1 ᠳ᠋ᠤᠭᠡᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠯᠢᠦ ᠵᠢᠶᠠᠨ ᠬᠤᠸᠠ ᠪᠦᠯᠬᠦᠮ ᠳᠠᠭᠠᠭᠤᠯᠤᠨ | ᠬᠥᠬᠡᠬᠤᠲᠠ ᠶᠢᠨ ᠵᠥᠩ ᠢᠦᠢ ᠲᠠᠯᠠᠪᠠᠶ᠂ ᠰᠢᠨ᠎ᠡ ᠬᠤᠲᠠ ᠲᠣᠭᠤᠷᠢᠭ ᠤᠨ ᠬᠤᠩ ᠱᠠᠨ ᠺᠧᠦ ᠲᠣᠰᠬᠤᠨ ᠳᠤ ᠬᠦᠷᠴᠦ ᠭᠡᠷ ᠪᠠᠶᠢᠰᠢᠩ ᠬᠤᠲᠠ ᠶᠢᠨ ᠶᠠᠪᠤᠳᠠᠯ ᠤᠨ | ᠢᠨᠵᠧᠨᠧᠷᠢᠩ᠂ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠳᠤ ᠰᠢᠮᠳᠠᠭᠤᠯᠤᠨ ᠪᠠᠶᠢᠴᠠᠭᠠᠯᠳᠠ ᠥᠷᠨᠢᠭᠦᠯᠪᠡ᠃ | ᠯᠢᠦ ᠵᠢᠶᠠᠨ ᠬᠤᠸᠠ᠂ ᠭᠡᠷ ᠪᠠᠶᠢᠰᠢᠩ ᠬᠤᠳᠠ ᠶᠢᠨ ᠶᠠᠪᠤᠳᠠᠯ ᠤᠨ ᠢᠨᠵᠧᠨᠧᠷᠢᠩ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ | ᠰᠠᠶᠢᠲᠤᠷ ᠠᠳᠬᠤᠵᠤ᠂ ᠠᠶᠤᠯᠭᠦᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤᠳᠬᠠᠵᠤ᠂ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠢᠩᠭᠠᠷᠠᠭᠤᠯᠵᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢᠶᠠᠨ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠡᠪᠦᠯ ᠤᠨ ᠤᠯᠠᠷᠢᠯ ᠤᠨ ᠠᠵᠢᠯ ᠵᠣᠭᠰᠣᠭᠰᠠᠨ ᠬᠤᠭᠤᠴᠠᠭᠠᠨ ᠳᠤ ᠲᠤᠬᠠᠢ ᠶᠢᠨ ᠲᠠᠯᠠᠪᠤᠷ ᠲᠤ ᠪᠢᠲᠡᠭᠦᠮᠵᠢᠯᠡᠨ ᠬᠠᠮᠢᠶᠠᠷᠬᠤ᠂ ᠠᠵᠢᠯᠲᠠᠨ ᠤ | ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠵᠡᠷᠭᠡ ᠠᠵᠢᠯ ᠢ ᠰᠠᠶᠢᠲᠤᠷ ᠬᠢᠵᠦ᠂ ᠭᠡᠷ ᠪᠠᠶᠢᠰᠢᠩ ᠬᠤᠳᠠ ᠶᠢᠨ ᠶᠠᠪᠤᠳᠠᠯ ᠤᠨ ᠢᠨᠵᠧᠨᠧᠷᠢᠩ ᠤᠨ ᠠᠮᠤᠷ | ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠦᠨᠡᠨᠬᠦ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ ᠃ | | | | | | ᠯᠢᠦ ᠵᠢᠶᠠᠨ ᠬᠤᠸᠠ᠂ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠪᠠᠷᠢᠭᠰᠠᠨ ᠭᠡᠷ ᠪᠠᠶᠢᠰᠢᠩ ᠢ ᠴᠡᠭᠴᠡᠯᠡᠨ ᠵᠠᠰᠠᠬᠤ ᠠᠵᠢᠯ ᠤᠨ ᠶᠠᠰᠤ ᠴᠢᠨᠠᠷ ᠢ ᠦᠷᠭᠦᠯᠵᠢᠯᠡᠨ | ᠳᠡᠭᠡᠭᠰᠢᠯᠡᠭᠦᠯᠵᠦ᠂ ︽ᠬᠥᠮᠥᠨ ᠨᠢ ᠨᠤᠷᠠᠬᠤ ᠠᠶᠤᠯᠲᠠᠢ ᠭᠡᠷ ᠪᠠᠶᠢᠰᠢᠩ ᠳᠤ ᠣᠷᠣᠬᠤ ᠦᠭᠡᠢ᠂ ᠨᠤᠷᠠᠬᠤ ᠠᠶᠤᠯᠲᠠᠢ ᠭᠡᠷ ᠪᠠᠶᠢᠰᠢᠩ ᠳᠤ ᠤᠷᠤᠵᠤ ᠪᠤᠯᠬᠤ ᠦᠭᠡᠢ︾ | ︽ᠡᠵᠡᠩᠨᠡᠯᠲᠡ ᠳᠤ ᠠᠶᠤᠯ ᠲᠦᠭᠰᠢᠭᠦᠷᠢ ᠦᠭᠡᠢ᠂ ᠠᠶᠤᠯ ᠲᠦᠭᠰᠢᠭᠦᠷᠢ ᠲᠠᠢ ᠪᠠᠶᠢᠪᠠᠯ ᠡᠵᠡᠩᠨᠡᠬᠦ ᠦᠭᠡᠢ︾ ᠪᠠᠶᠢᠬᠤ ᠱᠠᠭᠠᠷᠳᠠᠯᠭ᠎ᠠ ᠶᠣᠰᠣᠭᠠᠷ ᠬᠠᠮᠢᠶᠠᠷᠤᠨ ᠡᠵᠡᠮᠳᠡᠬᠦ | ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠦᠨᠡᠨ ᠬᠦ ᠰᠡᠷᠭᠡᠶᠢᠯᠡᠨ᠂ ᠠᠷᠠᠳ ᠣᠯᠠᠨ ᠤ ᠠᠮᠢ ᠨᠠᠰᠤ | ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠪᠠᠷᠢᠯᠭ᠎ᠠ ᠶᠢᠨ ᠶᠠᠰᠤ ᠴᠢᠨᠠᠷ ᠤᠨ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠬᠠᠷᠢᠭᠤᠴᠠᠯᠭᠠᠲᠠᠨ ᠨᠥᠬᠦᠳ᠂ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠵᠢᠴᠢ ᠬᠠᠮᠢᠶ᠎ᠠ ᠪᠦᠬᠦᠢ ᠠᠵᠢᠯ ᠲᠥᠷᠥᠯ ᠤᠨ ᠲᠤᠰᠬᠠᠢ | ᠮᠡᠷᠭᠡᠵᠢᠯᠲᠡᠨ ᠰᠢᠮᠳᠠᠭᠤᠯᠤᠨ ᠪᠠᠶᠢᠴᠠᠭᠠᠯᠳᠠ ᠳᠤ ᠣᠷᠣᠯᠴᠠᠪᠠ᠃ | |