ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ 2025 ᠣᠨ ᠤ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠤᠭ᠎ᠠ ᠪᠦᠷᠢᠳᠬᠡᠯ ᠤᠨ ᠪᠤᠯᠪᠠᠰᠤᠷᠠᠯ ᠤᠨ ᠸᠢᠳᠢᠤ᠋ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/17
    ᠪᠦᠬᠦ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠦᠷᠢᠵᠢᠭᠤᠯᠵᠦ᠂ ᠪᠥᠬᠦ ᠣᠷᠣᠨ ᠤ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠤᠭ᠎ᠠ ᠪᠦᠷᠢᠳᠬᠡᠯ ᠤᠨ ᠠᠵᠢᠯ ᠤᠨ ᠬᠢᠷᠢ ᠲᠦᠪᠰᠢᠨ ᠢ ᠲᠡᠭᠡᠭᠰᠢᠯᠡᠭᠦᠯᠬᠦ ᠶᠢᠨ ᠲᠦᠯᠦᠭᠡ᠂ 1 ᠳ᠋ᠤᠭᠡᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ 2025 ᠣᠨ ᠤ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠤᠭ᠎ᠠ ᠪᠦᠷᠢᠳᠬᠡᠯ ᠤᠨ ᠪᠤᠯᠪᠠᠰᠤᠷᠠᠯ ᠤᠨ ᠸᠢᠳᠢᠤ᠋ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠭ᠎ᠠ ᠪᠦᠷᠢᠳᠬᠡᠯ ᠤᠨ ᠪᠤᠯᠪᠠᠰᠤᠷᠠᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠨ᠂ ᠮᠠᠨ ᠤ ᠣᠷᠣᠨ ᠤ 2024 ᠣᠨ ᠤ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠤᠭ᠎ᠠ ᠪᠦᠷᠢᠳᠬᠡᠯ ᠤᠨ ᠠᠵᠢᠯ ᠤᠨ ᠪᠠᠶᠢᠳᠠᠯ ᠢ ᠪᠥᠬᠦ ᠲᠠᠯ᠎ᠠ ᠪᠠᠷ ᠳ᠋ᠦᠩᠨᠡᠵᠦ᠂ 2025 ᠣᠨ ᠤ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠤᠭ᠎ᠠ ᠪᠦᠷᠢᠳᠬᠡᠯ ᠤᠨ ᠠᠵᠢᠯ ᠤᠨ ᠭᠤᠤᠯᠳᠠᠯᠭ᠎ᠠ ᠲᠠᠢ ᠡᠭᠦᠷᠭᠡ ᠶᠢ ᠲᠤᠳᠤᠷᠬᠠᠶᠢᠯᠠᠵᠠᠢ᠃     ᠬᠤᠷᠠᠯ ᠳᠤ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠳ ᠢ ᠤᠷᠢᠵᠤ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠠᠵᠢᠯᠯᠠᠭᠠᠨ ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠬᠢᠯᠭᠡᠵᠦ᠂ ᠬᠤᠷᠠᠯ ᠳᠤ ᠣᠷᠣᠯᠴᠠᠭᠰᠠᠳ ᠤᠨ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠤᠭ᠎ᠠ ᠪᠦᠷᠢᠳᠬᠡᠯ ᠤᠨ ᠠᠵᠢᠯ ᠤᠨ ᠤᠨᠤᠯ ᠤᠨ ᠡᠵᠡᠮᠰᠢᠯ ᠪᠣᠯᠣᠨ ᠤᠷ᠎ᠠ ᠮᠡᠷᠭᠡᠵᠢᠯ ᠤᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ 2025 ᠣᠨ ᠤ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠲᠠᠯᠪᠢᠪᠠ᠃     ᠬᠤᠷᠠᠯ ᠠᠴᠠ᠂ ᠡᠯ᠎ᠡ ᠭᠠᠵᠠᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠤᠰᠬᠠᠢ ᠬᠥᠮᠥᠨ ᠢᠶᠠᠷ ᠬᠠᠷᠢᠭᠤᠴᠠᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠪᠠ ᠡᠵᠡᠮᠳᠡᠬᠦ ᠶᠢ ᠴᠢᠩᠭᠠᠳᠬᠠᠵᠤ᠂ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠢ ᠪᠠᠲᠤᠯᠠᠨ᠂ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠤᠭ᠎ᠠ ᠪᠦᠷᠢᠳᠬᠡᠯ ᠤᠨ ᠠᠵᠢᠯ ᠤᠨ ᠤᠷᠤᠭᠰᠢᠲᠠᠢ ᠪᠡᠶᠡᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠨᠥᠬᠦᠳ ᠪᠤᠯᠪᠠᠰᠤᠷᠠᠯ ᠳᠤ ᠣᠷᠣᠯᠴᠠᠪᠠ᠃ 
ᠢᠷᠡᠯᠲᠡ᠄ ᠲᠢᠩᠬᠢᠮ ᠤᠨ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ