ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠦ ᠴᠢᠬᠤᠯᠠᠴᠢᠯᠠᠭᠰᠠᠨ ᠨᠢ ᠄ ᠰᠠᠭᠤᠷᠢ ᠶᠢ ᠪᠠᠬᠢᠵᠢᠭᠦᠯᠵᠦ ᠬᠦᠴᠦᠨ ᠢᠶᠠᠨ ᠲᠦᠪᠯᠡᠷᠡᠭᠦᠯᠦᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠨ᠎ᠠ
ᠨᠡᠶᠢᠲᠡᠯᠡᠭᠰᠡᠨ ᠴᠠᠭ᠄
2025/1/24
    1 ᠳ᠋ᠤᠭᠡᠷ ᠰᠠᠷ᠎ᠠ ᠶᠢᠨ 22 ᠤᠨ ᠡᠳᠦᠷ᠂ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠠᠢ᠃ ᠬᠤᠷᠠᠯ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ 2024 ᠣᠨ ᠤ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠳ᠋ᠦᠩᠨᠡᠨ ᠡᠷᠭᠢᠴᠡᠭᠦᠯᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠ 2025 ᠣᠨ ᠤ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃     ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠤᠤ ᠶᠦᠩ ᠪᠥᠸᠧ ᠴᠣᠬᠤᠯᠠᠪᠤᠷᠢ ᠥᠭᠴᠦ᠂ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠢᠦᠢ ᠰᠢᠨ ᠹᠠᠩ ᠠᠵᠢᠯ ᠤᠨ ᠮᠡᠳᠡᠭᠦᠯᠦᠯᠲᠡ ᠬᠢᠪᠡ᠃     ᠶᠤᠤ ᠶᠦᠩ ᠪᠥᠸᠧ ᠴᠣᠬᠤᠯᠠᠪᠤᠷᠢ ᠳᠠᠭᠠᠨ᠂ 2024 ᠣᠨ ᠳᠤ᠂ ᠪᠦᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ︽ᠲᠤᠯᠠᠭᠠᠯᠭ᠎ᠠ ᠶᠢᠨ ᠢᠨᠵᠧᠨᠧᠷᠢᠩ︾᠂ ᠪᠠᠲᠤᠯᠠᠭᠠᠲᠤ ᠲᠤᠰᠢᠶᠠᠬᠤ ᠠᠰᠠᠷ᠂ ᠪᠠᠲᠤᠯᠠᠭᠠᠲᠤ ᠲᠤᠰᠢᠶᠠᠬᠤ ᠭᠡᠷ ᠪᠠᠶᠢᠰᠢᠩ ᠵᠡᠷᠭᠡ ᠭᠤᠣᠯᠳᠠᠯᠭ᠎ᠠ ᠲᠠᠢ ᠡᠭᠦᠷᠭᠡ ᠶᠢ ᠤᠷᠤᠭᠰᠢᠲᠠᠢ ᠪᠡᠶᠡᠯᠡᠭᠦᠯᠵᠦ᠂ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠲᠤ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠵᠠᠢ᠃ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠥᠯᠦᠪᠵᠢᠭᠦᠯᠭᠡ ᠶᠢᠨ ᠬᠠᠮᠤᠭ ᠰᠡᠭᠦᠯᠴᠢ ᠶᠢᠨ ᠵᠢᠯ ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠲᠥᠯᠥᠪᠯᠡᠨ ᠪᠠᠶᠢᠷᠢᠯᠠᠭᠤᠯᠬᠤ ᠵᠢᠯ ᠮᠥᠨ᠃ ᠪᠦᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠳᠬᠡᠨ ᠪᠠᠶᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ ᠵᠣᠭᠰᠣᠭᠠᠵᠤ ᠲᠣᠭᠲᠠᠭᠤᠨ ᠪᠣᠯᠭᠠᠬᠤ ᠶᠢ ᠠᠬᠢᠭᠤᠯᠵᠦ᠂ ︽ᠲᠤᠯᠠᠭᠠᠯᠭ᠎ᠠ ᠶᠢᠨ ᠢᠨᠵᠧᠨᠧᠷᠢᠩ︾ ᠢ ᠪᠠᠬᠢᠵᠢᠭᠦᠯᠦᠨ ᠳᠡᠭᠡᠭᠰᠢᠯᠡᠭᠦᠯᠬᠦ᠂ ᠬᠤᠲᠠ ᠶᠢᠨ ᠰᠢᠨᠡᠴᠢᠯᠡᠯᠲᠡ᠂ ᠬᠤᠲᠠ ᠶᠢᠨ ᠤᠰᠤ ᠠᠷᠪᠢᠯᠠᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢ ᠭᠦᠨᠵᠡᠭᠡᠢ ᠥᠷᠨᠢᠭᠦᠯᠵᠦ᠂ ᠲᠡᠷᠭᠡᠨ ᠵᠤᠭᠰᠤᠭᠠᠯ᠂ ᠴᠠᠬᠢᠯᠭᠠᠨ ᠴᠡᠨᠡᠭᠯᠡᠬᠦ ᠱᠣᠩ᠂ ᠬᠤᠭ ᠨᠣᠪᠰᠢ ᠶᠢ ᠲᠥᠷᠥᠯ ᠬᠤᠪᠢᠶᠠᠬᠤ᠂ ᠠᠳᠠᠯ ᠠᠬᠤᠢ ᠶᠢᠨ ᠬᠠᠮᠢᠶᠠᠷᠤᠯᠲᠠ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠬᠦᠴᠦ ᠲᠠᠯᠪᠢᠨ ᠰᠠᠶᠢᠲᠤᠷ ᠠᠳᠬᠤᠵᠤ᠂ ᠰᠠᠶᠢᠨ ᠭᠡᠷ ᠪᠠᠶᠢᠰᠢᠩ᠂ ᠰᠠᠶᠢᠨ ᠤᠷᠤᠨ ᠰᠠᠭᠤᠴᠠ ᠶᠢᠨ ᠲᠣᠭᠤᠷᠢᠭ᠂ ᠰᠠᠶᠢᠨ ᠨᠡᠶᠢᠭᠡᠮ ᠲᠣᠭᠤᠷᠢᠭ᠂ ᠰᠠᠶᠢᠨ ᠬᠤᠲᠠ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠰᠢᠰᠲ᠋ᠧᠮ ᠲᠠᠢ ᠪᠠᠷ ᠰᠡᠷᠭᠡᠶᠢᠯᠡᠨ ᠠᠷᠢᠯᠭᠠᠵᠤ᠂ ︽ᠨᠢᠭᠡ ᠭᠤᠣᠯ ᠰᠢᠵᠢᠮ ᠢ  ᠲᠤᠭᠤᠰᠢᠯᠠᠭᠤᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠨ᠎ᠡ ᠵᠠᠮ ᠢᠶᠠᠷ ᠵᠠᠮᠨᠠᠵᠤ ᠳᠤᠮᠳᠠ ᠤᠷᠤᠰᠬᠠᠯ ᠳᠤ ᠣᠷᠣᠬᠤ︾ ᠳᠤ ᠨᠠᠩ ᠶᠡᠭᠡ ᠰᠢᠨ᠎ᠡ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠳᠡᠢ ᠭᠡᠵᠦ ᠵᠢᠭᠠᠨ ᠭᠠᠷᠭᠠᠪᠠ᠃     ᠬᠤᠷᠠᠯ ᠠᠴᠠ᠂ 2025 ᠣᠨ ᠪᠤᠯ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠵᠠᠩᠭᠢᠯᠠᠭ᠎ᠠ ᠶᠢᠨ ᠵᠢᠯ ᠪᠤᠯᠤᠨ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ︽ᠨᠢᠭᠡ ᠭᠤᠣᠯ ᠱᠤᠭᠤᠮ︾ ᠢ ᠲᠤᠭᠤᠰᠢᠯᠠᠭᠤᠯᠵᠦ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠦᠨ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠠᠰᠠᠭᠤᠳᠠᠯ ᠪᠣᠯᠣᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠣᠪᠣᠶᠢᠮ᠎ᠠ ᠵᠥᠷᠢᠴᠡᠯ ᠢ ᠴᠢᠩᠭ᠎ᠠ ᠠᠩᠬᠠᠷᠴᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠤᠶᠠᠯᠳᠤᠭᠤᠯᠤᠨ᠂ ᠬᠤᠲᠠ ᠶᠢᠨ ᠤᠰᠤ ᠠᠷᠪᠢᠯᠠᠬᠤ ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷᠴᠢᠯᠡᠬᠦ ᠲᠦᠭᠰᠢᠭᠦᠷᠢ ᠶᠢ ᠠᠷᠢᠯᠭᠠᠬᠤ ᠰᠢᠪᠲᠤᠯᠤᠯᠲᠠ ᠂ ᠬᠤᠲᠠ ᠪᠠᠯᠭᠠᠰᠤ ᠶᠢᠨ ᠢᠯᠴᠢ ᠬᠠᠩᠭᠠᠬᠤ ︽ᠳᠤᠯᠠᠭᠠᠯᠠᠭ᠎ᠠ ᠶᠢᠨ ᠢᠨᠵᠧᠨᠧᠷᠢᠩ︾ ᠢ ᠪᠠᠬᠢᠵᠢᠭᠦᠯᠦᠨ ᠳᠡᠭᠡᠭᠰᠢᠯᠡᠭᠦᠯᠬᠦ ᠂ ᠬᠤᠲᠠ ᠪᠠᠯᠭᠠᠰᠤ ᠶᠢᠨ ᠬᠠᠭᠤᠴᠢᠨ ᠤᠷᠤᠨ ᠰᠠᠭᠤᠴᠠ ᠶᠢᠨ ᠲᠣᠭᠤᠷᠢᠭ ᠤᠨ ᠪᠡᠶ᠎ᠡ ᠪᠠᠨ ᠳᠠᠭᠠᠭᠠᠵᠤ ᠰᠢᠨᠡᠴᠢᠯᠡᠬᠦ ᠂ ᠠᠳᠠᠯ ᠠᠬᠤᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠂ ︽ᠲᠡᠷᠭᠡ ᠵᠣᠭᠰᠤᠭᠠᠬᠤ ᠳᠤ ᠬᠦᠴᠢᠷ︾ ᠠᠰᠠᠭᠤᠳᠠᠯ ᠢ ᠰᠢᠢᠳᠪᠦᠷᠢᠯᠡᠬᠦ ᠂ ᠬᠤᠲᠠ ᠬᠥᠳᠡᠭᠡ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠳᠡᠭᠡᠭᠰᠢᠯᠡᠭᠦᠯᠬᠦ ᠠᠵᠢᠯᠯᠠᠭ᠎ᠠ ᠵᠡᠷᠭᠡ ᠲᠤᠯᠤᠭᠠᠨ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠡᠨᠧᠷᠬᠢ ᠤᠯᠭᠤᠬᠤ ᠬᠡᠷᠡᠭᠳᠡᠢ ᠭᠡᠵᠦ ᠵᠢᠭᠠᠨ ᠭᠠᠷᠭᠠᠪᠠ᠃
W020250123330678325560.jpg
    ᠬᠤᠷᠠᠯ ᠠᠴᠠ᠂ 2025 ᠣᠨ ᠳᠤ᠂ ᠬᠦᠴᠦᠨ ᠢᠶᠠᠨ ᠲᠥᠪᠯᠡᠷᠡᠭᠦᠯᠦᠨ ᠨᠠᠢᠮᠠᠨ ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠄     ᠨᠢᠭᠡ ᠳᠤ᠂ ᠬᠦᠴᠦᠨ ᠢᠶᠠᠨ ᠲᠥᠪᠯᠡᠷᠡᠭᠦᠯᠦᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠲᠠᠬᠢᠨ ᠲᠣᠭᠲᠠᠪᠤᠷᠢᠵᠢᠭᠤᠯᠬᠤ ᠶᠢ ᠠᠬᠢᠭᠤᠯᠤᠨ᠎ᠠ᠃ ᠡᠯ᠎ᠡ ᠵᠦᠢᠯ ᠤᠨ ᠦᠯᠡᠳᠡᠭᠡᠯ ᠲᠥᠷᠥ ᠶᠢᠨ ᠪᠣᠳᠣᠯᠭ᠎ᠠ᠂ ᠨᠡᠮᠡᠭᠳᠡᠯ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠠᠸᠠᠷ ᠤᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠬᠤ᠂ ᠦᠯᠡᠳᠡᠭᠡᠯ ᠬᠡᠮᠵᠢᠶ᠎ᠡ ᠶᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ᠰᠠᠭᠤᠭᠠᠯᠢ ᠠᠷᠠᠳ ᠤᠨ ᠵᠠᠶᠢᠯᠠᠰᠢ ᠦᠭᠡᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠶᠡᠬᠡᠪᠡᠷ ᠲᠡᠮᠵᠢᠵᠦ᠂ ᠡᠩ ᠤᠨ ᠣᠷᠣᠨ ᠰᠠᠭᠤᠴᠠ ᠪᠠ ᠡᠩ ᠤᠨ ᠪᠤᠰᠤ ᠣᠷᠣᠨ ᠰᠠᠭᠤᠴᠠ ᠶᠢᠨ ᠪᠠᠷᠢᠮᠵᠢᠶ᠎ᠠ ᠶᠢ ᠬᠦᠴᠦᠨ ᠦᠭᠡᠢ ᠪᠣᠯᠭᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠡᠮᠵᠢᠯᠭᠡ  ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠤᠨ᠂ ᠵᠣᠬᠢᠴᠠᠭᠤᠯᠬᠤ ᠲᠣᠭᠲᠠᠴᠠ ᠶᠢᠨ ︽ᠬᠦᠷᠢᠶ᠎ᠡ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ︾ ᠶᠢ ᠤᠯᠠᠮ ᠨᠢᠭᠡ ᠠᠯᠬᠤᠮ ᠠᠬᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠷᠭᠦᠯᠵᠢᠯᠡᠨ ᠵᠢᠷᠤᠮᠵᠢᠭᠤᠯᠤᠨ ᠴᠡᠭᠴᠡᠯᠡᠨ ᠵᠠᠰᠠᠨ᠎ᠠ᠃     ᠬᠤᠶᠠᠷ ᠲᠤ᠂ ᠬᠦᠴᠦᠨ ᠢᠶᠠᠨ ᠲᠥᠪᠯᠡᠷᠡᠭᠦᠯᠦᠨ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠤᠨ᠎ᠠ᠃ ᠣᠷᠣᠨ ᠰᠠᠭᠤᠴᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠦᠷᠢᠮ ᠤᠨ ᠰᠢᠰᠲ᠋ᠧᠮ ᠢ ᠪᠠᠶᠢᠭᠤᠯᠵᠤ᠂ ᠴᠢᠨᠠᠷ ᠰᠠᠶᠢᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠠᠵᠢᠯ ᠢ ᠲᠦᠯᠬᠢᠨ ᠠᠬᠢᠭᠤᠯᠵᠤ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ︽ᠰᠠᠶᠢᠨ ᠭᠡᠷ ᠪᠠᠶᠢᠰᠢᠩ︾ ᠢ ᠪᠦᠲᠦᠭᠡᠨ ᠪᠠᠶᠢᠭᠤᠯᠤᠨ᠎ᠠ᠃ ᠲᠠᠸᠠᠷ ᠤᠨ ᠣᠷᠣᠨ ᠰᠠᠭᠤᠴᠠ ᠶᠢᠨ ᠪᠣᠷᠤᠯᠠᠭᠤᠯᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠶᠡᠬᠡᠪᠡᠷ ᠲᠦᠯᠬᠢᠨ ᠠᠬᠢᠭᠤᠯᠵᠤ᠂ ᠲᠤᠷᠰᠢᠯᠲᠠ ᠶᠢᠨ ᠴᠡᠭ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ᠨᠡᠶᠢᠲᠡᠯᠢᠭ ᠲᠤᠷᠰᠢᠯᠭ᠎ᠠ ᠶᠢ ᠳ᠋ᠦᠩᠨᠡᠨ ᠪᠤᠢ ᠪᠣᠯᠭᠠᠬᠤ ᠶᠢᠨ ᠬᠠᠮᠲᠤ ᠠᠯᠬᠤᠮ ᠠᠯᠬᠤᠮ ᠢᠶᠠᠷ ᠳᠡᠯᠭᠡᠷᠡᠭᠦᠯᠦᠨ᠎ᠡ᠃ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠰᠢᠯᠢᠳᠡᠭᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠪᠠᠷᠢᠮᠵᠢᠶ᠎ᠠ᠂ ᠬᠢᠨᠠᠯᠲᠠ ᠬᠠᠮᠢᠶᠠᠷᠤᠯᠲᠠ ᠶᠢᠨ ᠲᠤᠭ᠎ᠠ ᠬᠡᠮᠵᠢᠶ᠎ᠡ᠂ ᠦᠯᠡᠳᠡᠭᠡᠨ ᠬᠠᠳᠠᠭᠠᠯᠠᠬᠤ ᠬᠠᠷᠢᠴᠠᠯ᠂ ᠰᠠᠯᠭᠠᠨ ᠥᠭᠬᠦ ᠵᠠᠩᠭᠢᠯᠠᠭ᠎ᠠ ᠶᠢᠨ ᠴᠡᠭ ᠢ ᠵᠢᠷᠤᠮᠵᠢᠭᠤᠯᠵᠤ᠂ ᠲᠦᠷᠦᠯ ᠵᠦᠢᠯ ᠤᠨ ᠬᠤᠭᠤᠴᠠᠭ᠎ᠠ ᠶᠣᠰᠣᠭᠠᠷ ᠪᠠᠷᠢᠯᠭ᠎ᠠ ᠳᠠᠭᠤᠰᠴᠤ ᠲᠤᠰᠢᠶᠠᠨ ᠥᠭᠬᠦ ᠶᠢ ᠪᠠᠲᠤᠯᠠᠵᠤ᠂ ᠭᠡᠷ ᠬᠤᠳᠠᠯᠳᠤᠨ ᠠᠪᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃ ᠭᠡᠷ ᠪᠠᠶᠢᠰᠢᠩ ᠤᠨ ᠪᠡᠶ᠎ᠡ ᠶᠢᠨ ᠪᠠᠶᠢᠴᠠᠭᠠᠯᠲᠠ᠂ ᠭᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ᠂ ᠭᠡᠷ ᠪᠠᠶᠢᠰᠢᠩ ᠤᠨ ᠳᠠᠭᠠᠳᠬᠠᠯ ᠵᠡᠷᠭᠡ ᠳᠦᠷᠢᠮ ᠢ ᠪᠠᠶᠢᠭᠤᠯᠵᠤ᠂ ᠭᠡᠷ ᠪᠠᠶᠢᠰᠢᠩ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠳᠤ ᠪᠠᠳᠤᠯᠠᠭ᠎ᠠ ᠬᠠᠩᠭᠠᠨ᠎ᠠ᠃     ᠭᠤᠷᠪᠠ ᠳᠤ᠂ ᠬᠦᠴᠦᠨ ᠢᠶᠠᠨ ᠲᠥᠪᠯᠡᠷᠡᠭᠦᠯᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠲᠦᠷᠢᠶᠡᠰᠦᠯᠡᠬᠦ ᠪᠠ ᠬᠤᠳᠠᠯᠳᠤᠬᠤ ᠶᠢ ᠵᠡᠷᠭᠡ ᠪᠠᠷ ᠠᠳᠬᠤᠬᠤ᠂ ᠬᠡᠷᠡᠭᠴᠡᠭᠡ ᠪᠠᠷ ᠬᠠᠩᠭᠠᠯᠭ᠎ᠠ ᠶᠢ ᠲᠣᠭᠲᠠᠭᠠᠬᠤ︾ ᠶᠢ ᠪᠠᠷᠢᠮᠲᠠᠯᠠᠵᠤ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠲᠣᠬᠢᠷᠠᠭᠤᠯᠤᠨ ᠪᠠᠷᠢᠬᠤ᠂ ᠬᠤᠳᠠᠯᠳᠤᠨ ᠠᠪᠬᠤ ᠵᠡᠷᠭᠡ ᠤᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠦᠨ᠎ᠡ᠃ ᠲᠦᠭᠡᠭᠡᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ᠂ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠬᠤᠷᠠᠮᠳᠤᠭᠤᠯᠤᠨ ᠪᠦᠲᠦᠭᠡᠨ ᠪᠠᠶᠢᠭᠤᠯᠬᠤ ᠪᠠ ᠬᠤᠳᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠲᠦᠷᠢᠶᠡᠰᠦᠯᠡᠯ ᠤᠨ ᠨᠥᠬᠦᠪᠦᠷᠢ ᠣᠯᠭᠤᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠤᠳᠠ ᠶᠢᠨ ᠲᠤᠮᠳᠠᠬᠢ ᠲᠣᠰᠬᠤᠨ ᠪᠠ ᠬᠤᠳᠠ ᠶᠢᠨ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠤᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠂ ᠭᠡᠷ ᠲᠦᠷᠢᠶᠡᠰᠦᠯᠡᠬᠦ ᠳᠤ ᠭᠠᠷᠭᠠᠨ ᠠᠪᠬᠤ ᠡᠷᠴᠢᠮ ᠢ ᠴᠢᠩᠭᠠᠷᠠᠭᠤᠯᠵᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠵᠢᠭᠡᠯᠡᠯᠭᠡ ᠶᠢᠨ ᠨᠤᠷᠮ᠎ᠠ ᠶᠢ ᠲᠡᠭᠡᠭᠰᠢᠯᠡᠭᠦᠯᠦᠨ᠎ᠡ᠃     ᠳᠥᠷᠪᠡ ᠳᠤ᠂ ᠬᠦᠴᠦᠨ ᠢᠶᠠᠨ ᠲᠥᠪᠯᠡᠷᠡᠭᠦᠯᠦᠨ ᠬᠤᠳᠠ ᠶᠢᠨ ᠰᠢᠨᠡᠴᠢᠯᠡᠯᠲᠡ ᠶᠢ ᠠᠬᠢᠭᠤᠯᠤᠨ᠎ᠠ᠃ ︽ᠤᠷᠢᠳ ᠢᠶᠠᠷ ᠪᠡᠶ᠎ᠡ ᠶᠢᠨ ᠪᠠᠶᠢᠴᠠᠭᠠᠯᠲᠠ ᠬᠢᠵᠦ᠂ ᠳᠠᠷᠠᠭ᠎ᠠ ᠨᠢ ᠰᠢᠨᠡᠴᠢᠯᠡᠬᠦ︾ ︽ᠪᠡᠶ᠎ᠡ ᠶᠢᠨ ᠪᠠᠶᠢᠴᠠᠭᠠᠯᠲᠠ ᠬᠢᠬᠦ ᠦᠭᠡᠢ ᠪᠤᠯ ᠰᠢᠨᠡᠴᠢᠯᠡᠯᠳᠡ ᠬᠢᠵᠦ ᠪᠤᠯᠬᠤ ᠦᠭᠡᠢ︾ ᠵᠠᠷᠴᠢᠮ ᠢ ᠪᠠᠷᠢᠮᠲᠠᠯᠠᠨ᠂ ︽ᠪᠡᠶ᠎ᠡ ᠶᠢᠨ ᠪᠠᠶᠢᠴᠠᠭᠠᠯᠲᠠ ᠳᠤ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠢᠢᠳᠪᠦᠷᠢᠯᠡᠬᠦ ᠶᠢ ᠰᠢᠨᠡᠳᠬᠡᠬᠦ᠂ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠦᠨᠡᠯᠡᠨ ᠵᠢᠱᠢᠬᠦ᠂ ᠪᠠᠬᠢᠵᠢᠭᠦᠯᠦᠨ ᠳᠡᠭᠡᠭᠰᠢᠯᠡᠭᠦᠯᠬᠦ ᠶᠢ ᠠᠬᠢᠭᠤᠯᠬᠤ︾ ᠪᠢᠲᠡᠭᠦᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠬᠤᠲᠠ ᠪᠠᠯᠭᠠᠰᠤ ᠶᠢᠨ ᠬᠠᠭᠤᠴᠢᠨ ᠤᠷᠤᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠵᠡᠷᠭᠡ ᠳᠤᠨᠢ ᠬᠡᠷᠡᠭᠵᠢᠭᠦᠯᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠡᠷᠭᠡᠨ ᠵᠤᠭᠰᠤᠭᠠᠯ᠂ ᠴᠠᠬᠢᠯᠭᠠᠨ ᠴᠡᠨᠡᠭᠯᠡᠬᠦ ᠪᠡᠯᠡᠳᠬᠡᠮᠵᠢ᠂ ᠰᠠᠭᠠᠳ ᠦᠭᠡᠢ ᠪᠡᠯᠡᠳᠬᠡᠮᠵᠢ᠂ ︽ᠨᠢᠭᠡ ᠨᠠᠰᠤᠲᠠᠨ ᠨᠢᠭᠡ ᠬᠡᠦᠬᠡᠳ︾ ᠤᠨ ᠦᠢᠯᠡᠴᠢᠯᠡᠭᠡᠨ ᠤ ᠪᠡᠯᠡᠳᠬᠡᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠨᠥᠬᠦᠴᠡᠯ ᠲᠠᠢ ᠠᠰᠠᠷ ᠲᠤ ᠴᠠᠬᠢᠯᠭᠠᠨ ᠱᠠᠲᠤ ᠨᠡᠮᠡᠵᠦ ᠤᠭᠰᠠᠷᠠᠬᠤ ᠶᠢ ᠠᠬᠢᠭᠤᠯᠤᠨ᠎ᠠ᠃ ᠨᠡᠶᠢᠭᠡᠮ ᠲᠣᠭᠤᠷᠢᠭ ᠤᠨ ᠠᠳᠠᠯ ᠠᠬᠤᠢ ᠶᠢᠨ ᠨᠠᠮ ᠤᠨ ᠪᠠᠶᠢᠭᠤᠯᠤᠯᠲᠠ ᠶᠢ ᠬᠠᠮᠲᠤᠷᠠᠨ ᠪᠠᠶᠢᠭᠤᠯᠬᠤ ᠶᠢ ᠴᠢᠩᠭᠠᠳᠬᠠᠵᠤ᠂ ᠠᠳᠠᠯ ᠠᠬᠤᠢ ᠶᠢᠨ ᠦᠢᠯᠡᠴᠢᠯᠡᠭᠡ ᠶᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠠ ᠦᠨᠳᠦᠰᠦᠨ ᠱᠠᠲᠤᠨ ᠤ ᠵᠠᠰᠠᠯᠲᠠ ᠳᠤ ᠠᠭᠤᠰᠤᠯᠴᠠᠭᠤᠯᠬᠤ ᠶᠢ ᠲᠦᠯᠬᠢᠨ ᠠᠬᠢᠭᠤᠯᠤᠨ᠎ᠠ᠃ ᠳᠤᠭᠠᠴᠠᠯᠠᠭᠰᠠᠨ᠂ ᠰᠦᠯᠵᠢᠶᠡᠵᠢᠭᠰᠡᠨ᠂ ᠣᠶᠤᠨᠴᠢᠯᠠᠭᠰᠠᠨ ᠰᠢᠨ᠎ᠡ ᠮᠠᠶ᠋ᠢᠭ ᠤᠨ ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠤᠶᠠᠨ ᠬᠠᠳᠠᠨ ᠴᠢᠨᠠᠷᠲᠠᠢ ᠬᠤᠳᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠶᠡᠬᠡᠩᠬᠢ ᠬᠤᠲᠠ ᠶᠢᠨ ᠠᠮᠤᠷ ᠲᠦᠪᠰᠢᠨ ᠤ ᠠᠵᠢᠯᠯᠠᠭᠠᠨ ᠤ ᠬᠡᠷᠡᠭᠴᠡᠭᠡ ᠱᠠᠭᠠᠷᠳᠠᠯᠭ᠎ᠠ ᠪᠠ ᠣᠳᠣᠬᠢ ᠪᠠᠶᠢᠳᠠᠯ ᠳᠤ ᠲᠣᠬᠢᠷᠠᠬᠤ ᠬᠤᠲᠠ ᠶᠢᠨ ᠣᠯᠠᠨ ᠨᠡᠶᠢᠲᠡ ᠶᠢᠨ ᠠᠮᠤᠷ ᠲᠦᠪᠰᠢᠨ ᠤ ᠬᠢᠨᠠᠨ ᠰᠢᠨᠵᠢᠬᠦ ᠦᠢᠯᠡᠴᠢᠯᠡᠭᠡᠨ ᠤ ᠰᠢᠰᠲ᠋ᠧᠮᠵᠢ ᠶᠢ ᠬᠠᠶᠢᠨ ᠰᠦᠪᠡᠭᠴᠢᠯᠡᠵᠦ᠂ ᠬᠤᠲᠠ ᠶᠢᠨ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠤᠳᠠ ᠶᠢᠨ ᠭᠠᠵᠠᠷ ᠳᠣᠣᠷᠠᠬᠢ ᠲᠦᠷᠪᠡᠨ ᠲᠦᠷᠦᠯ ᠤᠨ ᠬᠠᠭᠤᠴᠢᠷᠠᠭᠰᠠᠨ ᠬᠤᠭᠤᠯᠠᠢ ᠲᠣᠣᠷ ᠤᠨ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠥᠷᠨᠢᠭᠦᠯᠦᠨ᠎ᠡ᠃ ᠲᠡᠦᠬᠡ ᠰᠣᠶᠣᠯ ᠢ ᠤᠯᠠᠮᠵᠢᠯᠠᠨ ᠬᠠᠮᠠᠭᠠᠯᠠᠬᠤ ᠶᠢ ᠴᠢᠩᠭᠠᠳᠬᠠᠬᠤ ᠰᠢᠨ᠎ᠡ ᠪᠠᠶᠢᠭᠤᠯᠤᠯ ᠲᠣᠭᠲᠠᠴᠠ ᠶᠢ ᠪᠠᠶᠢᠭᠤᠯᠵᠤ᠂ ᠬᠤᠳᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠨ ᠵᠠᠯᠭᠠᠮᠵᠢᠯᠠᠬᠤ ᠰᠢᠰᠲ᠋ᠧᠮ ᠢ ᠬᠦᠴᠦᠯᠡᠨ ᠪᠠᠶᠢᠭᠤᠯᠤᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠰᠢᠨ᠎ᠡ ᠵᠠᠭᠪᠤᠷ ᠢ ᠪᠠᠶᠢᠭᠤᠯᠵᠤ᠂ ᠪᠡᠯᠡ ᠣᠷᠣᠭᠤᠯᠤᠭᠴᠢ + EPC᠂ ᠣᠷᠣᠨ ᠨᠤᠲᠤᠭ ᠤᠨ ᠤᠯᠤᠰ ᠤᠨ ᠦᠮᠴᠢᠯᠡᠯᠳᠦ ᠠᠵᠤ ᠠᠬᠤᠶᠢᠯᠠᠯ + ᠬᠤᠳᠠᠯᠳᠤᠨ ᠠᠪᠬᠤ ᠦᠢᠯᠡᠴᠢᠯᠡᠭᠡᠨ ᠤ ᠳᠦᠷᠢᠮ᠂ ᠲᠤᠰᠬᠠᠢ ᠵᠦᠢᠯ ᠤᠨ ᠵᠢᠭᠡᠯᠡᠯᠭᠡ + ᠰᠠᠭᠤᠷᠢ ᠲᠥᠬᠦᠭᠡᠷᠦᠮᠵᠢ ᠶᠢᠨ ᠰᠠᠭᠤᠷᠢ ᠮᠥᠩᠭᠦ + ᠪᠠᠩᠬᠢ ᠶᠢᠨ ᠲᠦᠷᠦᠯ ᠵᠦᠢᠯ ᠤᠨ ᠵᠢᠭᠡᠯᠡᠯᠭᠡ ᠭᠤᠶᠤᠴᠢᠯᠠᠬᠤ ᠵᠡᠷᠭᠡ ᠠᠷᠭ᠎ᠠ ᠮᠠᠶ᠋ᠢᠭ ᠢ ᠨᠠᠩ ᠢᠯᠡᠭᠦᠦ ᠬᠡᠷᠡᠭᠯᠡᠨ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ ᠰᠡᠳᠬᠢᠬᠦᠢ ᠪᠠᠷ ᠬᠤᠲᠠ ᠶᠢᠨ ᠡᠵᠡᠩᠨᠡᠯᠳᠡ ᠥᠭᠡᠷᠡᠴᠢᠯᠡᠯᠲᠡ᠂ ᠰᠢᠨ᠎ᠡ ᠶᠢ ᠡᠭᠦᠳᠬᠦ ᠠᠷᠭ᠎ᠠ ᠵᠠᠮ ᠢ ᠬᠠᠶᠢᠨ ᠰᠦᠪᠡᠭᠴᠢᠯᠡᠨ᠎ᠡ᠃ ︽ᠨᠢᠭᠡ ᠵᠥᠪᠯᠡᠯ ᠨᠢᠭᠡ ᠠᠯᠪᠠᠨ ᠭᠡᠷ ᠨᠢᠭᠡ ᠲᠠᠪᠴᠠᠩ︾ ᠢ ᠲᠡᠭᠦᠯᠳᠡᠷᠵᠢᠭᠦᠯᠵᠦ᠂ ᠬᠤᠳᠠ ᠶᠢᠨ ᠬᠠᠮᠢᠶᠠᠷᠤᠯᠲᠠ ᠶᠢ ᠦᠨᠳᠦᠰᠦᠨ ᠱᠠᠲᠤᠨ ᠤ ᠵᠠᠰᠠᠯᠲᠠ ᠳᠤ ᠠᠭᠤᠰᠤᠯᠴᠠᠭᠤᠯᠬᠤ ᠶᠢ ᠲᠦᠯᠬᠢᠨ ᠠᠬᠢᠭᠤᠯᠵᠤ᠂ ᠬᠤᠳᠠ ᠶᠢᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢᠯᠠᠬᠤ᠂ ᠨᠠᠷᠢᠯᠢᠭᠵᠢᠭᠤᠯᠬᠤ᠂ ᠣᠶᠤᠨᠴᠢᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠳᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠤᠨ᠎ᠠ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠦᠨᠡᠯᠡᠬᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠤᠷᠠᠨ ᠳᠠᠷᠬᠠᠨ ᠤ ᠪᠤᠯᠪᠠᠰᠤᠷᠠᠯ ᠪᠠ ᠵᠢᠷᠤᠭ ᠲᠥᠯᠥᠪᠯᠡᠭᠡ ᠶᠢ ᠬᠥᠳᠡᠭᠡ ᠪᠠᠭᠤᠯᠭᠠᠬᠤ ᠶᠢ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠶᠢ ᠦᠷᠭᠦᠯᠵᠢᠯᠡᠨ ᠬᠡᠷᠡᠭᠵᠢᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠤᠰᠬᠠᠬᠤ ᠳᠤ ᠲᠤᠬᠢᠷᠠᠮᠵᠢᠳᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠢᠷᠮᠠᠶᠢᠨ ᠪᠦᠲᠦᠭᠡᠨ ᠪᠠᠶᠢᠭᠤᠯᠤᠨ᠎ᠠ᠃     ᠲᠠᠪᠤ ᠳᠤ᠂ ᠬᠦᠴᠦᠨ ᠢᠶᠠᠨ ᠲᠥᠪᠯᠡᠷᠡᠭᠦᠯᠦᠨ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠃ ᠪᠠᠷᠢᠯᠭ᠎ᠠ ᠶᠢᠨ ᠦᠢᠯᠡᠰ ᠤᠨ ᠭᠤᠷᠪᠠᠨ ᠵᠢᠯ ᠳᠤ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠰᠠᠶᠢᠲᠤᠷ ᠬᠢᠵᠦ ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ︽ᠲᠥᠪ ᠤᠨ ᠠᠵᠤ ᠠᠬᠤᠶᠢᠯᠠᠯ ᠨᠢ ᠣᠷᠣᠨ ᠨᠤᠲᠤᠭ ᠤᠨ ᠠᠵᠤ ᠠᠬᠤᠶᠢᠯᠠᠯ ᠢ ᠬᠠᠪᠰᠤᠷᠴᠤ᠂ ᠲᠣᠮᠣ ᠠᠵᠤ ᠠᠬᠤᠶᠢᠯᠠᠯ ᠨᠢ ᠵᠢᠵᠢᠭ ᠠᠵᠤ ᠠᠬᠤᠶᠢᠯᠠᠯ ᠢ ᠳᠠᠶᠢᠴᠢᠯᠠᠬᠤ︾ ᠠᠵᠢᠯᠯᠠᠭ᠎ᠠ ᠶᠢ ᠥᠷᠨᠢᠭᠦᠯᠵᠦ᠂ ᠪᠠᠷᠢᠯᠭ᠎ᠠ ᠶᠢᠨ ᠠᠵᠤ ᠠᠬᠤᠶᠢᠯᠠᠯ ᠤᠨ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ ᠶᠢ ᠢᠳᠡᠪᠬᠢᠲᠡᠢ ᠪᠠᠷ ᠬᠡᠷᠡᠭᠯᠡᠬᠦ ᠶᠢ ᠵᠣᠷᠢᠭᠵᠢᠭᠤᠯᠵᠤ᠂ ᠠᠵᠤ ᠦᠢᠯᠡᠰ ᠤᠨ ᠪᠥᠭᠡᠮᠨᠡᠷᠡᠯ᠂ ᠠᠵᠤ ᠦᠢᠯᠡᠰ ᠤᠨ ᠬᠤᠯᠪᠣᠭ᠎ᠠ ᠶᠢ ᠪᠤᠢ ᠪᠣᠯᠭᠠᠵᠤ ᠂ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠤ ᠳᠡᠭᠡᠭᠰᠢᠯᠡᠯᠲᠡ ᠶᠢ ᠲᠦᠯᠬᠢᠨ ᠠᠬᠢᠭᠤᠯᠤᠨ᠎ᠠ᠃ ᠥᠪᠥᠷ ᠮᠣᠩᠭᠤᠯ ᠤᠨ ᠪᠠᠷᠢᠯᠭ᠎ᠠ ᠶᠢᠨ ᠠᠵᠤ ᠦᠢᠯᠡᠰ ᠤᠨ ᠢᠨᠲ᠋ᠧᠷ ᠰᠦᠯᠵᠢᠶᠡᠨ ᠤ ᠲᠠᠪᠴᠠᠩ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠤᠨ ᠲᠡᠭᠦᠯᠳᠡᠷᠵᠢᠭᠦᠯᠵᠦ᠂ ᠪᠠᠷᠢᠯᠭ᠎ᠠ ᠶᠢᠨ ᠦᠢᠯᠡᠰ᠂ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠰ᠂ ᠮᠥᠩᠭᠦᠨ ᠭᠦᠢᠯᠭᠡᠭᠡᠨ ᠤ ᠦᠢᠯᠡᠰ᠂ ᠦᠢᠯᠡᠴᠢᠯᠡᠭᠡᠨ ᠤ ᠦᠢᠯᠡᠰ ᠵᠡᠷᠭᠡ ᠠᠵᠢᠯ ᠲᠥᠷᠥᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠥᠬᠦ ᠬᠡᠯᠬᠢᠶᠡᠰᠦ ᠪᠠᠷ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠦᠨ᠂ ᠲᠠᠪᠴᠠᠩ ᠤᠨ ᠨᠦᠯᠦᠭᠡᠯᠡᠬᠦ ᠬᠦᠴᠦᠨ ᠢ ᠦᠷᠭᠦᠯᠵᠢᠯᠡᠨ ᠲᠡᠭᠡᠭᠰᠢᠯᠡᠭᠦᠯᠦᠨ᠎ᠡ᠃ ᠰᠢᠨ᠎ᠡ ᠬᠡᠯᠪᠡᠷᠢ ᠶᠢᠨ ᠪᠠᠶᠢᠭᠤᠯᠬᠤ ᠠᠷᠭ᠎ᠠ ᠮᠠᠶ᠋ᠢᠭ ᠢ ᠲᠦᠷᠭᠡᠪᠴᠢᠯᠡᠨ ᠬᠤᠪᠢᠷᠠᠭᠤᠯᠵᠤ᠂ ᠤᠶᠤᠨᠴᠢ ᠪᠠᠶᠢᠭᠤᠯᠬᠤ᠂ ᠪᠣᠬᠢᠷᠲᠤᠯ ᠦᠭᠡᠢ ᠪᠠᠶᠢᠭᠤᠯᠬᠤ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠳᠡᠯᠭᠡᠷᠡᠭᠦᠯᠵᠦ᠂ ᠪᠠᠷᠢᠯᠭ᠎ᠠ ᠶᠢᠨ ᠦᠢᠯᠡᠰ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠪᠥᠬᠦ ᠣᠷᠣᠨ ᠤ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠤ ᠪᠣᠬᠢᠷᠲᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠎ᠡ᠃ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠰᠢᠯᠵᠢᠭᠦᠯᠦᠨ ᠳᠠᠭᠠᠭᠠᠴᠢᠯᠠᠭᠤᠯᠬᠤ᠂ ᠬᠠᠤᠯᠢ ᠠᠴᠠ ᠵᠥᠷᠢᠴᠡᠨ ᠬᠤᠪᠢᠶᠠᠨ ᠳᠠᠭᠠᠭᠠᠴᠢᠯᠠᠭᠤᠯᠬᠤ ᠵᠡᠷᠭᠡ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠪᠠᠷᠢᠯᠭ᠎ᠠ ᠶᠢᠨ ᠠᠵᠤ ᠠᠬᠤᠶᠢᠯᠠᠯ ᠤᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠪᠠᠷᠢᠯᠭ᠎ᠠ ᠶᠢᠨ ᠠᠵᠢᠯᠴᠢᠨ ᠤ ᠦᠨᠡᠨ ᠨᠡᠷ᠎ᠡ ᠶᠢᠨ ᠳᠦᠷᠢᠮ ᠢ ᠲᠡᠭᠦᠯᠳᠡᠷᠵᠢᠭᠦᠯᠦᠨ᠂ ᠬᠦᠯᠦᠰᠦᠨ ᠠᠵᠢᠯᠴᠢᠨ ᠤ ᠴᠠᠯᠢᠩ ᠶᠢ ᠪᠠᠲᠤᠯᠠᠨ᠎ᠠ᠃
W020250123330678427651.jpg
    ᠵᠢᠷᠭᠤᠭ᠎ᠠ ᠳᠤ᠂ ᠬᠦᠴᠦ ᠪᠠᠨ ᠲᠥᠪᠯᠡᠷᠡᠭᠦᠯᠦᠨ ᠠᠮᠤᠷ ᠲᠦᠪᠰᠢᠨ ᠲᠣᠭᠲᠠᠭᠤᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠵᠦᠢᠯ ᠢᠶᠠᠷ ᠴᠡᠭᠴᠡᠯᠡᠨ ᠵᠠᠰᠠᠬᠤ᠂ ᠰᠢᠲᠠᠮᠠᠬᠠᠢ ᠬᠡᠢ ᠶᠢᠨ ᠬᠤᠭᠤᠯᠠᠢ ᠶᠢᠨ ︽ᠡᠪᠡᠳᠴᠢᠨ ᠲᠠᠢ ᠪᠠᠷ ᠠᠵᠢᠯᠯᠠᠭᠤᠯᠬᠤ︾ ᠲᠤᠰᠬᠠᠢ ᠵᠦᠢᠯ ᠢᠶᠠᠷ ᠵᠠᠰᠠᠬᠤ ᠶᠢ ᠭᠦᠨᠵᠡᠭᠡᠢ ᠥᠷᠨᠢᠭᠦᠯᠵᠦ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠬᠥᠳᠡᠯᠦᠩᠭᠦᠢ ᠪᠠᠷ ᠠᠷᠢᠯᠭᠠᠬᠤ ᠬᠡᠷᠡᠭᠲᠡᠢ᠃ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠴᠡᠭᠴᠡᠯᠡᠨ ᠵᠠᠰᠠᠯᠲᠠ ᠶᠢ ᠯᠠᠪᠳᠠᠭᠤᠨ ᠢᠶᠠᠷ ᠠᠬᠢᠭᠤᠯᠵᠤ᠂ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠴᠡᠭᠴᠡᠯᠡᠨ ᠵᠠᠰᠠᠯᠲᠠ ᠶᠢ ᠳ᠋ᠦᠩᠨᠡᠵᠦ ᠦᠨᠡᠯᠡᠨ ᠵᠢᠱᠢᠬᠦ ᠠᠵᠢᠯ ᠢ ᠪᠡᠶᠡᠯᠡᠭᠦᠯᠦᠨ᠎ᠡ᠃ ᠨᠢᠭᠡᠨᠲᠡ ᠪᠠᠶᠢᠭ᠎ᠠ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠶᠢᠨ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠬᠦ ᠲᠠᠢ ᠤᠶᠠᠯᠳᠤᠭᠤᠯᠤᠨ᠂ ᠠᠮᠤᠷ ᠲᠦᠪᠰᠢᠨ ᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠷ ᠭᠡᠷ ᠪᠠᠶᠢᠰᠢᠩ ᠤᠨ ᠳᠠᠯᠳᠠ ᠬᠡᠮ ᠢ ᠠᠷᠢᠯᠭᠠᠨ᠎ᠠ᠃ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠭᠠᠷ ᠳᠡᠪᠲᠡᠷ ᠢ ᠨᠠᠶᠢᠳᠠᠪᠤᠷᠢᠵᠢᠭᠤᠯᠤᠨ᠂ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠪᠠᠷᠢᠮᠵᠢᠶᠠᠵᠢᠭᠤᠯᠤᠯᠳᠠ ᠶᠢᠨ ᠠᠵᠢᠯ ᠢ ᠦᠷᠭᠦᠯᠵᠢᠯᠡᠨ ᠠᠬᠢᠭᠤᠯᠤᠨ᠎ᠠ᠃ ᠭᠡᠷ ᠪᠠᠶᠢᠰᠢᠩ ᠬᠤᠳᠠ ᠶᠢᠨ ᠶᠠᠪᠤᠳᠠᠯ ᠤᠨ ᠢᠨᠵᠧᠨᠧᠷᠢᠩ ᠤᠨ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠭᠦᠨᠵᠡᠭᠡᠶᠢᠷᠡᠭᠦᠯᠵᠦ᠂ ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠭᠠᠴᠢᠯᠠᠨ ᠬᠡᠯᠪᠡᠷᠢ ᠬᠤᠪᠢᠷᠠᠭᠤᠯᠬᠤ ᠶᠢ ᠠᠬᠢᠭᠤᠯᠵᠤ᠂ ᠪᠠᠷᠢᠯᠭ᠎ᠠ ᠶᠢᠨ ᠠᠮᠤᠷ ᠲᠦᠪᠰᠢᠨ ᠤ ᠡᠯᠧᠺᠲᠷᠣᠨ ᠦᠨᠡᠮᠯᠡᠯ ᠤᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ᠂ ᠪᠠᠷᠢᠮᠵᠢᠶᠠᠵᠢᠭᠤᠯᠤᠯᠲᠠ᠂ ᠵᠢᠷᠦᠮᠵᠢᠯᠲᠡ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠦᠯᠡᠳᠡᠭᠳᠡᠯ ᠲᠦᠷᠦᠯ ᠵᠦᠢᠯ ᠢ ᠴᠡᠭᠴᠡᠯᠡᠨ ᠵᠠᠰᠠᠬᠤ ᠠᠵᠢᠯ ᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠰᠠᠶᠢᠲᠤᠷ ᠬᠡᠷᠡᠭᠯᠡᠨ᠂ ᠡᠬᠢ ᠡᠭᠦᠰᠦᠯ ᠠᠴᠠ ᠨᠢ ᠵᠠᠰᠠᠬᠤ ᠪᠠ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠪᠠ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠢ ᠬᠠᠮᠠᠭᠠᠯᠠᠨ᠎ᠠ᠃     ᠲᠤᠯᠤᠭ᠎ᠠ ᠳᠤ᠂ ᠬᠦᠴᠦᠨ ᠢᠶᠠᠨ ᠲᠥᠪᠯᠡᠷᠡᠭᠦᠯᠦᠨ ︽ᠠᠷᠪᠠᠨ ᠲᠠᠪᠤᠳᠤᠭᠠᠷ ᠲᠠᠪᠤᠨ ᠵᠢᠯ︾ ᠤᠨ ᠬᠥᠭᠵᠢᠯᠲᠡ ᠶᠢ ᠰᠦᠪᠡᠭᠴᠢᠯᠡᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠬᠦ ᠲᠠᠯ᠎ᠠ ᠪᠠᠷ ᠳ᠋ᠦᠩᠨᠡᠨ ᠦᠨᠡᠯᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠲᠠᠪᠤᠳᠤᠭᠠᠷ ᠲᠠᠪᠤᠨ ᠵᠢᠯ﹀ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠲᠥᠯᠦᠪᠵᠢᠭᠦᠯᠭᠡ︾ ᠵᠢᠴᠢ ᠬᠤᠯᠪᠣᠭᠳᠠᠯ ᠪᠦᠬᠦᠢ ᠲᠤᠰᠬᠠᠢ ᠲᠥᠷᠥᠯ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠡᠮᠦᠨᠡᠬᠢ ᠬᠤᠭᠤᠴᠠᠭᠠᠨ ᠤ ᠠᠵᠢᠯ ᠢ ᠴᠢᠨᠠᠷ ᠰᠠᠶᠢᠲᠠᠢ ᠥᠷᠨᠢᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠭᠦᠨᠵᠡᠭᠡᠢ ᠰᠦᠪᠡᠭᠴᠢᠯᠡᠨ ᠬᠡᠷᠡᠭᠵᠢᠭᠦᠯᠵᠦ᠂ ᠢᠳᠡᠪᠬᠢᠲᠡᠢ ᠪᠠᠷ ᠪᠡᠯᠡ ᠮᠥᠩᠭᠦ ᠲᠡᠮᠡᠴᠡᠨ ᠤᠯᠵᠦ ᠲᠥᠷᠥᠯ ᠵᠦᠢᠯ ᠲᠣᠭᠲᠠᠭᠠᠵᠤ᠂ ᠨᠠᠩ ᠣᠯᠠᠨ ᠰᠢᠨ᠎ᠡ ᠲᠥᠷᠥᠯ ᠵᠦᠢᠯ᠂ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠲᠣᠮᠣ ᠲᠥᠷᠥᠯ ᠵᠦᠢᠯ︾ ᠳᠤ ᠣᠷᠣᠭᠤᠯᠬᠤ ᠪᠠᠷ ᠴᠢᠷᠮᠠᠶᠢᠵᠤ᠂ ᠴᠢᠬᠤᠯᠠ ᠶᠡᠭᠡ ᠲᠥᠷᠥᠯ ᠵᠦᠢᠯ ᠤᠨ ᠲᠤᠯᠭᠠᠭᠤᠷᠢᠯᠠᠬᠤ ᠴᠢᠨᠠᠷ᠂ ᠲᠠᠭᠠᠭᠤᠯᠬᠤ ᠴᠢᠨᠠᠷ᠂ ᠰᠡᠳᠡᠯᠳᠡ ᠶᠢᠨ ᠴᠢᠨᠠᠷ ᠤᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃     ᠨᠠᠢᠮᠠ ᠳᠤ᠂ ᠬᠦᠴᠦᠨ ᠢᠶᠠᠨ ᠲᠥᠪᠯᠡᠷᠡᠭᠦᠯᠦᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠤᠭᠳᠠᠭᠠᠭᠰᠠᠨ︾ ᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠦᠷᠢᠶᠡᠯᠡᠬᠦ︾ ᠶᠢ ᠡᠷᠡᠰ ᠪᠡᠶᠡᠯᠡᠭᠦᠯᠦᠨ᠎ᠡ᠃ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠢᠮᠠᠭᠳᠠ ᠪᠠᠷᠢᠮᠲᠠᠯᠠᠵᠤ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠬᠡᠪ ᠵᠠᠩᠰᠢᠯ ᠪᠣᠯᠭᠠᠵᠤ᠂ ᠤᠷᠳᠤ ᠬᠤᠭᠤᠴᠠᠭ᠎ᠠ ᠪᠠᠷ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠷᠢᠮᠲᠠᠯᠠᠨ᠎ᠠ᠃ ᠡᠷᠬᠡ ᠶᠢᠨ ᠠᠵᠢᠯᠯᠠᠭᠠᠨ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠵᠡᠷᠭᠡ ᠦᠶᠯᠡ ᠠᠵᠢᠯᠯᠠᠭ᠎ᠠ ᠶᠢ ᠭᠤᠣᠯᠳᠠᠯᠭ᠎ᠠ ᠲᠠᠢ ᠵᠢᠷᠤᠮᠵᠢᠭᠤᠯᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠪᠠᠶᠢᠩᠭᠤᠵᠢᠭᠤᠯᠤᠨ ᠴᠡᠭᠴᠡᠯᠡᠨ ᠵᠠᠰᠠᠵᠤ᠂ ᠬᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠶᠡᠬᠡᠪᠡᠷ ᠴᠢᠩᠭᠠᠳᠬᠠᠵᠤ᠂ ᠺᠠᠳ᠋ᠷ ᠢ ᠬᠥᠮᠥᠵᠢᠭᠦᠯᠬᠦ ᠡᠷᠴᠢᠮ ᠢ ᠴᠢᠩᠭᠠᠷᠠᠭᠤᠯᠵᠤ᠂ ᠠᠵᠢᠯ ᠲᠦᠷᠦᠯ ᠤᠨ ᠴᠢᠳᠠᠪᠤᠷᠢᠲᠠᠨ ᠤ ᠬᠥᠭᠵᠢᠯᠲᠡ ᠶᠢ ᠴᠢᠩᠭᠠᠳᠬᠠᠵᠤ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠵᠣᠬᠢᠴᠠᠭᠰᠠᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ᠎ᠠ᠃ ᠠᠵᠤ ᠠᠬᠤᠶᠢᠯᠠᠯ ᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠶᠢ ᠴᠢᠩᠭᠠᠷᠠᠭᠤᠯᠤᠨ᠂ ᠬᠦᠴᠢᠷᠳᠡᠯ ᠢ ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠪᠠ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠎ᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠯ ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠶᠢ ᠦᠷᠭᠦᠯᠵᠢᠯᠡᠨ ᠠᠬᠢᠭᠤᠯᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠯᠧᠺᠲᠷᠣᠨ ᠦᠨᠡᠮᠯᠡᠯ ᠢ ᠪᠥᠬᠦ ᠲᠠᠯ᠎ᠠ ᠪᠠᠷ ᠬᠡᠷᠡᠭᠵᠢᠭᠦᠯᠦᠨ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠠᠰᠤᠵᠤ ᠪᠣᠯᠬᠤ ᠶᠢ ᠨᠢ ᠬᠠᠰᠤᠬᠤ᠂ ᠪᠠᠭᠤᠯᠭᠠᠬᠤ ᠶᠣᠰᠣᠲᠠᠢ ᠶᠢ ᠨᠢ ᠪᠠᠭᠤᠯᠭᠠᠬᠤ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ ᠬᠢᠨᠠᠨ ᠵᠦᠪᠰᠢᠶᠡᠷᠡᠯ ᠤᠨ ᠦᠢᠯᠡᠴᠢᠯᠡᠭᠡ ᠶᠢ ︽ᠴᠠᠭᠠᠰᠤ ᠬᠡᠷᠡᠭᠯᠡᠬᠦ ᠦᠭᠡᠢ᠂ ᠰᠦᠯᠵᠢᠶ᠎ᠡ ᠪᠠᠷ ᠭᠦᠢᠴᠡᠳᠬᠡᠬᠦ᠂ ᠭᠦᠶᠦᠯᠭᠡᠬᠦ ᠦᠭᠡᠢ ︾ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃     ᠬᠤᠷᠠᠯ ᠳᠤ᠂ ᠬᠥᠬᠡᠬᠤᠲᠠ᠂ ᠬᠥᠯᠥᠨ ᠪᠤᠶᠢᠷ᠂ ᠲᠦᠩᠯᠢᠶᠣᠣ᠂ ᠤᠯᠠᠭᠠᠨᠬᠠᠳᠠ᠂ ᠪᠠᠶᠠᠨᠨᠠᠭᠤᠷ᠂ ᠣᠷᠳᠣᠰ ᠵᠡᠷᠭᠡ 6 ᠠᠶᠢᠮᠠᠭ ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠣᠯᠣᠨ ᠪᠤᠭᠤᠲᠤ ᠬᠤᠳᠠ ᠶᠢᠨ ᠬᠤᠳᠠ ᠶᠢᠨ ᠬᠠᠮᠢᠶᠠᠷᠤᠯᠲᠠ ᠶᠢᠨ ᠲᠣᠪᠴᠢᠶ᠎ᠠ ᠲᠤᠷᠰᠢᠯᠭ᠎ᠠ ᠪᠠᠨ ᠰᠣᠯᠢᠯᠴᠠᠪᠠ᠃     ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠤᠳᠤᠷᠢᠳᠬᠤ ᠪᠠᠭ ᠤᠨ ᠪᠦᠷᠢᠯᠳᠦᠭᠦᠨ᠂ ᠲᠢᠩᠬᠢᠮ ᠪᠠᠶᠢᠭᠤᠯᠭ᠎ᠠ ᠶᠢᠨ ᠪᠦᠬᠦ ᠠᠵᠢᠯᠲᠠᠨ᠂ ᠰᠢᠭᠤᠳ ᠬᠠᠷᠢᠶ᠎ᠠ ᠨᠢᠭᠡᠴᠢ ᠶᠢᠨ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠠᠶᠢᠮᠠᠭ ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ᠂ ᠬᠥᠬᠡᠬᠤᠲᠠ᠂ ᠪᠤᠭᠤᠲᠤ ᠬᠤᠳᠠ ᠶᠢᠨ ᠬᠤᠳᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ᠂ ᠮᠠᠨᠵᠤᠤᠷ ᠬᠤᠳᠠ᠂ ᠡᠷᠢᠶᠡᠨ ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ᠂ ᠬᠡᠰᠡᠭ ᠠᠶᠢᠮᠠᠭ ᠬᠤᠳᠠ ᠶᠢᠨ ᠴᠡᠴᠡᠷᠯᠢᠭ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠭᠡᠷ