ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠢ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠬᠢᠯᠡᠯᠲᠡ ᠶᠢᠨ ᠶᠣᠰᠣᠯᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2025/1/14
    1 ᠳ᠋ᠤᠭᠡᠷ ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠢ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ ︵ᠳᠣᠷᠣᠭᠰᠢ ︽ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠪ︾ ᠭᠡᠵᠦ ᠲᠣᠪᠴᠢᠯᠠᠨ᠎ᠠ︶ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠤᠨ ᠪᠦᠳᠦᠭᠡᠨ ᠪᠠᠶᠢᠭᠤᠯᠤᠯᠳᠠ ᠶᠢᠨ ᠲᠥᠷᠥᠯ ᠵᠦᠢᠯ ᠤᠨ ᠡᠬᠢᠯᠡᠯᠲᠡ ᠶᠢᠨ ᠶᠣᠰᠣᠯᠠᠯ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠶᠦᠨ ᠬᠥ᠋ ᠰᠤᠷᠭᠠᠭᠤᠯᠢ ᠶᠢᠨ ᠲᠣᠭᠤᠷᠢᠭ ᠲᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠪ ᠤᠨ ᠡᠷᠬᠢᠯᠡᠭᠴᠢ ᠯᠢᠦ ᠸᠧᠨ ᠢᠦᠢ᠂ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠱᠧ ᠰᠢ ᠸᠧᠨ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠷᠢᠨᠭᠡᠷ ᠰᠢᠶᠠᠨ ᠤ ᠵᠠᠰᠠᠭ ᠤᠨ ᠣᠷᠳᠣᠨ ᠵᠢᠴᠢ ᠡᠯ᠎ᠡ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
W020250113335726267399.png
    ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ 76815.21 ᠲᠡᠭᠰᠢ ᠳᠥᠷᠪᠡᠯᠵᠢᠨ ᠮᠧᠲᠷ ᠪᠠᠶᠢᠵᠤ᠂ ᠺᠢᠨᠣ᠋ ᠲᠧᠯᠸᠢᠰ ᠪᠥᠵᠢᠭ ᠤᠨ ᠵᠢᠭᠠᠨ ᠰᠤᠷᠭᠠᠯᠲᠠ ᠶᠢᠨ ᠠᠰᠠᠷ᠂ ᠲᠠᠭᠤᠤ ᠬᠥᠭᠵᠢᠮ ᠤᠨ ᠵᠢᠭᠠᠨ ᠰᠤᠷᠭᠠᠯᠲᠠ ᠶᠢᠨ ᠠᠰᠠᠷ᠂ ᠰᠣᠷᠣᠭᠴᠢ ᠶᠢᠨ ᠪᠠᠶᠢᠷᠢ ᠶᠢᠨ ᠬᠤᠶᠠᠳᠤᠭᠠᠷ ᠠᠰᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠵᠢᠴᠢ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠢ ᠪᠠᠭᠲᠠᠭᠠᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠰᠤᠷᠭᠠᠭᠤᠯᠢ ᠶᠢᠨ ᠪᠡᠶ᠎ᠡ ᠪᠠᠨ ᠳᠠᠭᠠᠭᠠᠵᠤ ᠰᠤᠷᠭᠠᠭᠤᠯᠢ ᠡᠷᠭᠢᠯᠡᠬᠦ ᠬᠠᠲᠠᠭᠤ ᠬᠡᠷᠡᠭᠰᠡᠯ ᠤᠨ ᠨᠥᠬᠦᠴᠡᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠤᠷᠭᠠᠭᠤᠯᠢ ᠶᠢᠨ ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠪᠠ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠥᠷᠭᠡᠨ ᠣᠯᠠᠨ ᠪᠠᠭᠰᠢ ᠰᠤᠷᠤᠭᠴᠢᠳ ᠲᠤ ᠣᠷᠴᠢᠨ ᠲᠣᠭᠤᠷᠢᠨ ᠰᠢᠯᠢᠳᠡᠭ ᠰᠠᠶᠢᠨ᠂ ᠲᠥᠬᠦᠭᠡᠷᠦᠮᠵᠢ ᠪᠦᠷᠢᠨ᠂ ᠠᠮᠤᠷ ᠲᠦᠪᠰᠢᠨ ᠴᠡᠪᠡᠷ ᠲᠡᠭᠰᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠬᠠᠩᠭᠠᠨ᠎ᠠ᠃
W020250113335726334067.png
    ᠯᠢᠦ ᠸᠧᠨ ᠢᠦᠢ᠂ ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠪ ᠨᠢ ︽ᠢᠯᠡ ᠲᠣᠳᠣ᠂ ᠪᠤᠰᠤᠳᠴᠢ ᠲᠥᠪ ᠭᠤᠣᠯᠴᠢ᠂ ᠬᠠᠤᠯᠢ ᠲᠣᠭᠲᠠᠭᠠᠯ ᠳᠤ ᠨᠡᠶᠢᠴᠡᠬᠦ᠂ ᠠᠷᠢᠭᠤᠨ ᠴᠢᠬᠡᠴᠢ ᠥᠨᠳᠥᠷ ᠪᠦᠲᠦᠮᠵᠢᠲᠡᠶ︾ ᠪᠠᠶᠢᠬᠤ ᠠᠵᠢᠯ ᠤᠨ ᠣᠶᠢᠯᠠᠭᠠᠭᠳᠠᠬᠤᠨ ᠢ ᠪᠠᠷᠢᠮᠲᠠᠯᠠᠵᠤ᠂ ᠶᠠᠰᠤ ᠴᠢᠨᠠᠷ ᠤᠨ ᠠᠮᠤᠷ ᠲᠦᠪᠰᠢᠨ ᠤ ᠬᠤᠷᠢᠭ᠎ᠠ ᠱᠤᠭᠤᠮ ᠪᠠ ᠪᠡᠯᠡ ᠣᠷᠣᠭᠤᠯᠤᠯᠲᠠ ᠶᠢ ᠡᠵᠡᠮᠳᠡᠬᠦ ᠤᠯᠠᠭᠠᠨ ᠱᠤᠭᠤᠮ ᠢ ᠴᠢᠩᠭ᠎ᠠ ᠠᠳᠬᠤᠵᠤ᠂ ᠬᠡᠷᠡᠭᠯᠡᠬᠦ ᠨᠢᠭᠡᠴᠢ ᠲᠠᠢ ᠬᠠᠮᠲᠤᠪᠠᠷ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠡᠯ᠎ᠡ ᠲᠠᠯ᠎ᠠ ᠶᠢᠨ ᠬᠢᠨ ᠢ ᠵᠣᠬᠢᠴᠠᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠪᠡᠯᠡ ᠣᠷᠣᠭᠤᠯᠤᠯᠲᠠ᠂ ᠶᠠᠰᠤ ᠴᠢᠨᠠᠷ᠂ ᠠᠮᠤᠷ ᠲᠦᠪᠰᠢᠨ᠂ ᠠᠬᠢᠴᠠ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠠᠪᠤ ᠶᠢ ᠡᠵᠡᠮᠳᠡᠬᠦ ᠬᠠᠷᠠᠯᠲᠠ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ᠰᠠᠨᠠᠭ᠎ᠠ ᠠᠮᠤᠷ ᠢᠨᠵᠧᠨᠧᠷᠢᠩ᠂ ᠰᠣᠳᠣᠨ ᠢᠨᠵᠧᠨᠧᠷᠢᠩ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠢᠨᠵᠧᠨᠧᠷᠢᠩ ᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠡᠷᠡᠭᠯᠡᠬᠦ ᠨᠢᠭᠡᠴᠢ ᠳᠤ ᠨᠢᠭᠡ ᠬᠤᠪᠢ ᠬᠠᠨᠤᠮᠵᠢᠲᠠᠶ ᠰᠢᠯᠭᠠᠯᠲᠠ ᠶᠢᠨ ᠬᠠᠭᠤᠳᠠᠰᠤ ᠲᠤᠰᠢᠶᠠᠬᠤ ᠪᠠᠷ ᠴᠢᠷᠮᠠᠶᠢᠨ ᠠᠵᠢᠭᠯᠠᠨ᠎ᠠ ᠭᠡᠵᠦ ᠢᠯᠡᠷᠬᠡᠶᠢᠯᠡᠪᠡ᠃  
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠢ