2024 ᠣᠨ ᠤ ᠬᠤᠷᠢ ᠶᠢᠰᠦᠳᠦᠭᠡᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠡᠶᠢᠳᠡᠯᠡᠯ
ᠨᠡᠶᠢᠲᠡᠯᠡᠭᠰᠡᠨ ᠴᠠᠭ᠄
2024/8/3
    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠢᠴᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠠᠮᠢᠶ᠎ᠠ ᠪᠥᠬᠦᠶ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ᠂ ᠮᠠᠨ ᠤ ᠲᠢᠩᠬᠢᠮ ᠠᠴᠠ 2024 ᠣᠨ ᠤ ᠬᠤᠷᠢ ᠶᠢᠰᠦᠳᠦᠭᠡᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠬᠢᠨᠠᠨ ᠪᠠᠶᠢᠴᠠᠭᠠᠵᠤ᠂ ᠣᠳᠣ 2 ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠠᠵᠤ ᠠᠬᠤᠶᠢᠯᠠᠯ᠂ 5 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ 4 ᠬᠢᠨᠠᠨ ᠬᠠᠮᠢᠶᠠᠷᠬᠤ ᠠᠵᠤ ᠠᠬᠤᠶᠢᠯᠠᠯ᠂ 5 ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠢᠨᠠᠨ ᠬᠠᠮᠢᠶᠠᠷᠬᠤ ᠠᠵᠤ ᠠᠬᠤᠶᠢᠯᠠᠯ᠂ 42 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠭᠰᠠᠨ ᠰᠠᠨᠠᠯ ᠤᠨ ᠨᠡᠷᠡᠰ ᠢ ᠨᠡᠶᠢᠲᠡᠯᠡᠪᠡ ︵ᠳᠠᠭᠠᠯᠳᠤᠭᠤᠯᠤᠯ ᠳᠤ ᠦᠵᠡ︶᠃ ᠬᠢᠨᠠᠨ ᠪᠠᠶᠢᠴᠠᠭᠠᠭᠰᠠᠨ ᠰᠠᠨᠠᠯ ᠢ 2024 ᠣᠨ ᠤ 8 ᠳ᠋ᠤᠭᠠᠷ ᠰᠠᠷ᠎ᠠ ᠶᠢᠨ 8 ᠤ ᠡᠳᠦᠷ ᠤᠨ 17 ᠴᠠᠭ 30 ᠮᠢᠨᠦ᠋ᠲ ᠲᠤᠯᠲᠠᠯ᠎ᠠ ᠨᠡᠶᠢᠲᠡᠯᠡᠵᠦ᠂ ᠨᠡᠶᠢᠲᠡᠯᠡᠭᠰᠡᠨ ᠰᠠᠨᠠᠯ ᠳᠤ ᠣᠨᠳᠣᠤ ᠰᠠᠨᠠᠯ ᠲᠠᠢ ᠪᠤᠶᠤ ᠠᠰᠠᠭᠤᠳᠠᠯ ᠲᠠᠢ ᠪᠠᠶᠢᠪᠠᠯ᠂ ᠵᠥᠪᠳᠡᠭᠡᠨ ᠲᠣᠳᠣᠷᠬᠠᠶᠢᠯᠠᠬᠤ ᠪᠠᠷ ᠳᠤᠷᠠᠳᠴᠤ ᠪᠣᠯᠤᠨ᠎ᠠ᠂ ᠬᠢᠨᠠᠨ ᠪᠠᠶᠢᠴᠠᠭᠠᠭᠰᠠᠨ ᠰᠠᠨᠠᠯ ᠳᠤ ᠪᠠᠲᠤᠯᠠᠭᠳᠠᠭᠰᠠᠨ ᠥᠬᠡᠶ ᠠᠵᠤ ᠠᠬᠤᠶᠢᠯᠠᠯ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠠᠴᠠ ᠪᠣᠳᠠᠲᠠᠶ ᠰᠠᠨᠠᠯ ᠢ ᠪᠠᠶᠢᠴᠠᠭᠠᠨ ᠦᠵᠡᠵᠦ ᠪᠣᠯᠤᠨ᠎ᠠ᠃    ᠶᠠᠮᠠᠷᠪᠠ ᠬᠠᠮᠢᠶ᠎ᠠ ᠪᠥᠬᠦᠶ ᠨᠢᠭᠡᠴᠢ ᠵᠢᠴᠢ ᠬᠤᠪᠢ ᠬᠥᠮᠦᠨ ᠬᠡᠷᠪᠡ ᠠᠵᠤ ᠠᠬᠤᠶᠢᠯᠠᠯ ᠤᠨ ᠮᠡᠳᠡᠭᠦᠯᠦᠭᠰᠡᠨ ᠬᠢᠷᠢ ᠬᠡᠮ ᠤᠨ ᠪᠠᠶᠢᠳᠠᠯ ᠳᠤ ᠣᠨᠳᠣᠤ ᠰᠠᠨᠠᠯ ᠲᠠᠢ ᠪᠠᠶᠢᠪᠠᠯ᠂ ᠴᠥᠮ ᠮᠠᠨ ᠤ ᠲᠢᠩᠬᠢᠮ ᠳᠤ ᠪᠠᠶᠢᠳᠠᠯ ᠢᠶᠠᠨ ᠲᠤᠰᠬᠠᠵᠤ ᠪᠣᠯᠤᠨ᠎ᠠ᠂ ᠨᠢᠭᠡᠴᠢ ᠠᠴᠠ ᠪᠠᠶᠢᠳᠠᠯ ᠢᠶᠠᠨ ᠲᠤᠰᠬᠠᠬᠤ ᠳᠤ ᠠᠯᠪᠠᠨ ᠲᠠᠮᠠᠭ᠎ᠠ ᠳᠠᠷᠤᠬᠤ ᠴᠢᠬᠤᠯᠠᠲᠠᠶ ᠂ ᠬᠤᠪᠢ ᠬᠥᠮᠦᠨ ᠠᠴᠠ ᠪᠠᠶᠢᠳᠠᠯ ᠢᠶᠠᠨ ᠲᠤᠰᠬᠠᠬᠤ ᠳᠤ ᠦᠨᠡᠨ ᠪᠣᠳᠠᠲᠠᠶ ᠣᠪᠣᠭ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠤᠲᠠᠰᠤ᠂ ᠬᠠᠶ᠋ᠢᠭ ᠪᠠ ᠰᠢᠤᠳᠠᠨ ᠤ ᠳ᠋ᠤᠭᠠᠷ ᠢᠶᠠᠨ ᠦᠯᠡᠳᠡᠭᠡᠬᠦ ᠬᠡᠷᠡᠭᠲᠡᠶ᠃ ᠰᠢᠦᠳᠠᠨ ᠢᠶᠠᠷ ᠢᠯᠡᠭᠡᠬᠦ ᠪᠠᠷ ᠮᠠᠲ᠋ᠧᠷᠢᠶᠠᠯ ᠢ ᠮᠡᠳᠡᠭᠦᠯᠦᠨ ᠬᠦᠷᠭᠡᠭᠰᠡᠨ ᠠᠵᠤ ᠠᠬᠤᠶᠢᠯᠠᠯ ᠪᠤᠶᠤ ᠬᠤᠪᠢ ᠬᠥᠮᠦᠨ ᠡᠷᠬᠡᠪᠰᠢ ᠬᠠᠷᠢᠯᠴᠠᠬᠤ ᠬᠡᠯᠪᠡᠷᠢ ᠪᠠᠨ ᠦᠯᠡᠳᠡᠭᠡᠵᠦ᠂ ᠬᠡᠷᠡᠭᠴᠡᠭᠡ ᠳᠤ ᠪᠡᠯᠡᠳᠬᠡᠬᠦ ᠬᠡᠷᠡᠭᠲᠡᠶ᠃    ᠬᠠᠷᠢᠯᠴᠠᠬᠤ ᠤᠲᠠᠰᠤ᠄ 0471-6944058᠂ 0471-6944062    ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠨᠣᠮᠧᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 12 ᠳ᠋ᠤᠭᠠᠷ ᠳᠠᠪᠬᠤᠷᠯᠢᠭ ᠤᠨ ᠶᠡᠷᠦᠩᠬᠡᠶᠢᠯᠡᠭᠰᠡᠨ ᠴᠣᠩᠬᠤ    ᠳᠠᠭᠠᠯᠳᠤᠭᠤᠯᠤᠯ᠄     1. ᠬᠤᠷᠢᠨ ᠨᠠᠢᠮᠠᠳᠤᠭᠠᠷ ᠪᠦᠯᠦᠭ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ    2. ᠬᠤᠷᠢᠨ ᠨᠠᠢᠮᠠᠳᠤᠭᠠᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ    3. ᠬᠤᠷᠢᠨ ᠨᠠᠢᠮᠠᠳᠤᠭᠠᠷ ᠪᠦᠯᠦᠭ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ    4. ᠬᠤᠷᠢᠨ ᠨᠠᠢᠮᠠᠳᠤᠭᠠᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠭᠰᠠᠨ ᠰᠠᠨᠠᠯ    5.  ᠬᠤᠷᠢᠨ ᠨᠠᠢᠮᠠᠳᠤᠭᠠᠷ ᠪᠦᠯᠦᠭ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠢ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ        2024 ᠣᠨ ᠤ 8 ᠳ᠋ᠤᠭᠠᠷ ᠰᠠᠷ᠎ᠠ ᠶᠢᠨ 2 ᠤ ᠡᠳᠦᠷ

 

ᠢᠷᠡᠯᠲᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ