ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠴᠠᠭᠠᠨ ᠰᠠᠷ᠎ᠠ ᠠᠴᠠ ᠡᠮᠦᠨᠡᠬᠢ ᠠᠯᠪᠠᠯᠠᠬᠤ ᠲᠤᠭᠤᠷᠢᠭ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2025/1/28
    ᠠᠶᠤᠯᠭᠦᠢ ᠦᠢᠯᠡᠳᠪᠦᠷᠢᠯᠡᠯ ᠤᠨ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠢᠩᠬᠢᠮ ᠤᠨ ᠰᠢᠰᠲ᠋ᠧᠮ ᠤᠨ ᠠᠯᠪᠠᠯᠠᠬᠤ ᠲᠤᠭᠤᠷᠢᠭ ᠤᠨ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠶᠢᠨ ᠲᠥᠯᠥᠭᠡ᠂ 1 ᠳ᠋ᠤᠭᠡᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠨᠢᠶᠧ ᠬᠠᠢ ᠵᠢᠶᠦ᠋ᠨ ᠪᠦᠯᠬᠦᠮ ᠳᠠᠭᠠᠭᠤᠯᠤᠨ ᠪᠦᠳᠦᠭᠡᠨ ᠪᠠᠶᠢᠭᠤᠯᠤᠯᠳᠠ ᠶᠢᠨ ᠲᠣᠮᠣ ᠠᠰᠠᠷ ᠤᠨ ᠠᠯᠪᠠᠯᠠᠬᠤ ᠲᠤᠭᠤᠷᠢᠭ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠪᠡ᠃
W020250126330508072334.jpg
    ᠪᠠᠶᠢᠴᠠᠭᠠᠬᠤ ᠳᠤᠭᠤᠶᠢᠯᠠᠩ ᠤᠨ ᠬᠢᠨ ᠪᠦᠲᠦᠭᠡᠨ ᠪᠠᠶᠢᠭᠤᠯᠤᠯᠲᠠ ᠶᠢᠨ ᠲᠣᠮᠣ ᠠᠰᠠᠷ ᠤᠨ ᠠᠯᠪᠠᠯᠠᠬᠤ ᠲᠤᠭᠤᠷᠢᠭ ᠂ ᠠᠵᠢᠯᠲᠠᠨ ᠠᠵᠢᠯᠴᠢᠨ ᠤ ᠬᠤᠭᠤᠯᠠᠨ ᠭᠡᠷ᠂ ᠭᠠᠯ ᠤᠨᠲᠠᠷᠠᠭᠠᠬᠤ ᠡᠵᠡᠮᠳᠡᠯ ᠤᠨ ᠲᠠᠰᠤᠭ᠂ ᠥᠨᠳᠥᠷ ᠬᠦᠴᠦᠳᠡᠯᠲᠦ ᠴᠠᠬᠢᠯᠭᠠᠨ ᠲᠦᠭᠡᠭᠡᠬᠦ ᠲᠠᠰᠤᠭ᠂ ᠲᠤᠷᠠᠨᠳᠤᠭᠤᠷ ᠤᠨ ᠲᠠᠰᠤᠭ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠭᠠᠯ ᠤᠨᠲᠠᠷᠠᠭᠠᠬᠤ ᠲᠥᠬᠦᠭᠡᠷᠦᠮᠵᠢ᠂ ᠤᠰᠤ ᠴᠠᠬᠢᠯᠭᠠᠨ ᠤ ᠲᠥᠬᠦᠭᠡᠷᠦᠮᠵᠢ᠂ ᠰᠢᠲᠠᠮᠠᠬᠠᠢ ᠬᠡᠢ ᠶᠢᠨ ᠠᠮᠤᠷ ᠲᠦᠪᠰᠢᠨ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠦᠬᠦ ᠲᠠᠯ᠎ᠠ ᠪᠠᠷ ᠪᠠᠶᠢᠴᠠᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠣᠨᠣᠰᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠮᠤᠷ ᠲᠦᠪᠰᠢᠨ ᠤ ᠰᠡᠷᠭᠡᠶᠢᠯᠡᠯᠲᠡ ᠶᠢ ᠳᠡᠭᠡᠭᠰᠢᠯᠡᠭᠦᠯᠬᠦ ᠵᠡᠷᠭᠡ ᠠᠵᠢᠯ ᠳᠤ ᠪᠠᠶᠢᠷᠢᠯᠠᠭᠤᠯᠤᠯᠲᠠ ᠬᠢᠵᠡᠢ᠃
W020250126330508280041.jpg
    ᠨᠢᠶᠧ ᠬᠠᠢ ᠵᠢᠶᠦ᠋ᠨ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠵᠢᠴᠢ ᠬᠤᠯᠪᠣᠭᠳᠠᠯ ᠪᠦᠬᠦᠢ ᠠᠮᠤᠷ ᠢ ᠬᠠᠮᠠᠭᠠᠯᠠᠬᠤ ᠨᠢᠭᠡᠴᠢ  ᠨᠦᠭᠦᠳ ᠠᠮᠤᠷ ᠲᠦᠪᠰᠢᠨ ᠤ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠪᠠᠴᠢᠮ ᠪᠠᠶᠢᠳᠠᠯ ᠢ ᠠᠷᠭᠠᠴᠠᠨ ᠰᠡᠷᠭᠡᠶᠢᠯᠡᠬᠦ ᠵᠡᠷᠭᠡ ᠠᠵᠢᠯ ᠤᠨ ᠱᠠᠭᠠᠷᠳᠠᠯᠭ᠎ᠠ ᠶᠢ ᠦᠨᠡᠨᠬᠦ ᠰᠠᠶᠢᠲᠤᠷ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠭᠦᠨᠵᠡᠭᠡᠢ᠂ ᠨᠠᠷᠢᠯᠢᠭ᠂ ᠪᠣᠳᠠᠲᠠᠶᠢᠵᠢᠭᠤᠯᠬᠤ ᠬᠡᠷᠡᠭᠲᠡᠢ᠃ ᠤᠬᠠᠭᠤᠯᠬᠤ ᠪᠠ ᠬᠢᠨᠠᠨ ᠵᠢᠯᠤᠭᠤᠳᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠯᠠᠨ ᠵᠦᠢᠯ ᠤᠨ ᠤᠬᠠᠭᠤᠯᠬᠤ ᠠᠷᠭ᠎ᠠ ᠮᠠᠶ᠋ᠢᠭ ᠢ ᠬᠡᠷᠡᠭᠯᠡᠨ᠂ ᠲᠢᠩᠬᠢᠮ ᠤᠨ ᠰᠢᠰᠲ᠋ᠧᠮ ᠤᠨ ᠪᠥᠬᠦ ᠺᠠᠳ᠋ᠷ ᠠᠵᠢᠯᠲᠠᠨ ᠠᠵᠢᠯᠴᠢᠨ ᠤ ᠠᠮᠤᠷ ᠲᠦᠪᠰᠢᠨ ᠤ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠴᠠᠭᠠᠨ ᠰᠠᠷ᠎ᠠ ᠶᠢᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠪᠠ ᠠᠮᠤᠷ ᠲᠦᠪᠰᠢᠨ ᠤ ᠲᠣᠭᠤᠷᠢᠨ ᠪᠠᠶᠢᠴᠠᠭᠠᠬᠤ ᠵᠡᠷᠭᠡ ᠠᠵᠢᠯ ᠢ ᠦᠨᠡᠨᠬᠦ ᠰᠠᠶᠢᠲᠤᠷ ᠬᠢᠵᠦ᠂ ᠪᠠᠶᠠᠷ ᠤᠨ ᠡᠳᠦᠷ ᠤᠨ ᠬᠤᠭᠤᠴᠠᠭᠠᠨ ᠳᠤ ᠠᠯᠪᠠᠯᠠᠬᠤ ᠲᠤᠭᠤᠷᠢᠭ ᠤᠨ  ᠪᠡᠯᠡᠳᠬᠡᠮᠵᠢ ᠲᠥᠬᠦᠭᠡᠷᠦᠮᠵᠢ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠡᠭᠦᠨ ᠠᠴᠠ ᠭᠠᠳᠠᠨ᠎ᠠ᠂ ᠠᠯᠪᠠᠯᠠᠬᠤ ᠲᠤᠭᠤᠷᠢᠭ ᠤᠨ ᠠᠮᠤᠷ ᠲᠦᠪᠰᠢᠨ ᠤ ᠬᠠᠮᠢᠶᠠᠷᠤᠯᠲᠠ ᠪᠣᠯᠣᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠴᠢᠩᠭᠠᠳᠬᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠠᠳᠠᠯ ᠠᠬᠤᠢ ᠶᠢᠨ ᠺᠣᠮᠫᠠᠨᠢ ᠵᠢᠴᠢ ᠬᠠᠮᠢᠶ᠎ᠠ ᠪᠦᠬᠦᠢ ᠠᠮᠤᠷ ᠢ ᠬᠠᠮᠠᠭᠠᠯᠠᠬᠤ ᠨᠢᠭᠡᠴᠢ ᠶᠢ ᠵᠣᠬᠢᠶᠠᠨ ᠪᠠᠶᠢᠭᠤᠯᠤᠨ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠮᠤᠷ ᠲᠦᠪᠰᠢᠨ ᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠢᠵᠢᠭᠦᠷᠯᠡᠨ ᠰᠠᠬᠢᠬᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ᠂ ᠰᠢᠷᠦᠭᠦᠨ ᠤᠷᠤᠰᠬᠠᠯᠲᠤ ᠴᠠᠭ ᠠᠭᠤᠷ ᠪᠠ ᠪᠠᠴᠢᠮ ᠪᠠᠶᠢᠳᠠᠯ ᠢ ᠠᠷᠭᠠᠴᠠᠬᠤ ᠵᠡᠷᠭᠡ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠬᠤ ᠶᠢᠨ ᠬᠠᠮᠲᠤ ᠬᠠᠮᠢᠶ᠎ᠠ ᠪᠦᠬᠦᠢ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠲᠤᠭᠤᠰᠢᠯᠠᠭᠤᠯᠪᠠ᠃  
ᠢᠷᠡᠯᠲᠡ᠄ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ