2024 ᠣᠨ ᠤ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ︽ᠶᠠᠰᠤ ᠴᠢᠨᠠᠷ ᠤᠨ ᠰᠠᠷ᠎ᠠ︾ ᠶᠢᠨ ᠠᠵᠢᠯᠯᠠᠭ᠎ᠠ ᠵᠢᠴᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠦᠵᠡᠭᠦᠯᠦᠯᠭᠡ ᠪᠤᠯᠪᠠᠰᠤᠷᠠᠯ ᠤᠨ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2024/9/30
    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠦ᠂ ︽ᠶᠠᠰᠤ ᠴᠢᠨᠠᠷ ᠢᠶᠠᠷ ᠤᠯᠤᠰ ᠢᠶᠠᠨ ᠬᠦᠴᠦᠷᠬᠡᠭᠵᠢᠭᠦᠯᠬᠦ︾᠂ ︽ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ︾ ᠠᠵᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ 2024 ᠣᠨ ᠤ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ︽ᠶᠠᠰᠤ ᠴᠢᠨᠠᠷ ᠤᠨ ᠰᠠᠷ᠎ᠠ︾ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠪᠠᠷᠢᠯᠭ᠎ᠠ ᠶᠢᠨ ᠦᠢᠯᠡᠰ ᠤᠨ ᠠᠵᠤ ᠦᠢᠯᠡᠳᠪᠦᠷᠢᠵᠢᠯᠲᠡ᠂ ᠲᠣᠭᠠᠴᠢᠯᠠᠯᠲᠠ᠂ ᠪᠣᠬᠢᠷᠲᠤᠯ ᠦᠭᠡᠢ ᠠᠭᠤᠰᠤᠯᠴᠠᠭᠤᠯᠤᠨ ᠬᠥᠭᠵᠢᠭᠦᠯᠬᠦ ᠪᠠ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠦᠪᠯᠡᠷᠡᠭᠦᠯᠬᠦ ᠶᠢᠨ ᠲᠦᠯᠦᠭᠡ᠂ 9 ᠳ᠋ᠤᠭᠡᠷ ᠰᠠᠷ᠎ᠠ ᠶᠢᠨ 26 ᠤ ᠡᠳᠦᠷ᠂ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ︽ᠶᠠᠰᠤ ᠴᠢᠨᠠᠷ ᠤᠨ ᠰᠠᠷ᠎ᠠ︾ ᠵᠢᠴᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠦᠵᠡᠭᠦᠯᠦᠯᠭᠡ ᠪᠤᠯᠪᠠᠰᠤᠷᠠᠯ ᠤᠨ ᠠᠵᠢᠯᠯᠠᠭ᠎ᠠ ᠬᠥᠬᠡᠬᠤᠲᠠ ᠳᠤ ᠶᠠᠪᠤᠭᠳᠠᠪᠠ᠃
W020240929330671806036.png
    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠲᠡᠳ᠋ ᠳᠠᠷᠤᠭ᠎ᠠ ᠯᠢᠦ ᠵᠢᠶᠠᠨ ᠬᠤᠸᠠ ᠠᠵᠢᠯᠯᠠᠭ᠎ᠠ ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ᠂ ᠡᠯ᠎ᠡ ᠭᠠᠵᠠᠷ ᠤᠨ ᠬᠢᠨ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ᠂ ᠠᠮᠤᠷ ᠲᠦᠪᠰᠢᠨ᠂ ᠠᠷᠠᠳ ᠲᠦᠮᠡᠨ ᠳᠤ ᠲᠠᠭᠠᠰᠢᠶᠠᠭᠳᠠᠭᠰᠠᠨ ︽ᠰᠠᠶᠢᠨ ᠭᠡᠷ ᠪᠠᠶᠢᠰᠢᠩ︾ ᠢ ᠪᠠᠶᠢᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠢᠮᠠᠭᠲᠠ ᠪᠠᠷᠢᠮᠲᠠᠯᠠᠵᠤ᠂ ᠪᠠᠷᠢᠯᠭ᠎ᠠ ᠶᠢᠨ ᠠᠵᠤ ᠦᠢᠯᠡᠰ ᠤᠨ ᠰᠢᠨ᠎ᠡ ᠬᠡᠯᠪᠡᠷᠢ ᠶᠢᠨ ᠦᠢᠯᠡᠳᠪᠦᠷᠢᠯᠡᠯ ᠤᠨ ᠵᠣᠬᠢᠶᠠᠨ ᠪᠠᠶᠢᠭᠤᠯᠤᠯᠲᠠ ᠶᠢᠨ ᠵᠠᠭᠪᠤᠷ ᠢ ᠢᠳᠡᠪᠬᠢᠲᠡᠢ ᠠᠬᠢᠭᠤᠯᠵᠤ᠂ ᠪᠣᠬᠢᠷᠲᠤᠯ ᠦᠭᠡᠢ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ︽ᠭᠤᠷᠪᠠᠨ ᠣᠳᠣᠬᠢᠴᠢᠯᠠᠯᠲᠠ︾ ᠶᠢᠨ ᠬᠠᠮᠵᠢᠯᠴᠠᠨ ᠵᠢᠱᠢᠶ᠎ᠡ ᠦᠵᠡᠭᠦᠯᠬᠦ ᠲᠦᠷᠦᠯ ᠵᠦᠢᠯ ᠢ ᠪᠣᠶᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
W020240929330671893841.png
    ᠠᠵᠢᠯᠯᠠᠭ᠎ᠠ ᠶᠢᠨ ᠬᠤᠭᠤᠴᠠᠭᠠᠨ ᠳᠤ᠂ ᠪᠣᠯᠪᠠᠰᠤᠷᠠᠯ ᠳᠤ ᠣᠷᠣᠯᠴᠠᠭᠰᠠᠳ ᠤᠷᠢᠳ ᠬᠤᠵᠢᠳ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠤᠯᠤᠰ ᠤᠨ ᠠᠭᠠᠷ ᠠᠶᠠᠯᠠᠯ ᠤᠨ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠶᠢᠨ ᠰᠠᠭᠤᠷᠢᠨ ᠭᠠᠵᠠᠷ ᠤᠨ ᠢᠨᠵᠧᠨᠧᠷᠢᠩ᠂ ᠯᠢᠦᠢ ᠴᠤᠸᠠᠩ ᠤᠶᠤᠨᠴᠢ ᠦᠢᠯᠡᠳᠪᠦᠷᠢᠯᠡᠯ ᠤᠨ ᠰᠠᠭᠤᠷᠢᠨ ᠭᠠᠵᠠᠷ᠂ ᠵᠥᠩ ᠢᠦᠢ ᠲᠠᠯᠠᠪᠠᠶ ᠶᠢᠨ ᠲᠥᠷᠥᠯ ᠵᠦᠢᠯ ︵ᠸᠠᠨ ᠶᠢᠨ ᠦ᠋ ᠲᠦᠩ ᠶᠤᠸᠠᠢ︶᠂ ᠲᠦᠭᠦᠬᠡᠢ ᠮᠠᠲ᠋ᠧᠷᠢᠶᠠᠯ ᠤᠨ ᠬᠥᠮᠥᠷᠭᠡ ᠶᠢᠨ ᠬᠦᠷᠢᠶᠡᠯᠡᠩ ᠢ ᠨᠡᠭᠦᠯᠭᠡᠨ ᠪᠠᠶᠢᠭᠤᠯᠬᠤ ᠲᠥᠷᠥᠯ ᠵᠦᠢᠯ ︵ᠮᠧᠩ ᠺᠦᠨ ᠨᠠᠪᠴᠢᠨ ᠲᠠᠮᠠᠬᠢ ᠶᠢᠨ ᠨᠥᠭᠡᠴᠡ ᠶᠢᠨ ᠬᠥᠮᠥᠷᠭᠡ︶ ᠵᠡᠷᠭᠡ ᠶᠢ ᠲᠣᠭᠤᠷᠢᠨ ᠦᠵᠡᠪᠡ᠃ ᠵᠢᠱᠢᠶ᠎ᠡ ᠦᠵᠡᠭᠦᠯᠬᠦ ᠢᠨᠵᠧᠨᠧᠷᠢᠩ ᠤᠨ ᠶᠠᠰᠤ ᠴᠢᠨᠠᠷ ᠤᠨ ᠬᠠᠮᠢᠶᠠᠷᠤᠯᠲᠠ᠂ ᠮᠡᠷᠭᠡᠵᠢᠯ ᠤᠨ ᠰᠢᠨ᠎ᠡ ᠶᠢ ᠡᠭᠦᠳᠬᠦ᠂ ᠪᠣᠬᠢᠷᠲᠤᠯ ᠦᠭᠡᠢ ᠣᠷᠴᠢᠨ ᠲᠤᠭᠤᠷᠢᠨ ᠤ ᠬᠠᠮᠠᠭᠠᠯᠠᠯᠲᠠ᠂ ᠣᠳᠣᠬᠢᠴᠢᠯᠠᠭᠰᠠᠨ ᠪᠠᠷᠢᠯᠭ᠎ᠠ ᠶᠢᠨ ᠦᠢᠯᠡᠰ ᠤᠨ ᠠᠵᠤ ᠦᠢᠯᠡᠰ ᠤᠨ ᠰᠢᠰᠲ᠋ᠧᠮᠵᠢ ᠶᠢ ᠪᠣᠶ ᠪᠣᠯᠭᠠᠬᠤ ᠵᠡᠷᠭᠡ ᠲᠠᠯ᠎ᠠ ᠪᠠᠷ ᠬᠢ ᠠᠮᠵᠢᠯᠲᠠ ᠲᠠᠢ ᠲᠤᠷᠰᠢᠯᠭ᠎ᠠ ᠪᠠ ᠰᠢᠯᠢᠳᠡᠭ ᠠᠷᠭ᠎ᠠ ᠬᠢᠳᠡᠯ ᠢ ᠲᠤᠬᠠᠢ ᠶᠢᠨ ᠲᠠᠯᠠᠪᠤᠷ ᠲᠤᠨᠢ ᠲᠣᠭᠤᠷᠢᠨ ᠦᠵᠡᠵᠦ ᠰᠤᠷᠤᠯᠴᠠᠪᠠ᠃
W020240929330671967235.png
    ᠦᠵᠡᠭᠦᠯᠦᠯᠭᠡ ᠪᠣᠯᠪᠠᠰᠤᠷᠠᠯ ᠤᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ︽ᡁᠢ ᠾᠦᠢ ᠬᠤᠨᠳᠠᠭᠠᠲᠤ︾ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠮᠡᠳᠡᠯᠭᠡ ᠶᠢᠨ ᠤᠷᠤᠯᠳᠤᠭᠠᠨ ᠢ ᠵᠣᠬᠢᠶᠠᠨ ᠪᠠᠶᠢᠭᠤᠯᠵᠤ᠂ ᠠᠵᠢᠯᠯᠠᠭ᠎ᠠ ᠶᠢᠨ ᠠᠬᠤᠢ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ ᠪᠥᠭᠡᠳ ᠭᠤᠶᠢᠳᠠ ᠰᠠᠶᠢᠬᠠᠨ ᠪᠠᠶᠢᠵᠤ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ᠂ ᠰᠤᠷᠤᠯᠴᠠᠯᠭ᠎ᠠ ᠪᠠᠷ ᠶᠠᠰᠤ ᠴᠢᠨᠠᠷ ᠢ ᠳᠡᠭᠡᠭᠰᠢᠯᠡᠭᠦᠯᠬᠦ ᠦᠷ᠎ᠡ ᠪᠦᠲᠦᠮᠵᠢ ᠣᠯᠣᠭᠰᠠᠨ ᠪᠠᠶᠢᠨ᠎ᠠ᠃     ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠦᠬᠦᠢ ᠭᠠᠵᠠᠷ ᠭᠡᠷ᠂ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠵᠢᠴᠢ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠠᠶᠢᠮᠠᠭ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠠᠮᠤᠷ ᠲᠦᠪᠰᠢᠨ ᠤ ᠮᠡᠷᠭᠡᠵᠢᠯ ᠤᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠨᠡᠶᠢᠲᠡ 200 ᠭᠠᠷᠤᠢ ᠬᠥᠮᠥᠨ ᠬᠤᠷᠠᠯ ᠳᠤ ᠤᠷᠤᠯᠴᠠᠵᠠᠢ᠂ ᠰᠦᠯᠵᠢᠶᠡᠨ ᠳᠡᠭᠡᠷ᠎ᠡ ᠲᠣᠭᠤᠷᠢᠨ ᠦᠵᠡᠭᠰᠡᠨ ᠬᠥᠮᠥᠨ ᠤ ᠲᠤᠭ᠎ᠠ ᠬᠠᠮᠤᠭ ᠤᠨ ᠥᠨᠳᠥᠷ ᠲᠡᠭᠡᠨ 7200 ᠭᠠᠷᠤᠢ ᠬᠥᠮᠥᠨ ᠳᠤ ᠬᠦᠷᠴᠡᠢ᠃  
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠠᠮᠤᠷ ᠲᠦᠪᠰᠢᠨ ᠤ ᠮᠡᠷᠭᠡᠵᠢᠯ ᠤᠨ ᠦᠢᠯᠡ᠊