ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/26
    1 ᠳ᠋ᠤᠭᠡᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠢᠦᠢ ᠰᠢᠨ ᠹᠠᠩ ᠬᠤᠷᠠᠯ ᠡᠷᠭᠢᠯᠡᠪᠡ᠃
W020250124337836696827.jpg
    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ  ᠤᠨ ︽ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤᠮᠳᠠᠬᠢ ᠬᠡᠳᠦᠨ ᠴᠢᠬᠤᠯᠠ ᠶᠡᠭᠡ ᠤᠨᠤᠯ ᠪᠠ ᠦᠢᠯᠡᠳᠦᠯᠭᠡ ᠶᠢᠨ ᠠᠰᠠᠭᠤᠳᠠᠯ︾ ᠭᠡᠬᠦ ᠴᠢᠬᠤᠯᠠ ᠵᠤᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠡᠵᠡᠮᠰᠢᠵᠦ᠂ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠴᠢᠭᠯᠡᠯ ᠢ ᠣᠨᠣᠪᠴᠢᠲᠠᠢ ᠡᠵᠡᠮᠳᠡᠵᠦ᠂ ᠥᠭᠡᠷᠡᠴᠢᠯᠡᠯᠲᠡ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ᠡᠯ᠎ᠡ ᠬᠦᠷᠢᠶ᠎ᠡ ᠂ ᠡᠯ᠎ᠡ ᠲᠡᠰ ᠳᠠᠪᠬᠤᠷᠭ᠎ᠠ᠂ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠬᠠᠷᠢᠯᠴᠠᠭ᠎ᠠ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠪᠥᠭᠡᠭᠡᠨᠡᠷᠡᠯ ᠦᠢᠯᠡᠳᠦᠯ ᠪᠣᠯᠣᠨ ᠳᠠᠬᠢᠨ ᠢᠶᠠᠷ ᠨᠡᠮᠡᠭᠳᠡᠬᠦ ᠦᠢᠯᠡᠳᠦᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ᠃ ᠲᠡᠷᠢᠭᠦᠨ ᠲᠡᠳ᠋ ᠤᠨ ᠳᠠᠷᠠᠭᠠᠯᠠᠯ ᠢ ᠲᠣᠳᠣᠷᠬᠠᠶᠢᠯᠠᠵᠤ᠂ ᠬᠦᠴᠦᠨ ᠲᠠᠢ ᠬᠤᠭᠤᠴᠠᠭ᠎ᠠ ᠶᠢ ᠡᠵᠡᠮᠳᠡᠵᠦ᠂ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠴᠢᠨᠠᠷ ᠰᠠᠶᠢᠲᠠᠢ ᠰᠠᠶᠢᠲᠤᠷ ᠠᠳᠬᠤᠵᠤ᠂ ᠰᠢᠪᠲᠤᠯᠤᠯᠲᠠ ᠶᠢᠨ ᠴᠢᠨᠠᠷ ᠢᠶᠠᠷ ᠴᠢᠩᠭ᠎ᠠ᠂ ᠳᠠᠶᠢᠴᠢᠯᠠᠬᠤ ᠬᠦᠴᠦᠨ ᠢᠶᠠᠷ ᠶᠡᠭᠡ ᠥᠭᠡᠷᠡᠴᠢᠯᠡᠯᠲᠡ ᠶᠢᠨ ᠬᠢᠯᠠᠰ ᠴᠡᠭ ᠢ ᠪᠦᠷᠢᠯᠳᠦᠭᠦᠯᠬᠦ ᠶᠢ ᠠᠬᠢᠭᠤᠯᠵᠤ᠂ ᠱᠠᠲᠤᠴᠢ ᠴᠢᠨᠠᠷᠲᠠᠢ ᠦᠷ᠎ᠡ ᠪᠦᠲᠦᠭᠡᠯ ᠢ ᠲᠦᠷᠭᠡᠨ ᠣᠯᠬᠤ ᠬᠡᠷᠡᠭᠲᠡᠢ᠃ ᠬᠠᠷᠠᠯᠲᠠ ᠴᠢᠭᠯᠡᠯ ᠲᠠᠢ ᠬᠦᠴᠦᠯᠡᠬᠦ ᠶᠢ ᠪᠠᠷᠢᠮᠲᠠᠯᠠᠵᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠥᠭᠡᠷᠡᠴᠢᠯᠡᠯᠲᠡ ᠶᠢᠨ ᠬᠦᠴᠦᠯᠡᠬᠦ ᠴᠡᠭ ᠢ ᠣᠨᠣᠪᠴᠢᠲᠠᠢ ᠡᠷᠢᠨ ᠣᠯᠵᠤ᠂ ᠪᠦᠬᠦᠯᠢ ᠴᠣᠭᠴᠠ ᠪᠠᠷ ᠠᠬᠢᠭᠤᠯᠬᠤ ᠳᠤᠮᠳᠠ ᠭᠤᠣᠯᠳᠠᠯᠭ᠎ᠠ ᠲᠠᠢ ᠰᠢᠪᠲᠤᠯᠤᠯᠲᠠ ᠬᠢᠵᠦ᠂ ᠭᠤᠣᠯᠳᠠᠯᠭ᠎ᠠ ᠲᠠᠢ ᠰᠢᠪᠲᠤᠯᠤᠯᠲᠠ ᠪᠠᠷ ᠠᠵᠢᠯ ᠲᠦᠷᠦᠯ ᠤᠨ ᠬᠥᠭᠵᠢᠯᠲᠡ ᠶᠢᠨ ᠲᠦᠪᠰᠢᠨ ᠤ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠳᠠᠶᠢᠴᠢᠯᠠᠬᠤ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠤᠯᠠᠨ ᠤ ᠰᠡᠳᠬᠢᠯ ᠤᠨ ᠬᠦᠴᠢᠷᠳᠡᠯ᠂ ᠠᠮᠢᠳᠤᠷᠠᠯ ᠤᠨ ᠪᠠᠴᠢᠮ᠂ ᠬᠥᠭᠵᠢᠯᠲᠡ ᠶᠢᠨ ᠵᠣᠪᠠᠨᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠨᠡ ᠵᠢᠯ ᠤᠨ ᠭᠤᠣᠯᠳᠠᠯᠭ᠎ᠠ ᠲᠠᠢ ᠡᠭᠦᠷᠭᠡ ᠪᠣᠯᠣᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠠᠢ ᠤᠶᠠᠯᠳᠤᠭᠤᠯᠤᠨ᠂ ᠨᠢᠭᠡ ᠪᠦᠯᠦᠭ ︽ᠰᠡᠷᠡᠵᠦ ᠮᠡᠳᠡᠵᠤ ᠳᠡᠶᠢᠯᠬᠦ᠂ ᠲᠤᠯᠠᠭᠠᠴᠢ ᠲᠠᠢ᠂ ᠲᠦᠷᠭᠡᠨ ᠦᠷ᠎ᠡ ᠪᠦᠲᠦᠮᠵᠢ ᠣᠯᠬᠤ︾ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠲᠥᠯᠥᠪᠯᠡᠭᠡ ᠲᠠᠢ ᠠᠯᠬᠤᠮ ᠲᠠᠷᠠᠭ᠎ᠠ ᠬᠤᠪᠢᠶᠠᠨ ᠲᠥᠯᠥᠪᠵᠢᠭᠦᠯᠦᠨ ᠬᠡᠷᠡᠭᠵᠢᠭᠦᠯᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠤᠳᠠᠳᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠲᠠᠯ᠎ᠠ  ᠪᠠᠷ ᠨᠠᠮ ᠢ ᠴᠢᠩᠭ᠎ᠠ ᠵᠠᠰᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠦ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠨᠢᠭᠡ ᠮᠥᠴᠡ ᠴᠦ ᠵᠣᠭᠰᠣᠯ ᠦᠭᠡᠢ ᠲᠦᠯᠬᠢᠨ ᠠᠬᠢᠭᠤᠯᠵᠤ᠂ ᠬᠥᠭᠵᠢᠯᠲᠡ ᠶᠢᠨ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠠᠬᠢᠵᠢᠭᠦᠯᠦᠨ᠎ᠡ᠃ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠪᠡᠯᠡ ᠮᠥᠩᠭᠦ ᠶᠢ ᠬᠡᠷᠡᠭᠯᠡᠬᠦ᠂ ᠬᠥᠮᠥᠨ ᠰᠣᠩᠭᠤᠵᠤ ᠬᠥᠮᠥᠨ ᠬᠡᠷᠡᠭᠯᠡᠬᠦ ᠵᠡᠷᠭᠡ ᠭᠤᠣᠯᠳᠠᠯᠭ᠎ᠠ ᠲᠠᠢ ᠬᠦᠷᠢᠶᠡᠨ ᠤ ᠡᠷᠬᠡ ᠶᠢᠨ ᠠᠵᠢᠯᠯᠠᠭᠠᠨ ᠳᠤ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠰᠠᠶᠢᠲᠤᠷ ᠠᠳᠬᠤᠬᠤ ᠬᠡᠷᠡᠭᠲᠡᠢ᠃ ᠡᠬᠢ ᠡᠭᠦᠰᠦᠯ ᠠᠴᠠ ᠨᠢ ᠵᠠᠰᠠᠬᠤ ᠶᠢ ᠪᠠᠷᠢᠮᠲᠠᠯᠠᠵᠤ᠂ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠳᠦᠷᠢᠮ ᠤᠨ ᠠᠯᠳᠠᠰᠢ ᠭᠠᠷᠬᠤ ᠶᠢ ᠤᠯᠠᠮ ᠨᠢᠭᠡ ᠠᠯᠬᠤᠮ ᠬᠤᠷᠢᠭᠯᠠᠵᠤ᠂ ᠴᠢᠯᠦᠭᠡᠲᠦ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠵᠤ᠂ ᠡᠷᠬᠡ ᠪᠠᠷ ᠢᠶᠠᠨ ᠠᠰᠢᠭ ᠬᠤᠨᠵᠢᠪᠤᠷᠢ ᠣᠯᠬᠤ ᠣᠷᠣᠨ ᠵᠠᠢ ᠶᠢ ᠪᠠᠭᠠᠰᠬᠠᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠯᠵᠢᠷᠠᠬᠤ ᠵᠣᠷᠢᠭ ᠦᠭᠡᠢ᠂ ᠢᠯᠵᠢᠷᠡᠵᠦ ᠪᠣᠯᠬᠤ ᠦᠭᠡᠢ᠂ ᠢᠯᠵᠢᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠢᠯᠠᠩᠭᠤᠶ᠎ᠠ ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ ᠤᠳᠤᠷᠢᠳᠬᠤ ᠺᠠᠳ᠋ᠷᠴᠤᠳ ᠲᠦᠷᠦᠭᠦᠯᠡᠨ ᠨᠠᠮ ᠤᠨ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠠᠷᠢᠭᠤᠨ ᠴᠢᠬᠡᠴᠢ ᠂ ᠠᠷᠪᠢᠲᠠᠢ  ᠂ ᠪᠣᠯᠪᠠᠰᠤᠨ ᠢᠶᠠᠷ ᠪᠠᠶᠠᠷ ᠳᠤᠷᠠᠰᠬᠠᠯ ᠤᠨ ᠡᠳᠦᠷ ᠢ ᠥᠩᠭᠡᠷᠡᠭᠦᠯᠬᠦ ᠬᠡᠷᠡᠭᠲᠡᠢ᠃ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠦᠷᠭᠦᠯᠵᠢᠯᠡᠨ ᠠᠬᠢᠭᠤᠯᠵᠤ᠂ ᠨᠠᠶᠢᠳᠠᠪᠤᠷᠢᠵᠢᠭᠤᠯᠤᠯᠲᠠ ᠶᠢᠨ ᠳᠤᠮᠳᠠᠬᠢ ᠲᠦᠭᠵᠢᠷᠡᠯ ᠤᠨ ᠴᠡᠭ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠦᠬᠦ ᠲᠠᠯ᠎ᠠ ᠪᠠᠷ ᠡᠯ᠎ᠡ ᠵᠦᠢᠯ ᠤᠨ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ ᠬᠤᠷᠳᠤᠴᠠ ᠶᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠵᠤ᠂ ᠰᠠᠶᠢᠨ ᠰᠤᠷᠲᠠᠯ ᠢ ᠬᠡᠪᠰᠢᠵᠢᠭᠦᠯᠬᠦ ᠬᠡᠷᠡᠭᠲᠡᠢ ᠭᠡᠵᠦ ᠱᠠᠭᠠᠷᠳᠠᠪᠠ᠃
W020250124337836898619.jpg
    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ ᠲᠣᠭᠲᠠᠴᠠ ᠶᠢ ᠪᠠᠶᠢᠭᠤᠯᠬᠤ ᠲᠤᠳᠠᠭᠳᠠᠯ ᠢ ᠨᠥᠬᠦᠪᠦᠷᠢᠯᠡᠬᠦ᠂ ᠵᠠᠰᠠᠯᠲᠠ ᠶᠢ ᠴᠢᠩᠭᠠᠳᠬᠠᠬᠤ ᠲᠠᠯ᠎ᠠ ᠪᠠᠷ ᠬᠦᠴᠦ ᠲᠠᠯᠪᠢᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ︽ᠳᠦᠷᠢᠮ︾  ᠢᠶᠠᠷ ︽ᠵᠠᠰᠠᠯᠲᠠ︾  ᠶᠢ ᠠᠬᠢᠭᠤᠯᠬᠤ ᠶᠢ ᠪᠠᠷᠢᠮᠲᠠᠯᠠᠵᠤ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠲᠣᠭᠲᠠᠴᠠ ᠶᠢ ᠴᠢᠨᠠᠭᠰᠢᠳᠠ ᠪᠦᠷᠢᠨᠰᠢᠭᠦᠯᠵᠦ᠂ ᠪᠦᠬᠦ ᠬᠡᠯᠬᠢᠶ᠎ᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠳᠦᠷᠢᠮ ᠲᠣᠭᠲᠠᠴᠠ ᠪᠠᠷ ᠲᠤᠯᠭᠠᠭᠤᠷᠢᠯᠠᠯ ᠪᠣᠯᠭᠠᠨ ᠥᠨᠳᠥᠷ ᠲᠦᠪᠰᠢᠨ ᠢᠶᠠᠷ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠠᠬᠢᠭᠤᠯᠬᠤ ᠬᠡᠷᠡᠭᠲᠡᠢ᠃ ᠪᠣᠬᠢᠷᠲᠤᠯ ᠢ ᠪᠠᠭᠠᠰᠬᠠᠬᠤ᠂ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠬᠠᠮᠵᠢᠯᠴᠠᠨ ᠠᠬᠢᠭᠤᠯᠵᠤ᠂ ᠡᠬᠢ ᠪᠠᠶᠠᠯᠢᠭ ᠢ ᠠᠷᠪᠢᠯᠠᠨ ᠠᠰᠢᠭᠯᠠᠬᠤ ᠶᠢ ᠪᠦᠬᠦ ᠲᠠᠯ᠎ᠠ ᠪᠠᠷ ᠠᠬᠢᠭᠤᠯᠵᠤ᠂ ᠬᠤᠳᠠ ᠶᠢᠨ ᠤᠰᠤ ᠠᠷᠪᠢᠯᠠᠬᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠢ ᠠᠵᠢᠯᠯᠠᠭ᠎ᠠ ᠶᠢ ᠰᠠᠶᠢᠲᠤᠷ ᠠᠳᠬᠤᠵᠤ᠂ ᠠᠮᠢᠳᠤᠷᠠᠯ ᠤᠨ ᠬᠤᠭ ᠨᠣᠪᠰᠢ᠂ ᠪᠣᠬᠢᠷ ᠤᠰᠤ ᠶᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠤᠳᠠ ᠶᠢᠨ ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠠᠬᠢᠭᠤᠯᠵᠤ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠠᠵᠢᠯᠯᠠᠭ᠎ᠠ ᠶᠢ ᠲᠥᠯᠥᠪᠯᠡᠭᠡ ᠲᠠᠢ ᠠᠯᠬᠤᠮ ᠲᠠᠷᠠᠭ᠎ᠠ ᠲᠠᠢ ᠪᠠᠷ ᠬᠡᠷᠡᠭᠵᠢᠭᠦᠯᠵᠦ᠂ ᠪᠣᠬᠢᠷᠲᠤᠯ ᠦᠭᠡᠢ ᠪᠠᠷᠢᠯᠭ᠎ᠠ᠂ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠬᠡᠷᠡᠭᠯᠡᠯᠲᠡ ᠶᠢ ᠶᠡᠬᠡᠪᠡᠷ ᠳᠡᠯᠭᠡᠷᠡᠭᠦᠯᠵᠦ᠂ ᠪᠣᠬᠢᠷᠲᠤᠯ ᠦᠭᠡᠢ ᠪᠠᠶᠢᠬᠤ ᠶᠢ ᠴᠢᠨᠠᠷ ᠰᠠᠶᠢᠲᠠᠢ ᠬᠥᠭᠵᠢᠯᠲᠡ ᠶᠢᠨ ᠢᠯᠡ ᠲᠣᠳᠣ ᠰᠠᠭᠤᠷᠢ ᠥᠩᠭᠡ ᠪᠣᠯᠭᠠᠨ᠎ᠠ ᠭᠡᠵᠦ ᠴᠢᠬᠤᠯᠠᠴᠢᠯᠠᠪᠠ᠃     ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠬᠤᠯᠪᠣᠭᠳᠠᠭᠰᠠᠨ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠣᠷᠭᠠᠨᠢᠭ ᠢᠶᠠᠷ ᠠᠭᠤᠰᠤᠯᠴᠠᠭᠤᠯᠵᠤ᠂ ᠨᠢᠭᠡ ᠴᠣᠭᠴᠠᠵᠢᠭᠤᠯᠤᠨ ᠠᠬᠢᠭᠤᠯᠵᠤ᠂ ᠨᠠᠷᠢᠨ ᠲᠠᠩᠰᠠᠵᠢᠭᠤᠯᠤᠨ ᠬᠠᠮᠢᠶᠠᠷᠴᠤ᠂ ᠪᠢᠲᠡᠭᠦᠦ ᠴᠠᠭᠠᠷᠢᠭ ᠢᠶᠠᠷ ᠨᠠᠶᠢᠳᠠᠪᠤᠷᠢᠵᠢᠭᠤᠯᠵᠤ᠂ ᠲᠦᠷᠭᠡᠨ ᠠᠵᠢᠯᠯᠠᠭ᠎ᠠ ᠪᠠ ᠥᠨᠳᠥᠷ ᠦᠷ᠎ᠡ ᠪᠦᠲᠦᠮᠵᠢ ᠲᠠᠢ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠬᠤ ᠪᠠᠷ ᠴᠢᠷᠮᠠᠶᠢᠬᠤ ᠬᠡᠷᠡᠭᠲᠡᠢ᠃ ︽ᠬᠤᠶᠠᠷ ᠲᠤᠯᠭᠠᠭᠤᠷᠢ︾ ᠶᠢ ᠪᠥᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠵᠤ᠂ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠡᠮᠬᠢ ᠵᠢᠷᠤᠮ ᠲᠠᠢ ᠬᠡᠷᠡᠭᠵᠢᠭᠦᠯᠵᠦ᠂ ᠬᠤᠲᠠ ᠶᠢᠨ ᠵᠠᠰᠠᠭ ᠤᠨ ᠣᠷᠳᠣᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠲᠥᠷᠥᠯ ᠵᠦᠢᠯ ᠢ ᠲᠥᠯᠥᠪᠵᠢᠭᠦᠯᠬᠦ᠂ ᠲᠥᠷᠥ ᠶᠢᠨ ᠪᠣᠳᠣᠯᠭ᠎ᠠ ᠪᠠᠷ ᠳᠡᠮᠵᠢᠬᠦ ᠵᠡᠷᠭᠡ ᠬᠠᠮᠢᠶ᠎ᠠ ᠪᠦᠬᠦᠢ ᠠᠵᠢᠯ ᠢ ᠨᠢᠭᠡᠳᠦᠯᠲᠡᠢ ᠲᠥᠯᠥᠪᠯᠡᠨ ᠥᠷᠨᠢᠭᠦᠯᠬᠦ ᠶᠢ ᠠᠬᠢᠭᠤᠯᠵᠤ᠂ ᠨᠠᠩ ᠣᠯᠠᠨ ᠪᠣᠳᠠᠲᠤ ᠠᠵᠢᠯ ᠢ ᠴᠢᠷᠮᠠᠶᠢᠨ ᠪᠡᠶᠡᠯᠡᠭᠦᠯᠵᠦ᠂ ᠪᠥᠬᠦ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠰᠠᠶᠢᠲᠤᠷ ᠬᠢᠵᠦ᠂ ᠬᠤᠳᠠ ᠪᠠᠯᠭᠠᠰᠤᠨ ᠤ ᠢᠯᠴᠢ ᠬᠠᠩᠭᠠᠬᠤ ︽ᠳᠤᠯᠠᠭᠠᠯᠭ᠎ᠠ ᠶᠢᠨ ᠢᠨᠵᠧᠨᠧᠷᠢᠩ︾ ᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ᠂ ᠬᠠᠭᠤᠴᠢᠨ ᠬᠤᠭᠤᠯᠠᠢ ᠲᠣᠣᠷ ᠢ ᠥᠭᠡᠷᠡᠴᠢᠯᠡᠨ ᠰᠠᠶᠢᠵᠢᠷᠠᠭᠤᠯᠬᠤ᠂ ᠪᠠᠳᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠠᠶᠢᠵᠢᠷᠠᠭᠤᠯᠬᠤ᠂ ᠠᠳᠠᠯ ᠠᠬᠤᠢ ᠶᠢᠨ ᠬᠠᠮᠢᠶᠠᠷᠤᠯᠲᠠ ᠶᠢ ᠳᠡᠭᠡᠭᠰᠢᠯᠡᠭᠦᠯᠬᠦ ᠵᠡᠷᠭᠡ ᠠᠷᠠᠳ ᠤᠨ ᠠᠮᠢᠳᠤᠷᠠᠯ ᠤᠨ ᠢᠨᠵᠧᠨᠧᠷᠢᠩ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠬᠤᠯᠠ ᠡᠯᠧᠮᠧᠨ᠋ᠲ ᠤᠨ ᠡᠬᠢ ᠪᠠᠶᠠᠯᠢᠭ ᠤᠨ ᠪᠠᠲᠤᠯᠠᠭ᠎ᠠ ᠶᠢ ᠴᠢᠩᠭᠠᠳᠬᠠᠵᠤ᠂ ᠰᠠᠨᠠᠭᠠᠨ ᠳᠤ ᠨᠡᠶᠢᠴᠡᠭᠰᠡᠨ ︽ᠠᠷᠠᠳ ᠤᠨ ᠠᠮᠢᠳᠤᠷᠠᠯ ᠤᠨ ᠰᠢᠨ᠎ᠡ ᠬᠠᠷᠢᠭᠤᠯᠲᠠ ᠶᠢᠨ ᠬᠠᠭᠤᠳᠠᠰᠤ︾ ᠶᠢ ᠴᠢᠷᠮᠠᠶᠢᠨ ᠲᠤᠰᠢᠶᠠᠬᠤ ᠬᠡᠷᠡᠭᠲᠡᠢ᠃ ᠳᠠᠩᠰᠠ ᠮᠡᠳᠡᠭᠦᠯᠵᠦ ᠡᠪᠬᠡᠮᠡᠯ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠥᠪᠡᠷ ᠤᠨ ᠬᠢ ᠳᠡᠭᠡᠨ ᠲᠠᠷᠤᠯᠳᠠ ᠦᠭᠴᠦ᠂ ᠪᠦᠬᠦ ᠬᠦᠴᠦᠨ ᠢᠶᠠᠷ ᠢᠶᠠᠨ ᠡᠬᠢᠯᠡᠭᠦᠯᠵᠦ᠂ ᠠᠬᠢᠴᠠ ᠶᠢ ᠠᠳᠬᠤᠵᠤ᠂ ᠲᠦᠷᠭᠡᠨ ᠠᠬᠢᠭᠤᠯᠵᠤ᠂ ᠨᠢᠭᠡᠨᠲᠡ ᠲᠥᠯᠥᠪᠯᠡᠭᠰᠡᠨ᠂ ᠲᠤᠭᠳᠠᠭᠠᠭᠰᠠᠨ  ᠴᠠᠭ ᠢ ᠠᠮᠵᠢᠨ ᠰᠢᠢᠳᠪᠦᠷᠢᠯᠡᠬᠦ ᠶᠠᠪᠤᠳᠠᠯ ᠢ ᠴᠢᠩᠭ᠎ᠠ ᠠᠳᠬᠤᠨ ᠲᠦᠷᠭᠡᠨ ᠰᠢᠢᠳᠪᠦᠷᠢᠯᠡᠵᠦ᠂ ᠡᠷᠡᠮᠡᠬᠡᠶᠢᠯᠡᠨ ᠤᠷᠤᠭᠰᠢᠯᠠᠵᠤ᠂ ᠠᠵᠢᠯ ᠢ ᠡᠷᠲᠡ ᠠᠬᠢᠭᠤᠯᠵᠤ᠂ ᠡᠭᠦᠷᠭᠡ ᠶᠢ ᠡᠷᠲᠡ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠶᠢ ᠡᠷᠲᠡ ᠢᠯᠡᠷᠡᠭᠦᠯᠬᠦ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠮᠤᠷ ᠲᠦᠪᠰᠢᠨ ᠲᠣᠭᠲᠠᠭᠤᠨ ᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠪᠠ ᠠᠶᠤᠯ ᠲᠦᠭᠰᠢᠭᠦᠷᠢ ᠶᠢᠨ ᠤᠬᠠᠮᠰᠠᠷ ᠢ ᠴᠢᠩᠭᠠᠷᠠᠭᠤᠯᠵᠤ᠂ ᠬᠤᠲᠠ ᠪᠠᠯᠭᠠᠰᠤᠨ ᠤ ᠰᠢᠲᠠᠮᠠᠬᠠᠢ ᠬᠡᠢ᠂ ᠭᠡᠷ ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ᠂ ᠬᠤᠲᠠ ᠶᠢᠨ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠳᠠᠯᠳᠠ ᠭᠡᠮ ᠢ ᠶᠡᠭᠡ ᠪᠠᠷ ᠪᠠᠶᠢᠴᠠᠭᠠᠨ ᠶᠡᠭᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠠᠶᠤᠯ ᠲᠦᠭᠰᠢᠭᠦᠷᠢ ᠶᠢᠨ ᠳᠠᠯᠳᠠ ᠭᠡᠮ ᠢ ᠨᠠᠷᠢᠯᠢᠭ ᠣᠨᠣᠴᠠᠲᠠᠢ ᠪᠠᠷ ᠢᠯᠡᠷᠡᠭᠦᠯᠵᠦ᠂ ᠳᠠᠯᠳᠠ ᠭᠡᠮ ᠢ ᠴᠢᠩᠭ᠎ᠠ ᠠᠩᠬᠠᠷᠴᠤ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠣᠭᠤᠷᠢᠨ ᠪᠠᠶᠢᠴᠠᠭᠠᠵᠤ ᠬᠢᠨᠠᠨ ᠵᠢᠯᠤᠭᠤᠳᠬᠤ᠂ ᠵᠠᠷᠯᠠᠨ ᠮᠡᠳᠡᠭᠳᠡᠵᠦ ᠪᠣᠯᠵᠣᠨ ᠶᠠᠷᠢᠯᠴᠠᠬᠤ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ ᠠᠶᠤᠯ ᠲᠦᠭᠰᠢᠭᠦᠷᠢ ᠶᠢᠨ ᠲᠠᠯᠳᠠ ᠭᠡᠮ ᠢ ᠴᠢᠩᠭ᠎ᠠ ᠴᠡᠭᠴᠡᠯᠡᠨ ᠵᠠᠰᠠᠨ᠎ᠠ᠂ ᠠᠯᠪᠠ ᠬᠠᠰᠢᠵᠤ ᠠᠮᠠ ᠪᠥᠭᠯᠡᠬᠦ᠂ ᠴᠡᠭᠴᠡᠯᠡᠨ ᠵᠠᠰᠠᠬᠤ ᠲᠠᠯ᠎ᠠ ᠪᠠᠷ ᠰᠤᠯᠠ ᠪᠠᠶᠢᠬᠤ ᠶᠢ ᠨᠢ ᠴᠢᠩᠭ᠎ᠠ ᠪᠥᠭᠡᠳ ᠡᠷᠡᠰ ᠪᠠᠶᠢᠴᠠᠭᠠᠨ ᠰᠢᠢᠳᠪᠦᠷᠢᠯᠡᠵᠦ᠂ ᠲᠠᠯᠳᠠ ᠭᠡᠮ ᠢ ᠶᠠᠭᠠᠬᠢᠭᠰᠠᠨ ᠴᠤ ᠡ᠊ᠨᠳᠡᠯ ᠪᠣᠯᠭᠠᠨ ᠬᠤᠪᠢᠷᠠᠭᠤᠯᠵᠤ ᠪᠣᠯᠬᠤ ᠦᠭᠡᠢ᠃ ᠠᠶᠤᠯᠭᠦᠢ ᠦᠢᠯᠡᠳᠪᠦᠷᠢᠯᠡᠯ ᠤᠨ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠠᠵᠢᠯᠯᠠᠵᠤ ᠪᠠᠶᠢᠭ᠎ᠠ ᠬᠥᠮᠥᠨ ᠨᠢᠭᠡᠪᠦᠷᠢ ᠪᠠ ᠪᠣᠳᠠᠲᠠᠢ ᠠᠵᠢᠯ ᠤᠨ ᠪᠠᠶᠢᠷᠢ ᠳᠤ ᠨᠠᠶᠢᠳᠠᠪᠦᠷᠢᠵᠢᠭᠤᠯᠵᠦ᠂ ᠪᠦᠬᠦ ᠶᠠᠪᠤᠴᠠ ᠳᠤ ᠠᠶᠤᠯ ᠲᠦᠭᠰᠢᠭᠦᠷᠢ ᠶᠢ ᠡᠷᠡᠰ ᠬᠤᠷᠢᠭᠯᠠᠵᠤ᠂ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠴᠠᠭᠠᠨ ᠰᠠᠷ᠎ᠠ ᠶᠢᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠤᠳᠤᠷᠢᠳᠬᠤ ᠺᠠᠳ᠋ᠷ ᠡᠭᠡᠯᠵᠢᠯᠡᠨ ᠵᠢᠵᠢᠭᠦᠷᠯᠡᠵᠦ᠂ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ 24 ᠴᠠᠭ ᠢᠶᠠᠷ ᠵᠢᠵᠢᠭᠦᠷᠯᠡᠬᠦ ᠪᠠ ᠠᠳᠡᠯ ᠤᠨ ᠮᠡᠳᠡᠭᠡ ᠵᠠᠩᠭᠢ ᠶᠢ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠠᠵᠢᠯᠲᠠᠨ ᠠᠵᠢᠯ ᠤᠨ ᠪᠠᠶᠢᠷᠢ ᠪᠠᠨ ᠴᠢᠩᠭ᠎ᠠ ᠰᠠᠬᠢᠵᠦ᠂ ᠬᠠᠷᠢᠭᠤᠴᠠᠯᠭ᠎ᠠ ᠪᠠᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠭᠦᠢᠴᠡᠳᠬᠡᠵᠦ᠂ ᠡᠯ᠎ᠡ ᠵᠦᠢᠯ ᠤᠨ ᠠᠵᠢᠯ ᠤᠨ ᠬᠡᠪ ᠤᠨ ᠡᠮᠬᠢ ᠳᠢᠭᠯᠢᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠭᠡᠷ