ᠵᠠᠬᠢᠳᠠᠯ ᠰᠤᠷᠪᠤᠯᠵᠢᠯᠠᠭᠴᠢ ᠶᠢᠨ ᠨᠡᠷ᠎ᠡ᠄ ᠵᠠᠩ ᠣᠪᠣᠭᠲᠤ | ᠵᠠᠬᠢᠳᠠᠯ ᠢᠷᠡᠭᠦᠯᠦᠭᠰᠡᠨ ᠴᠠᠭ᠄ 2024-08-26 02:39:22 | ᠵᠠᠬᠢᠳᠠᠯ ᠤᠨ ᠭᠤᠣᠯ ᠰᠡᠳᠦᠪ᠄ ᠲᠦᠷ ᠴᠠᠭ ᠤᠨ ᠦᠨᠡᠮᠯᠡᠯ ᠢ ᠦᠷᠭᠦᠯᠵᠢᠯᠡᠭᠦᠯᠬᠦ ᠳᠤ ᠶᠠᠮᠠᠷ ᠪᠠᠷᠢᠮᠵᠢᠶ᠎ᠠ ᠳᠤ ᠨᠡᠶᠢᠴᠡᠭᠦᠯᠬᠦ | ᠴᠢᠬᠤᠯᠠᠲᠠᠢ ᠪᠣᠢ︖ | ᠵᠠᠬᠢᠳᠠᠯ ᠤᠨ ᠠᠭᠤᠯᠭ᠎ᠠ᠄ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠬᠡᠮ ᠤᠨ | ᠲᠦᠷ ᠴᠠᠭ ᠤᠨ ᠦᠨᠡᠮᠯᠡᠯ ︵ᠬᠦᠴᠦᠨ ᠲᠠᠢ ᠬᠤᠭᠤᠴᠠᠭ᠎ᠠ ᠨᠢ 1 ᠵᠢᠯ︶ ᠢ ᠦᠷᠭᠦᠯᠵᠢᠯᠡᠭᠦᠯᠬᠦ ᠳᠤ ᠶᠠᠮᠠᠷ ᠪᠠᠷᠢᠮᠵᠢᠶ᠎ᠠ ᠳᠤ | ᠨᠡᠶᠢᠴᠡᠭᠦᠯᠬᠦ ᠴᠢᠬᠤᠯᠠᠲᠠᠢ ᠪᠣᠢ︖ | ᠬᠠᠷᠢᠭᠤᠯᠤᠭᠰᠠᠨ ᠴᠠᠭ᠄2024-08-26 15:43:12 | ᠬᠠᠷᠢᠭᠤᠯᠲᠠ ᠶᠢᠨ ᠠᠭᠤᠯᠭ᠎ᠠ᠄ ᠰᠠᠶᠢᠨ ᠤᠤ᠂ ᠲᠠᠨ ᠤ ᠲᠤᠰᠭᠠᠭᠰᠠᠨ ᠠᠰᠠᠭᠤᠳᠠᠯ ᠢ ᠨᠢᠭᠡᠨᠲᠡ ᠣᠯᠵᠤ ᠠᠪᠤᠭᠠᠳ | ᠣᠶᠢᠯᠭᠠᠭᠰᠠᠨ᠂ ᠣᠳᠣ ᠳᠣᠣᠷᠠᠬᠢ ᠮᠡᠲᠦ ᠬᠠᠷᠢᠭᠤᠯᠲᠠ ᠥᠭᠭᠦᠶ᠎ᠡ᠄ ᠠᠵᠤ ᠠᠬᠤᠶᠢᠯᠠᠯ ᠤᠨ ᠡᠳ᠋ ᠬᠥᠷᠥᠩᠭᠡ᠂ ᠮᠡᠷᠭᠡᠵᠢᠯ ᠤᠨ | ᠬᠠᠷᠢᠭᠤᠴᠠᠯᠭᠠᠲᠠᠨ ᠨᠢ ︽ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠭᠡᠮ ᠤᠨ ᠪᠠᠷᠢᠮᠵᠢᠶ᠎ᠠ︾ ︵ | ᠪᠠᠶᠢᠭᠤᠯᠤᠯᠲᠠ ᠬᠤᠲᠠ ﹇2014﹈ 159 ᠳ᠋ᠦᠭᠡᠷ ᠲᠣᠭᠠᠲᠤ︶ ᠳᠤ ᠲᠣᠭᠲᠠᠭᠠᠭᠰᠠᠨ ᠵᠣᠬᠢᠴᠠᠩᠭᠤᠶ ᠲᠥᠷᠥᠯ | ᠢᠯᠭᠠᠯ ᠤᠨ ᠬᠤᠶᠠᠳᠤᠭᠠᠷ ᠲᠠᠰ ᠤᠨ ᠬᠢᠷᠢ ᠭᠡᠮ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠂ ᠪᠤᠰᠤᠳ | ᠭᠦᠢᠴᠡᠳᠬᠡᠬᠦ ᠲᠤᠭ᠎ᠠ ᠨᠢ ᠵᠣᠬᠢᠴᠠᠩᠭᠤᠶ ᠲᠥᠷᠥᠯ ᠢᠯᠭᠠᠯ ᠤᠨ ᠭᠤᠷᠪᠠᠳᠤᠭᠠᠷ ᠲᠠᠰ ᠤᠨ ᠬᠢᠷᠢ ᠭᠡᠮ ᠤᠨ ᠪᠠᠷᠢᠮᠵᠢᠶ᠎ᠠ ᠶᠢᠨ | ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ ᠮᠠᠨ ᠤ ᠲᠢᠩᠬᠢᠮ ᠦᠢᠯᠡᠴᠢᠯᠡᠭᠡᠨ ᠤ ᠶᠠᠰᠤ ᠴᠢᠨᠠᠷ ᠢᠶᠠᠨ ᠦᠷᠭᠦᠯᠵᠢᠯᠡᠨ | ᠰᠠᠶᠢᠵᠢᠷᠠᠭᠤᠯᠤᠨ᠎ᠠ᠂ ᠲᠠᠨ ᠤ ᠬᠠᠷᠢᠯᠴᠠᠨ ᠰᠣᠯᠢᠯᠴᠠᠭ᠎ᠠ ᠬᠢᠬᠦ ᠪᠤᠯᠤᠩ ᠢ ᠠᠩᠬᠠᠷᠴᠤ ᠳᠡᠮᠵᠢᠭᠰᠡᠨ ᠳᠤ ᠲᠠᠯᠠᠷᠬᠠᠵᠤ ᠪᠠᠶᠢᠨ᠎ᠠ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠭᠠᠵᠠᠷ | 2024ᠣᠨ ᠤ8ᠳ᠋ᠤᠭᠠᠷ ᠰᠠᠷ᠎ᠠ ᠶᠢᠨ26 ᠤ ᠡᠳᠦᠷ | |