9 ᠳ᠋ᠤᠭᠡᠷ ᠰᠠᠷ᠎ᠠ ᠶᠢᠨ 23 ᠤ ᠡᠳᠦᠷ᠂ ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ︽ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠴᠤ ᠭᠡᠷ ᠪᠠᠶᠢᠰᠢᠩ ᠬᠤᠳᠠᠯᠳᠤᠨ ᠠᠪᠬᠤ ᠠᠩᠬ᠎ᠠ ᠲᠤᠰᠢᠶᠠᠬᠤ ᠮᠦᠩᠭᠦ ᠲᠥᠯᠥᠬᠦ ᠶᠢ | ᠳᠡᠮᠵᠢᠬᠦ ᠲᠤᠬᠠᠢ ᠮᠡᠳᠡᠭᠳᠡᠯ︾ ᠨᠡᠶᠢᠲᠡᠯᠡᠪᠡ᠃ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠴᠤ ᠭᠡᠷ ᠪᠠᠶᠢᠰᠢᠩ ᠬᠤᠳᠠᠯᠳᠤᠨ ᠠᠪᠬᠤ ᠠᠩᠬ᠎ᠠ ᠲᠤᠰᠢᠶᠠᠬᠤ | ᠮᠦᠩᠭᠦ ᠶᠢ ᠳᠡᠮᠵᠢᠬᠦ ᠲᠤᠬᠠᠢ ᠮᠡᠳᠡᠭᠳᠡᠯ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠳᠦᠯ ᠢ ᠤᠯᠠᠮ ᠨᠢᠭᠡ | ᠠᠯᠬᠤᠮ ᠪᠠᠳᠠᠷᠠᠭᠤᠯᠵᠦ᠂ ᠲᠤᠰᠢᠶᠠᠨ ᠬᠠᠳᠠᠭᠠᠯᠠᠭᠤᠯᠬᠤ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠵᠠᠶᠢᠯᠠᠰᠢ ᠦᠭᠡᠢ ᠬᠡᠷᠡᠭᠴᠡᠭᠡ ᠪᠠ ᠰᠠᠶᠢᠵᠢᠷᠠᠭᠤᠯᠬᠤ | ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠳᠡᠮᠵᠢᠵᠦ᠂ ᠭᠡᠷ ᠪᠠᠶᠢᠰᠢᠩ ᠬᠤᠳᠠᠯᠳᠤᠨ ᠠᠪᠤᠭᠴᠢ ᠶᠢᠨ ᠠᠩᠬ᠎ᠠ ᠲᠤᠰᠢᠶᠠᠬᠤ ᠮᠦᠩᠭᠦ ᠶᠢᠨ ᠳᠠᠷᠤᠯᠲᠠ ᠶᠢ | ᠬᠥᠩᠭᠡᠷᠡᠭᠦᠯᠵᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠬᠥᠬᠡᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠦᠯᠦᠭᠡ᠂ ᠬᠥᠬᠡᠬᠤᠲᠠ ᠶᠢᠨ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠵᠥᠪᠯᠡᠯ ᠤᠨ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ | ᠬᠤᠷᠠᠯᠳᠤᠭᠠᠨ ᠠᠴᠠ᠂ ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠠᠴᠠ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠴᠤ ᠭᠡᠷ ᠪᠠᠶᠢᠰᠢᠩ ᠬᠤᠳᠠᠯᠳᠤᠨ ᠠᠪᠬᠤ ᠳᠤ ᠠᠩᠬ᠎ᠠ ᠲᠤᠰᠢᠶᠠᠬᠤ ᠮᠦᠩᠭᠦ ᠲᠥᠯᠥᠬᠦ ᠶᠢ ᠲᠡᠮᠵᠢᠨ᠎ᠡ | ᠭᠡᠵᠤ ᠰᠤᠳᠤᠯᠤᠨ ᠪᠠᠳᠤᠯᠠᠵᠠᠢ᠃ ᠬᠤᠯᠪᠤᠭᠳᠠᠯ ᠪᠦᠬᠦᠢ ᠶᠠᠪᠤᠳᠠᠯ ᠢ ᠲᠤᠤᠷᠠᠬᠢ ᠮᠡᠳᠦ ᠮᠡᠳᠡᠭᠳᠡᠶ᠎ᠡ᠄ | ᠨᠢᠭᠡ᠂ ᠲᠤᠬᠠᠶᠢᠯᠠᠭᠰᠠᠨ ᠠᠵᠢᠯ ᠭᠦᠢᠴᠡᠳᠬᠡᠬᠦ ᠨᠥᠬᠦᠴᠡᠯ | ᠬᠥᠬᠡᠬᠤᠲᠠ ᠶᠢᠨ ᠰᠢᠨ᠎ᠡ ᠬᠤᠲᠠ ᠲᠣᠭᠤᠷᠢᠭ᠂ ᠬᠤᠲᠣᠩ ᠠᠷᠠᠳ ᠤᠨ ᠲᠣᠭᠤᠷᠢᠭ᠂ ᠢᠦᠢ ᠴᠢᠤᠸᠠᠨ ᠲᠣᠭᠤᠷᠢᠭ᠂ ᠰᠠᠶᠢᠬᠠᠨ ᠲᠣᠭᠤᠷᠢᠭ ᠤᠨ ᠬᠠᠷᠢᠶ᠎ᠠ | ᠲᠣᠭᠤᠷᠢᠭ ᠲᠤ ᠰᠢᠨ᠎ᠡ ᠪᠠᠷ ᠪᠠᠶᠢᠭᠤᠯᠤᠭᠰᠠᠨ ᠤᠷᠢᠳᠴᠢᠯᠠᠨ ᠬᠤᠳᠠᠯᠳᠤᠬᠤ ᠲᠠᠸᠠᠷ ᠤᠨ ᠣᠷᠣᠨ ᠰᠠᠭᠤᠴᠠ ᠬᠤᠳᠠᠯᠳᠤᠨ ᠠᠪᠬᠤ ᠰᠠᠨᠠᠭ᠎ᠠ ᠲᠠᠢ ᠬᠥᠬᠡᠬᠤᠲᠠ ᠶᠢᠨ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠲᠤ ᠲᠤᠰᠢᠶᠠᠨ ᠬᠠᠳᠠᠭᠠᠯᠠᠭᠤᠯᠵᠤ ᠪᠠᠶᠢᠭ᠎ᠠ ᠠᠵᠢᠯᠲᠠᠨ ᠠᠵᠢᠯᠴᠢᠨ ᠬᠤᠪᠢ | ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠠᠩᠰᠠᠨ ᠡᠷᠦᠬᠡ ᠶᠢᠨ ᠦᠯᠡᠳᠡᠪᠦᠷᠢ ᠮᠥᠩᠭᠦ ᠶᠢ ᠭᠡᠷ ᠪᠠᠶᠢᠰᠢᠩ ᠭᠠᠵᠠᠷ | ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠠᠩᠰᠠᠨ ᠡᠷᠦᠬᠡ ᠳᠤ ᠭᠡᠷ | ᠪᠠᠶᠢᠰᠢᠩ ᠬᠤᠳᠠᠯᠳᠤᠨ ᠠᠪᠬᠤ ᠠᠩᠬ᠎ᠠ ᠲᠤᠰᠢᠶᠠᠬᠤ ᠮᠦᠩᠭᠦ ᠲᠥᠯᠥᠬᠦ ᠳᠤ ᠬᠡᠷᠡᠭᠯᠡᠬᠦ ᠪᠠᠷ ᠰᠢᠯᠵᠢᠭᠦᠯᠬᠦ ᠶᠢ ᠭᠤᠶᠤᠴᠢᠯᠠᠵᠤ ᠪᠣᠯᠣᠨ᠎ᠠ᠃ | ᠬᠤᠶᠠᠷ᠂ ᠭᠤᠶᠤᠴᠢᠯᠠᠬᠤ ᠮᠠᠲ᠋ᠧᠷᠢᠶᠠᠯ ᠵᠢᠴᠢ ᠴᠤᠪᠤᠷᠠᠯ | ᠲᠣᠰ ᠲᠤᠬᠠᠶᠢᠯᠠᠭᠰᠠᠨ ᠠᠵᠢᠯ ᠳᠤ᠂ ᠭᠠᠷᠭᠠᠨ ᠠᠪᠤᠭᠴᠢ ︵ᠵᠥᠪᠬᠡᠨ ᠭᠡᠷ ᠪᠠᠶᠢᠰᠢᠩ ᠬᠤᠳᠠᠯᠳᠤᠨ ᠠᠪᠤᠭᠴᠢ ᠪᠠᠷ ᠬᠢᠵᠠᠭᠠᠷᠯᠠᠨ᠎ᠠ︶ ᠲᠣᠰ ᠬᠥᠮᠥᠨ ᠨᠢ | ᠪᠡᠶ᠎ᠡ ᠶᠢᠨ ᠦᠨᠡᠮᠯᠡᠯ ᠢᠶᠠᠨ ᠠᠪᠴᠤ ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠲᠤ ᠬᠦᠷᠴᠦ ᠲᠤᠬᠠᠢ ᠶᠢᠨ | ᠲᠠᠯᠠᠪᠤᠷ ᠲᠤ ᠭᠦᠢᠴᠡᠳᠬᠡᠬᠦ ᠬᠡᠷᠡᠭᠲᠡᠢ᠂ ᠪᠤᠰᠤᠳ ᠬᠥᠮᠥᠨ ᠳᠤ ᠨᠠᠶᠢᠳᠠᠵᠤ ᠣᠷᠣᠯᠠᠨ ᠭᠦᠢᠴᠡᠳᠬᠡᠭᠦᠯᠬᠦ ᠪᠤᠶᠤ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠦᠭᠡᠢ᠃ | | 1. ᠭᠠᠷᠭᠠᠨ ᠠᠪᠤᠭᠴᠢ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠯᠤᠭ᠎ᠠ ︽ᠤᠷᠢᠳᠴᠢᠯᠠᠨ ᠬᠤᠳᠠᠯᠳᠤᠬᠤ ᠲᠠᠸᠠᠷ ᠤᠨ | ᠭᠡᠷ ᠪᠠᠶᠢᠰᠢᠩ ᠤᠨ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠬᠤ ᠭᠡᠷ᠎ᠡ︾ ︵ᠡᠬᠡ ᠨᠣᠣᠷᠠᠭ︶ ᠳᠤ ᠭᠠᠷ ᠤᠨ ᠥᠰᠥᠭ ᠵᠢᠷᠤᠭᠰᠠᠨ ᠤ ᠳᠠᠷᠠᠭ᠎ᠠ᠂ ᠭᠠᠷᠭᠠᠨ | ᠠᠪᠤᠭᠴᠢ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ︵ᠠᠵᠤ | ᠠᠬᠤᠶᠢᠯᠠᠯ ᠤᠨ ᠠᠯᠪᠠᠨ ᠲᠠᠮᠠᠭ᠎ᠠ ᠶᠢ ᠳᠠᠷᠤᠨ᠎ᠠ︶᠂ ︽ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠠᠮᠠᠯᠠᠯᠲᠠ ᠶᠢᠨ ᠪᠢᠴᠢᠭ︾ ᠢ | ᠠᠪᠴᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠦᠢᠯᠡᠴᠢᠯᠡᠭᠡᠨ ᠤ ᠲᠢᠩᠬᠢᠮ ᠤᠨ ᠴᠤᠩᠬᠤᠪᠴᠢ ᠳᠤ ᠬᠦᠷᠴᠦ ︽ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠴᠤ ᠭᠡᠷ ᠪᠠᠶᠢᠰᠢᠩ ᠬᠤᠳᠠᠯᠳᠤᠨ ᠠᠪᠬᠤ ᠠᠩᠬ᠎ᠠ ᠲᠤᠰᠢᠶᠠᠬᠤ ᠮᠦᠩᠭᠦ ᠶᠢ | ᠲᠥᠯᠥᠬᠦ ᠡᠷᠬᠡ ᠣᠯᠭᠤᠬᠤ ᠠᠮᠠᠯᠠᠯᠲᠠ ᠶᠢᠨ ᠪᠢᠴᠢᠭ︾ ᠲᠤ ᠲᠤᠬᠠᠢ ᠶᠢᠨ ᠲᠠᠯᠠᠪᠠᠢ ᠳᠤ ᠭᠠᠷ ᠤᠨ ᠦᠰᠦᠭ ᠵᠢᠷᠤᠨ᠎ᠠ᠃ | 2. ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠨᠢ ᠲᠤᠬᠠᠢ ᠶᠢᠨ ᠲᠠᠯᠠᠪᠤᠷ ᠲᠤ ᠭᠠᠷᠭᠠᠨ ᠠᠪᠤᠭᠴᠢ ᠶᠢᠨ ᠬᠢᠷᠢ ᠬᠡᠮ | ᠵᠢᠴᠢ ᠭᠠᠷᠭᠠᠨ ᠠᠪᠬᠤ ᠵᠣᠭᠤᠰ ᠤᠨ ᠲᠤᠭ᠎ᠠ ᠶᠢ ᠬᠢᠨᠠᠨ ᠬᠠᠷᠭᠤᠭᠤᠯᠵᠤ ᠬᠢᠨᠠᠨ ᠲᠤᠭᠳᠠᠭᠠᠨ᠎ᠠ᠂ ᠬᠢᠨᠠᠨ ᠬᠠᠷᠭᠤᠭᠤᠯᠤᠭᠠᠳ ᠠᠯᠳᠠᠭ᠎ᠠ ᠦᠭᠡᠢ ᠪᠤᠯ᠂ ︽ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠤᠷᠢᠳᠴᠢᠯᠠᠨ ᠥᠭᠭᠦᠭᠰᠡᠨ ᠵᠣᠭᠤᠰ ᠤᠨ ᠭᠡᠷᠡᠴᠢ︾ ᠶᠢ ᠲᠠᠷᠤᠮᠠᠯᠯᠠᠨ᠎ᠠ᠂ ᠭᠡᠷᠡᠴᠢ ᠶᠢᠨ ᠬᠦᠴᠦᠨ ᠲᠠᠢ | ᠬᠤᠭᠤᠴᠠᠭ᠎ᠠ ᠨᠢ 10 ᠠᠵᠢᠯᠯᠠᠬᠤ ᠡᠳᠦᠷ ᠪᠣᠯᠬᠤ ᠪᠥᠭᠡᠳ ︽ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠤᠷᠢᠳᠴᠢᠯᠠᠨ ᠥᠭᠭᠦᠭᠰᠡᠨ ᠵᠣᠭᠤᠰ ᠤᠨ ᠭᠡᠷᠡᠴᠢ | ︾ ᠶᠢᠨ ᠮᠡᠳᠡᠭᠡ ᠵᠠᠩᠭᠢ ᠶᠢ ᠬᠥᠬᠡᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶᠠᠨ ᠤ ᠲᠥᠪ ᠲᠤ ᠬᠦᠷᠭᠡᠨ᠎ᠡ᠃ | 3. ᠭᠠᠷᠭᠠᠨ ᠠᠪᠤᠭᠴᠢ ᠨᠢ ︽ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠤᠷᠢᠳᠴᠢᠯᠠᠨ ᠥᠭᠭᠦᠭᠰᠡᠨ ᠵᠣᠭᠤᠰ ᠤᠨ ᠭᠡᠷᠡᠴᠢ︾ ᠪᠠᠨ ᠠᠪᠴᠤ | ᠬᠦᠴᠦᠨ ᠲᠠᠢ ᠬᠤᠭᠤᠴᠠᠭᠠᠨ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠳᠤ ᠬᠦᠷᠴᠦ ᠰᠦᠯᠵᠢᠶᠡᠨ ᠳᠡᠭᠡᠷ᠎ᠡ ᠭᠠᠷ ᠤᠨ ᠥᠰᠥᠭ | ᠵᠢᠷᠤᠵᠤ ᠳᠠᠩᠰᠠᠯᠠᠭᠤᠯᠬᠤ ᠭᠡᠷ᠎ᠡ ᠭᠦᠢᠴᠡᠳᠬᠡᠨ᠎ᠡ᠃ | 4. ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠦ ᠳᠠᠩᠰᠠᠯᠠᠭᠤᠯᠬᠤ ᠭᠡᠷ᠎ᠡ ᠶᠢ ᠭᠦᠢᠴᠡᠳᠬᠡᠵᠦ ᠳᠠᠭᠤᠰᠤᠭᠰᠠᠨ ᠤ ᠳᠠᠷᠠᠭ᠎ᠠ᠂ ᠬᠥᠬᠡᠬᠤᠲᠠ ᠶᠢᠨ ᠭᠡᠷ | ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶᠠᠨ ᠤ ᠲᠥᠪ ᠠᠴᠠ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠲᠠᠩᠰᠠᠯᠠᠭᠤᠯᠤᠭᠰᠠᠨ ᠭᠡᠷ᠎ᠡ ᠶᠢᠨ ᠮᠡᠳᠡᠭᠡ | ᠵᠠᠩᠭᠢ ᠶᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠲᠤ ᠬᠦᠷᠭᠡᠨ᠎ᠡ᠃ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠨᠢ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠲᠠᠩᠰᠠᠯᠠᠭᠤᠯᠤᠭᠰᠠᠨ ᠭᠡᠷ᠎ᠡ ᠶᠢᠨ ᠮᠡᠳᠡᠭᠡ ᠵᠠᠩᠭᠢ ᠶᠢ ᠪᠠᠶᠢᠴᠠᠭᠠᠨ | ᠰᠢᠯᠭᠠᠵᠤ᠂ ᠬᠢᠨᠠᠨ ᠬᠠᠷᠭᠤᠭᠤᠯᠤᠭᠠᠳ ᠪᠤᠷᠤᠭᠤ ᠦᠭᠡᠢ ᠪᠣᠯ᠂ ᠭᠠᠷᠭᠠᠨ ᠠᠪᠬᠤ ᠵᠣᠭᠤᠰ ᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ | ᠠᠬᠤᠶᠢᠯᠠᠯ ᠤᠨ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠠᠩᠰᠠᠨ ᠡᠷᠦᠬᠡ ᠳᠤ ᠰᠢᠯᠵᠢᠭᠦᠯᠬᠦ ᠶᠢᠨ ᠬᠠᠮᠲᠤ᠂ ᠵᠣᠭᠤᠰ | ᠲᠤᠰᠢᠶᠠᠭᠰᠠᠨ ᠮᠡᠳᠡᠭᠡ ᠵᠠᠩᠭᠢ ᠶᠢ ᠬᠥᠬᠡᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶᠠᠨ ᠤ ᠲᠥᠪ ᠲᠤ ᠬᠦᠷᠭᠡᠨ᠎ᠡ᠃ ᠭᠡᠷ ᠪᠠᠶᠢᠰᠢᠩ ᠭᠠᠵᠠᠷ | ᠬᠥᠷᠥᠩᠭᠡ ᠶᠢᠨ ᠠᠷᠠᠯᠵᠢᠶᠠᠨ ᠤ ᠲᠥᠪ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠳᠠᠩᠰᠠᠯᠠᠬᠤ ᠰᠢᠰᠲ᠋ᠧᠮ ᠳᠤ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠪᠠᠷ ᠭᠡᠷ ᠪᠠᠶᠢᠰᠢᠩ ᠬᠤᠳᠠᠯᠳᠤᠨ ᠠᠪᠬᠤ ᠠᠩᠬ᠎ᠠ ᠲᠤᠰᠢᠶᠠᠬᠤ ᠮᠦᠩᠭᠦ ᠲᠥᠯᠥᠬᠦ ᠰᠦᠯᠵᠢᠶᠡᠨ ᠳᠡᠭᠡᠷ᠎ᠡ ᠭᠠᠷ ᠤᠨ ᠥᠰᠥᠭ | ᠵᠢᠷᠤᠬᠤ ᠶᠢ ᠳᠠᠩᠰᠠᠯᠠᠬᠤ ᠭᠡᠷ᠎ᠡ ᠭᠡᠵᠤ ᠲᠣᠳᠣᠷᠬᠠᠶᠢᠯᠠᠨ᠎ᠠ᠃ | 5. ᠭᠠᠷᠭᠠᠵᠤ ᠠᠪᠤᠭᠰᠠᠨ ᠮᠦᠩᠭᠦ ᠶᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠪᠡᠯᠡ ᠮᠥᠩᠭᠦᠨ ᠤ ᠬᠢᠨᠠᠨ | ᠬᠠᠮᠢᠶᠠᠷᠤᠯᠲᠠ ᠶᠢᠨ ᠳᠠᠩᠰᠠᠨ ᠡᠷᠦᠬᠡ ᠳᠤ ᠰᠢᠯᠵᠢᠭᠦᠯᠦᠭᠰᠡᠨ ᠤ ᠳᠠᠷᠠᠭᠠᠬᠢ 3 ᠠᠵᠢᠯᠯᠠᠬᠤ ᠡᠳᠦᠷ ᠤᠨ ᠳᠣᠲᠣᠷ᠎ᠠ᠂ ᠭᠠᠷᠭᠠᠵᠤ ᠠᠪᠤᠭᠴᠢ ᠨᠢ ᠭᠡᠷ ᠪᠠᠶᠢᠰᠢᠩ ᠭᠠᠵᠠᠷ | ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠤᠯᠭᠤᠭᠰᠠᠨ ᠭᠡᠷ ᠪᠠᠶᠢᠰᠢᠩ ᠬᠤᠳᠠᠯᠳᠤᠨ ᠠᠪᠬᠤ ᠠᠩᠬᠠᠨ ᠤ ᠲᠥᠯᠥᠪᠦᠷᠢ ᠶᠢᠨ ᠪᠠᠷᠢᠮᠲᠠ ᠶᠢ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠮᠥᠩᠭᠦ ᠶᠢᠨ ᠲᠥᠪ ᠲᠤ ᠪᠤᠴᠠᠭᠠᠵᠤ ᠰᠡᠭᠦᠳᠡᠷᠯᠡᠭᠦᠯᠦᠨ ᠳᠠᠩᠰᠠ ᠡᠪᠬᠡᠮᠡᠯ ᠳᠤ ᠣᠷᠣᠭᠤᠯᠤᠨ᠎ᠠ᠃ | ᠭᠤᠷᠪᠠ᠂ ᠪᠤᠰᠤᠳ ᠲᠣᠳᠣᠷᠬᠠᠶᠢᠯᠠᠬᠤ ᠵᠦᠢᠯ | 1. ᠣᠷᠣᠨ ᠰᠠᠭᠤᠴᠠ ᠨᠢᠭᠡᠪᠦᠷᠢ ᠨᠢ ᠵᠦᠪᠬᠡᠨ ᠨᠢᠭᠡ ᠤᠳᠠᠭ᠎ᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠠᠩᠰᠠᠨ | ᠡᠷᠦᠬᠡ ᠶᠢᠨ ᠦᠯᠡᠳᠡᠪᠦᠷᠢ ᠮᠦᠩᠭᠦ ᠶᠢ ᠭᠠᠷᠭᠠᠨ ᠠᠪᠴᠤ ᠭᠡᠷ ᠪᠠᠶᠢᠰᠢᠩ ᠬᠤᠳᠠᠯᠳᠤᠨ ᠠᠪᠬᠤ ᠠᠩᠬ᠎ᠠ ᠲᠤᠰᠢᠶᠠᠬᠤ ᠮᠦᠩᠭᠦ ᠲᠥᠯᠥᠬᠦ ᠳᠤ ᠬᠡᠷᠡᠭᠯᠡᠵᠦ ᠪᠣᠯᠣᠨ᠎ᠠ᠃ | ᠬᠡᠷᠪᠡ ᠨᠥᠬᠦᠴᠡᠯ ᠳᠤ ᠨᠡᠶᠢᠴᠡᠬᠦ ᠭᠠᠷᠭᠠᠨ ᠠᠪᠤᠭᠴᠢ ᠨᠢ ᠣᠯᠠᠨ ᠬᠥᠮᠥᠨ ᠪᠠᠶᠢᠪᠠᠯ ᠨᠢᠭᠡ ᠯᠡ ᠤᠳᠠᠭ᠎ᠠ ᠳᠤ ᠬᠠᠮᠲᠤ ᠪᠠᠷ ᠭᠤᠶᠤᠴᠢᠯᠠᠯ ᠢᠶᠠᠨ ᠲᠤᠰᠢᠶᠠᠨ᠎ᠠ᠂ ᠭᠠᠷᠭᠠᠨ | ᠠᠪᠬᠤ ᠵᠣᠭᠤᠰ ᠤᠨ ᠲᠤᠭ᠎ᠠ ᠶᠢᠨ ᠨᠡᠶᠢᠯᠡᠪᠦᠷᠢ ᠨᠢ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠲᠠᠩᠰᠠᠯᠠᠭᠤᠯᠤᠭᠰᠠᠨ ᠭᠡᠷ᠎ᠡ ᠳᠤ ᠪᠣᠯᠵᠣᠨ ᠲᠣᠭᠲᠠᠭᠰᠠᠨ | ᠠᠩᠬ᠎ᠠ ᠲᠤᠰᠢᠶᠠᠬᠤ ᠵᠣᠭᠤᠰ ᠤᠨ ᠲᠤᠭ᠎ᠠ ᠠᠴᠠ ᠬᠡᠲᠦᠷᠡᠭᠦᠯᠵᠦ ᠪᠣᠯᠬᠤ ᠦᠭᠡᠢ᠃ | 2.ᠨᠢᠭᠡᠨᠲᠡ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠷ ᠠᠩᠬ᠎ᠠ ᠲᠤᠰᠢᠶᠠᠬᠤ ᠮᠦᠩᠭᠦ ᠲᠥᠯᠥᠬᠦ ᠲᠤᠬᠠᠶᠢᠯᠠᠭᠰᠠᠨ ᠠᠵᠢᠯ ᠢ | ᠭᠦᠢᠴᠡᠳᠬᠡᠭᠰᠡᠨ ᠠᠵᠢᠯᠲᠠᠨ ᠠᠵᠢᠯᠴᠢᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠨᠥᠬᠦᠴᠡᠯ ᠳᠤ ᠨᠡᠶᠢᠴᠡᠪᠡᠯ᠂ | ᠮᠥᠨ ᠲᠣᠭᠲᠠᠭᠠᠯ ᠶᠣᠰᠣᠭᠠᠷ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢ ᠭᠤᠶᠤᠴᠢᠯᠠᠨ ᠭᠦᠢᠴᠡᠳᠬᠡᠵᠦ ᠪᠣᠯᠣᠨ᠎ᠠ᠃ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠠᠩᠬ᠎ᠠ ᠲᠤᠰᠢᠶᠠᠬᠤ ᠵᠣᠭᠤᠰ ᠤᠨ ᠲᠤᠭ᠎ᠠ ᠪᠠ ᠭᠠᠷᠭᠠᠨ ᠠᠪᠤᠭᠰᠠᠨ ᠤ ᠳᠠᠷᠠᠭᠠᠬᠢ | ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠠᠩᠰᠠᠨ ᠡᠷᠦᠬᠡ ᠶᠢᠨ ᠦᠯᠡᠳᠡᠪᠦᠷᠢ ᠲᠤᠭ᠎ᠠ ᠶᠢ ᠨᠡᠶᠢᠯᠡᠭᠦᠯᠦᠭᠡᠳ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠨᠡᠶᠢᠳᠡ ᠲᠤᠭ᠎ᠠ ᠶᠢ ᠪᠤᠳᠤᠵᠤ ᠭᠠᠷᠭᠠᠨ᠎ᠠ᠃ | 3. ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠲᠠᠩᠰᠠᠯᠠᠭᠤᠯᠤᠭᠰᠠᠨ ᠭᠡᠷ᠎ᠡ ᠶᠢ ᠬᠦᠴᠦᠨ ᠦᠭᠡᠢ ᠪᠣᠯᠭᠠᠬᠤ ᠪᠠᠷ ᠭᠤᠶᠤᠴᠢᠯᠠᠬᠤ ᠳᠤ᠂ ᠭᠠᠷᠭᠠᠨ | ᠠᠪᠤᠭᠴᠢ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠢ ᠬᠠᠮᠵᠢᠨ 3 ᠠᠵᠢᠯᠯᠠᠬᠤ ᠡᠳᠦᠷ ᠤᠨ ᠳᠣᠲᠣᠷ᠎ᠠ᠂ ᠨᠢᠭᠡᠨᠲᠡ ᠭᠠᠷᠭᠠᠨ | ᠠᠪᠤᠭᠰᠠᠨ ᠵᠣᠭᠤᠰ ᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠲᠠᠩᠰᠠᠨ ᠡᠷᠦᠬᠡ ᠳᠤ ᠪᠤᠴᠠᠭᠠᠬᠤ ᠬᠡᠷᠡᠭᠲᠡᠢ︔ | ᠡᠭᠦᠨ ᠤ ᠬᠠᠮᠲᠤ᠂ ᠭᠠᠷᠭᠠᠨ ᠠᠪᠤᠭᠴᠢ ᠨᠢ ᠡᠷᠬᠡᠪᠰᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠲᠤ ᠬᠦᠷᠴᠦ ᠣᠷᠣᠨ | ᠰᠠᠭᠤᠴᠠ ᠪᠠᠨ ᠪᠤᠴᠠᠭᠠᠵᠤ ᠨᠥᠬᠦᠵᠦ ᠲᠤᠰᠢᠶᠠᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠭᠠᠷᠭᠠᠨ ᠠᠪᠤᠭᠰᠠᠨ ᠵᠣᠭᠤᠰ ᠢ ᠪᠤᠴᠠᠭᠠᠵᠤ ᠬᠤᠪᠢ ᠬᠥᠮᠥᠨ ᠤ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠠᠩᠰᠠᠨ ᠡᠷᠦᠬᠡ ᠳᠤ ᠤᠷᠤᠭᠤᠯᠵᠤ᠂ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠦᠯᠡᠳᠡᠪᠦᠷᠢ ᠲᠤᠭ᠎ᠠ ᠳᠤ ᠤᠷᠤᠭᠤᠯᠤᠨ᠎ᠠ᠃ | 4. ᠲᠣᠰ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠠᠪᠤᠴᠠ ᠳᠤ᠂ ᠬᠡᠷᠪᠡ ᠬᠤᠪᠢ ᠬᠥᠮᠥᠨ ᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠠᠩᠰᠠᠨ | ᠡᠷᠦᠬᠡ ᠨᠢ ᠰᠢᠭᠦᠬᠦ ᠬᠤᠷᠢᠶ᠎ᠠ ᠠᠴᠠ ᠴᠠᠷᠴᠠᠭᠠᠭᠰᠠᠨ᠂ ᠰᠠᠭᠤᠯᠭᠠᠨ ᠰᠢᠯᠵᠢᠭᠦᠯᠦᠭᠰᠡᠨ ᠵᠡᠷᠭᠡ ᠰᠢᠯᠲᠠᠭᠠᠨ ᠠᠴᠠ ᠪᠣᠯᠵᠤ ᠭᠡᠷ ᠪᠠᠶᠢᠰᠢᠩ ᠬᠤᠳᠠᠯᠳᠤᠨ ᠠᠪᠬᠤ ᠠᠩᠬ᠎ᠠ | ᠲᠤᠰᠢᠶᠠᠬᠤ ᠵᠣᠭᠤᠰ ᠢ ᠰᠢᠯᠵᠢᠭᠦᠯᠬᠦ ᠶᠢᠨ ᠠᠷᠭ᠎ᠠ ᠦᠭᠡᠢ ᠪᠠᠶᠢᠪᠠᠯ᠂ ᠲᠣᠰ ᠲᠤᠬᠠᠶᠢᠯᠠᠭᠰᠠᠨ ᠠᠵᠢᠯ ᠢ ᠭᠦᠢᠴᠡᠳᠬᠡᠬᠦ ᠪᠠᠨ ᠵᠤᠭᠰᠤᠭᠠᠨ᠎ᠠ᠂ ᠬᠥᠬᠡᠬᠤᠲᠠ ᠶᠢᠨ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠬᠠᠷᠢᠭᠤᠴᠠᠯᠭ᠎ᠠ ᠡᠭᠦᠷᠭᠡᠯᠡᠬᠦ ᠦᠭᠡᠢ᠃ | 5. ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠲᠠᠩᠰᠠᠯᠠᠭᠤᠯᠤᠭᠰᠠᠨ ᠭᠡᠷ᠎ᠡ ᠶᠢ ᠬᠦᠴᠦᠨ ᠦᠭᠡᠢ ᠪᠣᠯᠭᠠᠬᠤ ᠪᠠᠷ ᠭᠤᠶᠤᠴᠢᠯᠠᠬᠤ ᠳᠤ᠂ ᠬᠡᠷᠪᠡ ᠭᠡᠷ | ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠢᠨᠠᠨ ᠬᠠᠮᠢᠶᠠᠷᠤᠯᠳᠠ ᠶᠢᠨ ᠲᠠᠩᠰᠠᠨ ᠡᠷᠦᠬᠡ ᠨᠢ ᠰᠢᠭᠦᠬᠦ ᠬᠤᠷᠢᠶ᠎ᠠ ᠠᠴᠠ ᠴᠠᠷᠴᠠᠭᠠᠭᠰᠠᠨ | ᠂ ᠰᠠᠭᠤᠯᠭᠠᠨ ᠰᠢᠯᠵᠢᠭᠦᠯᠦᠭᠰᠡᠨ ᠵᠡᠷᠭᠡ ᠰᠢᠯᠲᠠᠭᠠᠨ ᠠᠴᠠ ᠪᠣᠯᠵᠤ᠂ ᠨᠢᠭᠡᠨᠲᠡ ᠭᠠᠷᠭᠠᠨ ᠠᠪᠤᠭᠰᠠᠨ ᠵᠣᠭᠤᠰ ᠢ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠲᠠᠩᠰᠠᠨ ᠡᠷᠦᠬᠡ ᠳᠤ ᠪᠤᠴᠠᠭᠠᠬᠤ ᠶᠢᠨ ᠠᠷᠭ᠎ᠠ ᠦᠭᠡᠢ ᠪᠣᠯᠤᠭᠰᠠᠨ ᠪᠠᠶᠢᠪᠠᠯ᠂ ᠬᠥᠬᠡᠬᠤᠲᠠ ᠶᠢᠨ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠠᠴᠠ ᠬᠠᠷᠢᠭᠤᠴᠠᠯᠭ᠎ᠠ ᠡᠭᠦᠷᠭᠡᠯᠡᠬᠦ ᠦᠭᠡᠢ ᠮᠦᠷᠳᠡᠭᠡᠨ ᠨᠢᠭᠡᠨᠲᠡ ᠭᠠᠷᠭᠠᠨ ᠠᠪᠤᠭᠰᠠᠨ | ᠵᠣᠭᠤᠰ ᠢ ᠬᠠᠤᠯᠢ ᠶᠣᠰᠣᠭᠠᠷ ᠨᠡᠬᠡᠮᠵᠢᠯᠡᠨ ᠠᠪᠤᠨ᠎ᠠ᠃ | ᠲᠣᠰ ᠮᠡᠳᠡᠭᠳᠡᠯ ᠢ 2024 ᠣᠨ ᠤ 9 ᠳ᠋ᠤᠭᠡᠷ ᠰᠠᠷ᠎ᠠ ᠶᠢᠨ 23 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ | 2024 ᠣᠨ ᠤ 9 ᠳ᠋ᠤᠭᠡᠷ ᠰᠠᠷ᠎ᠠ ᠶᠢᠨ 23 ᠤ ᠡᠳᠦᠷ | |