᠡᠶ ᠲᠦᠯᠦᠪᠵᠢᠭᠦᠯᠪᠡ᠃    ︽ᠨᠢᠭᠡ ᠰᠠᠭᠤᠭᠠᠯᠢ ᠠᠷᠠᠳ ᠤᠨ ᠲᠣᠭᠤᠷᠢᠭ᠂ ᠨᠢᠭᠡ ᠲᠥᠰᠦᠯ︾ ᠤᠨ ᠵᠢᠷᠤᠭ ᠲᠥᠯᠥᠪᠯᠡᠭᠡ ᠶᠢᠨ ᠵᠠᠷᠴᠢᠮ ᠶᠣᠰᠣᠭᠠᠷ᠂ ᠣᠷᠣᠰᠢᠵᠤ ᠪᠠᠶᠢᠭ᠎ᠠ ᠪᠣᠳᠠᠲᠠᠶ ᠠᠰᠠᠭᠤᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠪᠥᠲᠥᠭᠡᠨ ᠪᠠᠶᠢᠭᠤᠯᠵᠤ᠂ ᠥᠭᠡᠷᠡᠴᠢᠯᠡᠬᠦ ᠲᠥᠯᠥᠪᠯᠡᠭᠡ ᠶᠢ ᠣᠨᠣᠪᠴᠢᠲᠠᠶ ᠲᠤᠭᠳᠠᠭᠠᠵᠠᠢ᠂ ᠡᠭᠦᠨ ᠳᠤ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠪᠡᠯᠡᠳᠬᠡᠮᠵᠢ ᠶᠢ ᠲᠡᠭᠦᠯᠳᠡᠷᠵᠢᠭᠦᠯᠬᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠬᠤ᠂ ᠤᠶᠤᠨᠴᠢᠯᠠᠭᠰᠠᠨ ᠦᠢᠯᠡᠴᠢᠯᠡᠭᠡ ᠶᠢ ᠠᠬᠢᠭᠤᠯᠬᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠲᠣᠭᠲᠠᠴᠠ ᠶᠢ ᠪᠦᠷᠢᠨᠰᠢᠬᠦᠯᠬᠦ ᠵᠡᠷᠭᠡ ᠪᠠᠭᠲᠠᠨ᠎ᠠ᠃    ︽ᠬᠠᠮᠢᠶᠠᠷᠤᠯᠲᠠ ︾ ᠶᠢ ᠨᠠᠶᠢᠳᠠᠪᠤᠷᠢᠵᠢᠭᠤᠯᠵᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠪᠡ    ᠨᠡᠶᠢᠭᠡᠮ ᠲᠣᠭᠤᠷᠢᠭ ᠨᠢ ᠨᠠᠮ ᠤᠨ ᠪᠠᠶᠢᠭᠤᠯᠤᠯᠲᠠ ᠪᠠᠷ ᠬᠦᠳᠦᠯᠦᠨ ᠲᠠᠭᠠᠭᠤᠯᠬᠤ ᠶᠢ ᠦᠨᠳᠦᠰᠦᠨ ᠱᠠᠲᠤᠨ ᠤ ᠵᠠᠰᠠᠯᠲᠠ ᠶᠢᠨ ᠪᠣᠳᠠᠲᠠᠶ ᠦᠢᠯᠡᠳᠦᠯᠭᠡ ᠳᠤ ᠤᠷᠤᠭᠤᠯᠵᠦ᠂ ᠨᠠᠷᠢᠯᠢᠭᠵᠢᠭᠤᠯᠤᠭᠰᠠᠨ ᠬᠠᠮᠢᠶᠠᠷᠤᠯᠲᠠ᠂ ᠣᠨᠣᠪᠴᠢᠯᠠᠭᠰᠠᠨ ᠦᠢᠯᠡᠴᠢᠯᠡᠭᠡ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠬᠢᠭᠡᠳ ᠨᠡᠶᠢᠭᠡᠮ ᠲᠣᠭᠤᠷᠢᠭ ᠤᠨ ᠥᠭᠡᠷᠡᠴᠢᠯᠡᠯᠲᠡ ᠶᠢᠨ ᠭᠦᠨᠵᠡᠭᠡᠶ ᠠᠭᠤᠰᠤᠯᠴᠠᠯ᠂ ᠰᠠᠶᠢᠨ ᠨᠥᠬᠦᠴᠡᠯᠳᠦᠯ ᠢ ᠪᠠᠳᠤᠯᠠᠪᠠ᠃    ︽ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ᠂ ᠪᠢᠳᠡ ᠰᠠᠭᠤᠭᠠᠯᠢ ᠠᠷᠠᠳ ᠤᠨ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠥᠭᠡᠷᠡᠴᠢᠯᠡᠯᠲᠡ ᠶᠢ ᠬᠡᠷᠡᠭᠵᠢᠭᠦᠯᠬᠦ ᠶᠠᠪᠤᠴᠠ ᠳᠤ ᠰᠠᠭᠤᠭᠠᠯᠢ ᠠᠷᠠᠳ ᠤᠨ ᠲᠥᠯᠥᠭᠡᠯᠡᠭᠴᠢ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠷᠢᠯᠭ᠎ᠠ ᠪᠠᠷᠢᠬᠤ ᠨᠢᠭᠡᠴᠢ᠂ ᠬᠢᠨᠠᠨ ᠬᠠᠮᠢᠶᠠᠷᠤᠯᠳᠠ ᠶᠢᠨ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠶᠠᠷ ᠪᠦᠷᠢᠯᠳᠦᠭᠰᠡᠨ ᠬᠢᠨᠠᠯᠲᠠ ᠲᠠᠯᠪᠢᠬᠤ ᠳᠤᠭᠤᠶᠢᠯᠠᠩ ᠪᠠᠶᠢᠭᠤᠯᠵᠤ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠷᠢᠯᠭ᠎ᠠ ᠪᠠᠷᠢᠬᠤ᠂ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠪᠠᠷᠢᠯᠭ᠎ᠠ ᠶᠢ ᠨᠤᠷᠠᠭᠠᠬᠤ᠂ ᠵᠥᠷᠢᠴᠡᠯ ᠢ ᠵᠣᠬᠢᠴᠠᠭᠤᠯᠬᠤ᠂ ᠪᠠᠷᠢᠯᠭ᠎ᠠ ᠳᠠᠭᠤᠰᠤᠭᠰᠠᠨ  ᠤ ᠲᠠᠷᠠᠭ᠎ᠠ ᠰᠢᠯᠭᠠᠨ ᠠᠪᠬᠤ ᠵᠡᠷᠭᠡ ᠪᠦᠬᠦ ᠶᠠᠪᠤᠴᠠ ᠳᠤ ᠣᠷᠣᠯᠴᠠᠭᠤᠯᠪᠠ︾ ᠭᠡᠵᠦ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠲᠠᠨᠢᠯᠴᠠᠭᠤᠯᠵᠠᠢ᠃    ︽ᠠᠰᠠᠷ ᠤᠨ ᠬᠤᠩᠭᠢᠯ ︾ ᠢ ᠰᠢᠨᠡᠴᠢᠯᠡᠬᠦ ᠠᠵᠢᠯᠯᠠᠭ᠎ᠠ ᠦᠷᠨᠢᠭᠦᠯᠵᠤ ᠬᠤᠭᠤᠯᠠᠢ ᠱᠤᠭᠤᠮ ᠤᠨ ᠥᠭᠡᠷᠡᠴᠢᠯᠡᠯᠲᠡ ᠶᠢ ᠬᠡᠷᠡᠭᠵᠢᠭᠦᠯᠪᠠ  ᠃    ᠠᠰᠠᠷ ᠤᠨ ᠬᠤᠩᠭᠢᠯ ᠤᠨ ᠴᠢᠨᠠᠷ ᠴᠢᠨᠰᠠᠭ᠎ᠠ ᠵᠢᠴᠢ ᠴᠡᠪᠡᠷ ᠲᠡᠭᠰᠢ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ ᠨᠡᠶᠢᠭᠡᠮ ᠲᠣᠭᠤᠷᠢᠭ ᠤᠨ ᠬᠢᠨ ᠠᠰᠠᠷ ᠤᠨ ᠡᠭᠦᠳᠡ ᠶᠢ ᠰᠣᠯᠢᠵᠤ᠂ ᠡᠪᠳᠡᠷᠬᠡᠶ ᠠᠰᠠᠷ ᠤᠨ ᠱᠠᠲᠤ ᠬᠡᠷᠡᠰᠬᠡ ᠶᠢ ᠰᠡᠯᠪᠢᠨ ᠵᠠᠰᠠᠵᠤ᠂ ᠬᠤᠭ ᠨᠤᠪᠰᠢ ᠶᠢ ᠴᠡᠪᠡᠷᠯᠡᠨ᠂ ᠬᠡᠷᠡᠮ ᠪᠠ ᠵᠠᠮ ᠢ ᠰᠢᠨᠡᠳᠬᠡᠪᠡ᠃    ᠠᠮᠤᠷ ᠲᠦᠪᠰᠢᠨ ᠤ ᠳᠠᠯᠳᠠ ᠭᠡᠮ ᠢ ᠬᠦᠴᠦᠯᠡᠨ ᠠᠷᠢᠯᠭᠠᠬᠤ ᠶᠢᠨ ᠲᠥᠯᠥᠭᠡ᠂ ᠨᠡᠶᠢᠭᠡᠮ ᠲᠣᠭᠤᠷᠢᠭ ᠪᠠᠰᠠ ᠮᠠᠲ᠋ᠧᠷᠢᠶᠠᠯ ᠤᠨ ᠴᠢᠨᠠᠷ ᠬᠤᠴᠣᠷᠤᠩᠭᠤᠶ᠂ ᠬᠤᠭᠤᠯᠠᠢ ᠲᠤᠤᠷ ᠤᠨ ᠬᠡᠷᠡᠭᠯᠡᠭᠰᠡᠨ ᠬᠤᠭᠤᠴᠠᠭ᠎ᠠ ᠨᠡᠯᠢᠶᠡᠳ ᠤᠷᠲᠤ ᠵᠡᠷᠭᠡ ᠠᠮᠤᠷ ᠲᠦᠪᠰᠢᠨ ᠤ ᠬᠦᠨᠳᠦ ᠨᠣᠴᠢᠲᠠᠢ ᠳᠠᠯᠳᠠ ᠭᠡᠮ ᠣᠷᠣᠰᠢᠵᠤ ᠪᠠᠶᠢᠭ᠎ᠠ ᠰᠢᠲᠠᠮᠠᠬᠠᠢ ᠬᠡᠢ ᠶᠢᠨ ᠬᠤᠭᠤᠯᠠᠢ ᠲᠣᠣᠷ ᠢ ᠰᠢᠨᠡᠳᠬᠡᠨ ᠥᠭᠡᠷᠡᠴᠢᠯᠡᠪᠡ᠃ᠡᠭᠦᠨ ᠠᠴᠠ ᠭᠠᠳᠠᠨ᠎ᠠ᠂ ᠤᠰᠤ᠂ ᠴᠠᠬᠢᠯᠭᠠᠨ᠂ ᠬᠡᠶ᠂ ᠳᠤᠯᠠᠭᠠᠯᠠᠭ᠎ᠠ᠂ ᠴᠢᠮᠡᠭᠡ ᠬᠤᠯᠪᠣᠭ᠎ᠠ ᠵᠡᠷᠭᠡ ᠲᠤᠰᠬᠠᠶ ᠡᠵᠡᠩᠨᠡᠯᠲᠡ ᠶᠢᠨ  ᠪᠠᠶᠢᠭᠤᠯᠭ᠎ᠠ ᠨᠢᠭᠡᠴᠢ ᠶᠢ ᠨᠢᠭᠡᠳᠦᠯᠲᠡᠶ ᠵᠣᠬᠢᠴᠠᠭᠤᠯᠵᠤ ᠪᠠᠶᠢᠭᠠᠳ ᠨᠡᠶᠢᠭᠡᠮ ᠲᠣᠭᠤᠷᠢᠭ ᠵᠢᠴᠢ ᠤᠷᠴᠢᠨ ᠲᠣᠭᠤᠷᠢᠨ ᠤ ᠬᠠᠮᠢᠶ᠎ᠠ ᠪᠥᠬᠦᠶ ᠰᠠᠭᠤᠷᠢ ᠪᠡᠯᠡᠳᠬᠡᠮᠵᠢ ᠶᠢ ᠰᠢᠨᠡᠳᠭᠡᠨ ᠥᠭᠡᠷᠡᠴᠢᠯᠡᠬᠦ  ᠳᠤ ᠬᠠᠷᠢᠯᠴᠠᠨ ᠬᠤᠯᠪᠤᠭᠠᠯᠠᠬᠤ ᠠᠵᠢᠯ  ᠢ ᠥᠷᠨᠢᠭᠦᠯᠵᠦ᠂ ᠨᠢᠭᠡ ᠯᠡ ᠤᠳᠠᠭ᠎ᠠ ᠳᠤ ᠦᠭᠡᠷᠡᠴᠢᠯᠡᠨ ᠪᠠᠶᠢᠭᠤᠯᠬᠤ ᠶᠢ ᠪᠣᠳᠠᠲᠠᠶᠢᠵᠢᠭᠤᠯᠵᠤ᠂ ᠳᠠᠪᠬᠤᠷᠳᠠᠭᠤᠯᠤᠨ ᠪᠥᠲᠥᠭᠡᠨ ᠪᠠᠶᠢᠭᠤᠯᠬᠤ ᠠᠴᠠ ᠵᠠᠶᠢᠯᠠᠰᠬᠢᠪᠡ᠃    ︽ᠣᠷᠴᠢᠨ ᠲᠣᠭᠤᠷᠢᠨ︾ ᠢ ᠰᠠᠶᠢᠵᠢᠷᠠᠭᠤᠯᠬᠤ ᠠᠵᠢᠯᠯᠠᠭ᠎ᠠ ᠶᠢ ᠠᠬᠢᠭᠤᠯᠵᠤ ᠪᠦᠬᠦᠯᠢ ᠴᠣᠭᠴᠠ ᠶᠢᠨ ᠳᠦᠷᠰᠦ ᠪᠠᠶᠢᠳᠠᠯ ᠢ ᠳᠡᠭᠡᠭᠰᠢᠯᠡᠭᠦᠯᠦᠶ᠎ᠡ  ᠃    ᠰᠠᠭᠤᠭᠠᠯᠢ ᠠᠷᠠᠳ ᠤᠨ ︽ᠣᠯᠠᠨ ᠳᠡᠰ ᠳᠠᠪᠬᠤᠷᠭ᠎ᠠ ᠂ ᠥᠪᠡᠷᠮᠢᠴᠡ᠂ ᠴᠢᠨᠠᠷ ᠰᠠᠶᠢᠲᠠᠶ︾ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠲᠣᠭᠤᠷᠢᠭ ᠤᠨ ᠬᠢᠨ ︽ᠦᠨᠢᠳᠡ ᠬᠠᠮᠲᠤᠪᠠᠷ ᠡᠳ᠋ᠯᠡᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠰᠤᠵᠢᠯᠲᠠ ᠪᠠ ᠬᠡᠦᠬᠡᠳ ᠲᠤ ᠳᠣᠭᠢᠷᠠᠬᠤ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ᠦᠨᠢᠳᠡ ᠶᠢᠨ ᠨᠥᠬᠦᠷᠰᠡᠭ᠂ ᠠᠮᠤᠷ ᠲᠦᠪᠰᠢᠨ ᠡᠷᠡᠭᠦᠯ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠤᠯᠭᠠᠪᠠ᠃ ᠨᠡᠶᠢᠭᠡᠮ ᠲᠣᠭᠤᠷᠢᠭ ᠤᠨ ᠬᠡᠤᠬᠡᠳ ᠰᠠᠭᠠᠲᠠᠭᠤᠯᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠡᠤᠬᠡᠳ ᠰᠠᠭᠠᠲᠠᠭᠤᠯᠬᠤ ᠲᠥᠪ ᠢ ᠰᠢᠨ᠎ᠡ ᠪᠠᠷ ᠨᠡᠮᠡᠭᠳᠡᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠴᠢᠨᠠᠷ ᠰᠠᠶᠢᠲᠠᠶ ᠬᠡᠤᠬᠡᠳ ᠰᠠᠭᠠᠲᠠᠭᠤᠯᠬᠤ ᠦᠢᠯᠡᠴᠢᠯᠡᠭᠡ ᠬᠠᠩᠭᠠᠪᠠ︔ ᠨᠡᠶᠢᠭᠡᠮ ᠲᠣᠭᠤᠷᠢᠭ ᠤᠨ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡ ᠶᠢ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠬᠤᠭᠤᠯᠠᠨ ᠬᠡᠷ᠂ ᠠᠷᠠᠳ ᠲᠤ ᠳᠥᠭᠦᠮ ᠦᠵᠡᠭᠦᠯᠬᠦ ᠬᠡᠲᠦ ᠳᠡᠯᠭᠡᠭᠦᠷ ᠵᠡᠷᠭᠡ ᠶᠢ ᠨᠡᠮᠡᠵᠦ᠂ ᠨᠠᠰᠤᠲᠠᠶᠢᠴᠤᠳ ᠲᠤ ᠨᠠᠩ ᠳᠥᠭᠦᠮ ᠳᠥᠲᠡ ᠠᠮᠢᠳᠤᠷᠠᠯ ᠤᠨ ᠣᠷᠴᠢᠨ ᠲᠣᠭᠤᠷᠢᠨ ᠢ ᠬᠠᠩᠭᠠᠪᠠ᠃ᠨᠡᠶᠢᠭᠡᠮ ᠲᠣᠭᠤᠷᠢᠭ ᠤᠨ ᠨᠢᠭᠡ ᠦᠷᠳᠡᠭᠡᠯᠢᠭ ᠮᠠᠶ᠋ᠢᠭ ᠤᠨ ᠦᠢᠯᠡᠴᠢᠯᠡᠭᠡᠨ ᠤ ᠲᠢᠩᠬᠢᠮ ᠪᠠᠶᠢᠭᠤᠯᠵᠦ᠂ ᠰᠠᠭᠤᠭᠠᠯᠢ ᠠᠷᠠᠳ ᠲᠤ ᠪᠥᠬᠦ ᠲᠠᠯ᠎ᠠ ᠶᠢᠨ ᠦᠢᠯᠡᠴᠢᠯᠡᠭᠡ ᠬᠠᠩᠭᠠᠵᠤ᠂ ᠠᠳᠠᠯ ᠠᠬᠤᠶ ᠶᠢᠨ ᠦᠢᠯᠡᠴᠢᠯᠡᠭᠡ᠂ ᠵᠠᠰᠠᠭ ᠵᠠᠬᠢᠷᠭᠠᠨ ᠤ ᠬᠡᠷᠡᠭ ᠶᠠᠪᠤᠳᠠᠯ ᠢ  ᠭᠦᠢᠴᠡᠳᠭᠡᠬᠦ᠂ ᠨᠡᠶᠢᠭᠡᠮ ᠲᠣᠭᠤᠷᠢᠭ ᠤᠨ ᠠᠵᠢᠯᠯᠠᠭ᠎ᠠ ᠵᠡᠷᠭᠡ ᠶᠢ ᠪᠠᠭᠲᠠᠭᠠᠵᠤ᠂ ᠲᠦᠪᠯᠡᠷᠡᠩᠭᠦᠢ ᠦᠢᠯᠡᠴᠢᠯᠡᠭᠡᠨ ᠤ ᠵᠠᠭᠪᠤᠷ ᠢᠶᠠᠷ ᠰᠠᠭᠤᠭᠠᠯᠢ ᠠᠷᠠᠳ ᠤᠨ ᠠᠵᠢᠯ ᠶᠠᠪᠤᠳᠠᠯ ᠭᠦᠢᠴᠡᠳᠭᠡᠬᠦ ᠥᠪᠡᠷ ᠤᠨ ᠥᠷᠲᠡᠭ ᠢ ᠨᠢ ᠪᠠᠭᠠᠰᠬᠠᠵᠤ᠂ ᠦᠢᠯᠡᠴᠢᠯᠡᠭᠡᠨ ᠤ ᠦᠷ᠎ᠡ ᠪᠦᠲᠦᠮᠵᠢ  ᠢᠶᠠᠨ ᠳᠡᠭᠡᠭᠰᠢᠯᠡᠭᠦᠯᠦᠨ᠂ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃    ᠤᠰᠤᠲᠤᠯ ᠤᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢᠨ ᠲᠥᠯᠥᠭᠡ᠂ ᠨᠡᠶᠢᠭᠡᠮ ᠲᠣᠭᠤᠷᠢᠭ ᠲᠤ 1.2 ᠲᠦᠮᠡᠨ ᠲᠡᠭᠰᠢ ᠳᠥᠷᠪᠡᠯᠵᠢᠨ ᠮᠧᠲᠷ ᠤᠰᠤ ᠨᠡᠪᠴᠢᠬᠦ ᠲᠣᠭᠤᠰᠬ᠎ᠠ ᠳᠡᠪᠢᠰᠴᠦ᠂ 3500 ᠲᠡᠭᠰᠢ ᠳᠥᠷᠪᠡᠯᠵᠢᠨ ᠮᠧᠲᠷ ᠤᠰᠤ ᠨᠡᠪᠴᠢᠬᠦ ᠵᠠᠮ᠂ 1.1 ᠲᠦᠮᠡᠨ ᠲᠡᠭᠰᠢ ᠳᠥᠷᠪᠡᠯᠵᠢᠨ ᠮᠧᠲᠷ ᠤᠰᠤ ᠨᠡᠪᠴᠢᠬᠦ ᠳᠠᠪᠬᠤᠷᠭ᠎ᠠ᠂ 466 ᠮᠧᠲᠷ ᠤᠰᠤ ᠵᠠᠯᠠᠬᠤ ᠵᠠᠮ᠂ 450 ᠮᠧᠲᠷ ᠤᠰᠤ ᠵᠠᠯᠠᠬᠤ ᠬᠤᠭᠤᠯᠠᠶ᠂ 18  ᠤᠰᠤ ᠵᠠᠯᠠᠬᠤ ᠬᠤᠳᠳᠤᠭ᠂ 2 ᠤᠰᠤ ᠬᠠᠳᠠᠭᠠᠯᠠᠬᠤ ᠴᠥᠭᠦᠷᠥᠮ ᠪᠠᠶᠢᠭᠤᠯᠪᠠ᠃ ᠡᠭᠦᠨ ᠤ ᠬᠠᠮᠲᠤ᠂ ᠨᠤᠭᠤᠭᠠᠷᠠᠭᠤᠯᠤᠯᠳᠠ ᠶᠢᠨ ᠲᠠᠯᠠᠪᠠᠶ ᠶᠢ ᠨᠡᠮᠡᠭᠳᠡᠭᠦᠯᠦᠨ᠂ ᠨᠡᠶᠢᠭᠡᠮ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠨᠡᠶᠢᠭᠡᠮ ᠲᠣᠭᠤᠷᠢᠭ ᠤᠨ ᠴᠡᠴᠡᠷᠯᠢᠭ ᠢ ᠠᠰᠢᠭᠯᠠᠨ ᠪᠣᠷᠣᠭᠠᠨ ᠤ ᠤᠰᠤ ᠶᠢ ᠪᠦᠲᠦᠮᠵᠢᠲᠡᠶ ᠪᠠᠷ ᠰᠢᠩᠭᠡᠭᠡᠨ ᠠᠪᠴᠤ ᠭᠠᠳᠡᠭᠰᠢᠯᠠᠭᠤᠯᠵᠦ᠂    ᠪᠣᠬᠢᠷᠳᠣᠯ ᠢ ᠪᠠᠭᠠᠰᠬᠠᠵᠤ᠂ ᠭᠤᠶᠣ ᠰᠠᠶᠢᠬᠠᠨ ᠦᠵᠡᠮᠵᠢ ᠬᠠᠩᠭᠠᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠪᠡ ᠃    ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠨᠡᠶᠢᠭᠡᠮ ᠲᠣᠭᠤᠷᠢᠭ ᠠᠴᠠ 5000 ᠲᠡᠭᠰᠢ ᠳᠥᠷᠪᠡᠯᠵᠢᠨ ᠮᠧᠲᠷ ᠤᠨ ᠪᠢᠴᠢᠯ ᠴᠡᠴᠡᠷᠯᠢᠭ ᠢ ᠥᠭᠡᠷᠡᠴᠢᠯᠡᠨ ᠰᠠᠶᠢᠵᠢᠷᠠᠭᠤᠯᠵᠦ᠂ ᠰᠢᠨ᠎ᠡ ᠪᠠᠷ 24 ᠨᠣᠭᠤᠭᠠᠷᠠᠭᠤᠯᠤᠯᠲᠠ ᠶᠢᠨ ᠭᠠᠵᠠᠷ ᠢ ᠨᠡᠮᠡᠭᠳᠡᠭᠦᠯᠵᠦ᠂ ᠤᠷᠳᠤ ᠬᠤᠭᠤᠴᠠᠭᠠᠨ ᠤ ᠰᠢᠰᠲ᠋ᠧᠮ ᠢ ᠰᠢᠯᠢᠳᠡᠭᠵᠢᠭᠦᠯᠵᠦ ᠂ ᠴᠢᠳᠠᠮᠵᠢ ᠪᠠᠷ ᠪᠠᠶᠠᠯᠢᠭ ᠨᠡᠶᠢᠭᠡᠮ ᠲᠣᠭᠤᠷᠢᠭ ᠤᠨ ᠠᠵᠢᠯᠯᠠᠭᠠᠨ ᠤ ᠲᠠᠯᠠᠪᠤᠷ ᠢ ᠪᠦᠲᠦᠭᠡᠨ ᠪᠠᠶᠢᠭᠤᠯᠵᠤ᠂ ᠨᠡᠶᠢᠭᠡᠮ ᠲᠣᠭᠤᠷᠢᠭ ᠤᠨ ᠦᠵᠡᠮᠵᠢ ᠶᠢᠨ ᠶᠠᠰᠤ ᠴᠢᠨᠠᠷ ᠢ ᠲᠡᠭᠡᠭᠰᠢᠯᠡᠭᠦᠯᠪᠡ ᠬᠡᠵᠡᠢ᠃    ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠣᠯᠠᠩᠬᠢ ᠨᠢ ᠬᠥᠬᠡᠬᠤᠲᠠ ᠶᠢᠨ ᠪᠣᠯᠣᠳ ᠲᠡᠮᠦᠷ ᠤᠨ ᠺᠣᠮᠫᠠᠨᠢ ᠶᠢᠨ ᠠᠵᠢᠯᠴᠢᠨ ᠪᠣᠯᠬᠤᠷ ᠬᠥᠬᠡᠬᠤᠲᠠ ᠶᠢᠨ ᠪᠣᠯᠣᠳ ᠲᠡᠮᠦᠷ ᠤᠨ ᠺᠣᠮᠫᠠᠨᠢ ᠳᠤ ᠣᠨᠴᠠᠭᠠᠶ ᠬᠠᠶᠢᠷ᠎ᠠ ᠰᠡᠳᠬᠢᠯᠭᠡ ᠲᠠᠢ᠃ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠲᠠᠨᠢᠯᠴᠠᠭᠤᠯᠬᠤ ᠳᠠᠭᠠᠨ᠂ ᠨᠡᠶᠢᠭᠡᠮ ᠲᠣᠭᠤᠷᠢᠭ ᠤᠨ ᠥᠭᠡᠷᠡᠴᠢᠯᠡᠨ ᠪᠠᠶᠢᠭᠤᠯᠬᠤ ᠵᠢᠷᠤᠭ ᠲᠥᠯᠥᠪᠯᠡᠭᠡ ᠳᠡᠭᠡᠨ ᠪᠣᠯᠣᠳ ᠲᠡᠮᠦᠷ ᠤᠨ ᠡᠯᠧᠮᠧᠨ᠋ᠲ ᠢ ᠵᠢᠷᠤᠵᠤ ᠲᠥᠯᠥᠪᠯᠡᠬᠦ ᠪᠠᠷ ᠭᠤᠣᠯ ᠰᠢᠵᠢᠮ ᠢᠶᠠᠨ ᠪᠣᠯᠭᠠᠵᠤ᠂ ᠨᠡᠶᠢᠭᠡᠮ ᠲᠣᠭᠤᠷᠢᠭ ᠤᠨ ᠶᠡᠭᠡ ᠡᠭᠦᠳᠡ᠂ ᠱᠤᠭ ᠵᠦᠴᠦᠭᠡ᠂ ᠤᠬᠠᠭᠤᠯᠭ᠎ᠠ ᠶᠢᠨ ᠬᠡᠷᠡᠮ ᠢ ᠭᠤᠶᠣᠯᠠᠵᠤ᠂ ᠬᠥᠬᠡᠬᠤᠲᠠ ᠶᠢᠨ ᠪᠣᠯᠣᠳ ᠲᠡᠮᠦᠷ ᠤᠨ ᠺᠣᠮᠫᠠᠨᠢ ᠶᠢᠨ ᠠᠵᠢᠯᠴᠢᠨ ᠤ ᠴᠢᠷᠮᠠᠶᠢᠨ ᠤᠷᠤᠭᠰᠢᠯᠠᠬᠤ ᠵᠣᠷᠢᠭ ᠰᠠᠨᠠᠭ᠎ᠠ ᠶᠢ ᠢᠯᠡᠷᠡᠭᠦᠯᠵᠦ᠂ ᠰᠠᠭᠤᠭᠠᠯᠢ ᠠᠷᠠᠳ ᠲᠤ ᠳᠣᠲᠣᠨᠣ ᠲᠥᠷᠥᠭᠳᠡᠯ ᠪᠠ ᠴᠠᠭ ᠦᠶ᠎ᠡ ᠶᠢᠨ ᠡᠷᠭᠢᠴᠡᠭᠦᠯᠦᠯ ᠠᠪᠴᠢᠷᠠᠵᠤ ᠦᠭᠭᠦᠭᠰᠡᠨ ᠪᠠᠶᠢᠨ᠎ᠠ᠃    ᠡᠭᠦᠨ ᠠᠴᠠ ᠭᠠᠳᠠᠨ᠎ᠠ᠂ ᠨᠡᠶᠢᠭᠡᠮ ᠲᠣᠭᠤᠷᠢᠭ ᠪᠠᠰᠠ ᠵᠡᠭᠡᠯᠢ ᠳᠠᠭᠠᠤ ᠶᠢᠨ ᠬᠤᠳᠠᠯᠳᠤᠭᠠᠨ ᠤ ᠳᠡᠯᠭᠡᠭᠦᠷ ᠤᠨ ᠭᠠᠳᠠᠷ ᠲᠠᠯ᠎ᠠ ᠵᠢᠴᠢ ᠰᠠᠭᠤᠷᠢ ᠲᠥᠬᠦᠭᠡᠷᠦᠮᠵᠢ ᠳᠤ ᠥᠭᠡᠷᠡᠴᠢᠯᠡᠯᠲᠡ ᠬᠢᠵᠦ᠂ ᠤᠰᠤ ᠪᠠ ᠢᠯᠴᠢ ᠬᠠᠩᠭᠠᠬᠤ ᠬᠤᠭᠤᠯᠠᠶ ᠲᠤᠤᠷ ᠢ ᠨᠢᠭᠡᠳᠦᠯᠲᠡᠶ ᠵᠠᠯᠭᠠᠵᠤ᠂ ᠳᠡᠯᠭᠡᠭᠦᠷ ᠤᠨ ᠭᠠᠳᠠᠷ ᠬᠡᠷᠡᠮ ᠤᠨ ᠳᠤᠯᠠᠭᠠᠨ ᠢ ᠬᠠᠮᠠᠭᠠᠯᠠᠬᠤ ᠥᠭᠡᠷᠡᠴᠢᠯᠡᠯᠲᠡ ᠵᠢᠴᠢ ᠭᠠᠳᠠᠷ ᠲᠠᠯ᠎ᠠ ᠶᠢᠨ ᠪᠠᠶᠢᠳᠠᠯ ᠢ ᠪᠦᠬᠦᠯᠢ ᠴᠣᠭᠴᠠ ᠪᠠᠷ ᠨᠢ ᠭᠤᠶᠤᠵᠢᠭᠤᠯᠪᠠ᠃ 
ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ