2 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ | ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ | ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠢᠦᠢ ᠰᠢᠨ ᠹᠠᠩ ᠬᠤᠷᠠᠯ ᠡᠷᠭᠢᠯᠡᠪᠡ᠃ | | | | | | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠯᠢᠶᠣᠤᠨᠢᠩ ᠪᠣᠯᠣᠨ ᠬᠢᠷᠢᠨ ᠳᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠤᠶᠠᠯᠳᠤᠭᠤᠯᠤᠨ ᠨᠡᠪᠳᠡᠷᠡᠳᠡᠯ᠎ᠡ ᠰᠤᠷᠤᠯᠴᠠᠨ ᠣᠶᠢᠯᠠᠭᠠᠵᠤ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ | ᠦᠢᠯᠡᠴᠢᠯᠡᠬᠦ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠪᠣᠳᠠᠲᠤ ᠪᠠᠶᠢᠳᠠᠯ ᠲᠠᠢ | ᠤᠶᠠᠯᠳᠤᠭᠤᠯᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ᠂ ︽ᠠᠵᠤ ᠦᠢᠯᠡᠰ ᠤᠨ ᠲᠡᠰ ᠳᠡᠪᠰᠢᠬᠦ ᠪᠠᠶᠢᠯᠳᠤᠬᠤ | ᠪᠣᠳᠣᠯᠭ᠎ᠠ︾ ᠶᠢ ᠭᠦᠨᠵᠡᠭᠡᠢ ᠬᠡᠷᠡᠭᠵᠢᠭᠦᠯᠵᠦ᠂ ᠪᠠᠷᠢᠯᠭ᠎ᠠ ᠶᠢᠨ ᠦᠢᠯᠡᠰ ᠤᠨ ᠭᠤᠷᠪᠠᠨ ᠵᠢᠯ ᠳᠤ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢᠨ ᠲᠡᠭᠦᠰᠬᠡᠯ ᠤᠨ ᠠᠵᠢᠯ ᠢ | ᠰᠠᠶᠢᠲᠤᠷ ᠬᠢᠵᠦ᠂ ᠪᠠᠷᠢᠯᠭ᠎ᠠ ᠶᠢᠨ ᠠᠵᠤ ᠦᠢᠯᠡᠰ ᠂ ᠰᠢᠨ᠎ᠡ ᠶᠢ ᠡᠭᠦᠳᠬᠦ ᠂ ᠴᠢᠳᠠᠪᠤᠷᠢᠲᠠᠨ ᠂ ᠲᠦᠷᠦ ᠶᠢᠨ ᠪᠣᠳᠣᠯᠭ᠎ᠠ ᠂ ᠪᠡᠯᠡ ᠮᠥᠩᠭᠦᠨ ᠤ ᠬᠡᠯᠬᠢᠶ᠎ᠡ ᠶᠢᠨ ᠭᠦᠨᠵᠡᠭᠡᠢ | ᠠᠭᠤᠰᠤᠯᠴᠠᠯ ᠢ ᠠᠬᠢᠭᠤᠯᠵᠤ᠂ ᠪᠠᠷᠢᠯᠭ᠎ᠠ ᠶᠢᠨ ᠦᠢᠯᠡᠰ ᠤᠨ ᠠᠵᠤ ᠦᠢᠯᠡᠳᠪᠦᠷᠢᠵᠢᠯᠲᠡ᠂ ᠲᠣᠭᠠᠴᠢᠯᠠᠯᠲᠠ᠂ ᠪᠣᠬᠢᠷᠲᠤᠯ ᠦᠭᠡᠢ ᠬᠡᠯᠪᠡᠷᠢ ᠬᠤᠪᠢᠷᠠᠭᠤᠯᠤᠨ ᠲᠡᠰ | ᠳᠡᠪᠰᠢᠭᠦᠯᠬᠦ ᠶᠢ ᠠᠬᠢᠭᠤᠯᠬᠤ ᠬᠡᠷᠡᠭᠲᠡᠢ᠃ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠬᠤᠳᠠ ᠬᠥᠳᠡᠭᠡ ᠶᠢ ᠨᠢᠭᠡ | ᠴᠣᠭᠴᠠᠵᠢᠭᠤᠯᠤᠭᠰᠠᠨ᠂ ᠲᠡᠩᠴᠡᠭᠦᠷᠢᠲᠡᠢ ᠬᠥᠭᠵᠢᠭᠦᠯᠦᠭᠰᠡᠨ᠂ ᠲᠦᠭᠡᠮᠡᠯ ᠠᠰᠢᠭ ᠬᠦᠷᠲᠡᠭᠡᠵᠦ ᠬᠠᠮᠲᠤᠪᠠᠷ ᠡᠳ᠋ᠯᠡᠬᠦ ᠤᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠠᠷᠠᠳ ᠤᠨ ᠠᠮᠢᠳᠤᠷᠠᠯ ᠤᠨ ᠬᠦᠷᠢᠶᠡᠨ ᠤ ᠲᠤᠳᠠᠭᠳᠠᠯ ᠢ ᠨᠥᠬᠦᠪᠦᠷᠢᠯᠡᠬᠦ ᠬᠡᠷᠡᠭᠲᠡᠢ᠃ ᠨᠠᠮ ᠢ ᠬᠠᠮᠢᠶᠠᠷᠴᠤ ᠨᠠᠮ ᠢ | ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ ᠵᠠᠰᠠᠯᠲᠠ ᠶᠢ ᠠᠬᠢᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ᠃ ᠲᠥᠪ | ᠬᠤᠷᠢᠶᠠᠨ ᠤ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠭᠲᠠᠭᠠᠯ ᠠᠴᠠ ᠵᠥᠷᠢᠴᠡᠨ | ᠳᠠᠶᠢᠯᠠᠯᠭ᠎ᠠ ᠬᠢᠬᠦ᠂ ᠤᠯᠠᠨ ᠢ ᠴᠤᠭᠯᠠᠭᠤᠯᠤᠨ ᠠᠷᠢᠬᠢ ᠤᠤᠭᠤᠬᠤ ᠵᠡᠷᠭᠡ ᠦᠵᠡᠭᠳᠡᠯ ᠢ ᠡᠷᠡᠰ ᠬᠤᠷᠢᠭᠯᠠᠵᠤ᠂ ᠠᠷᠢᠭᠤᠨ ᠴᠢᠭᠡᠴᠢ ᠪᠠᠷ ᠠᠵᠢᠯ ᠬᠢᠬᠦ᠂ ᠬᠠᠷᠢᠭᠤᠴᠠᠯᠭ᠎ᠠ | ᠡᠭᠦᠷᠭᠡᠯᠡᠨ ᠠᠵᠢᠯ ᠬᠢᠬᠦ ᠶᠢ ᠢᠮᠠᠭᠲᠠ ᠪᠡᠶᠡᠯᠡᠭᠦᠯᠬᠦ ᠬᠡᠷᠡᠭᠲᠡᠢ᠃ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠵᠦ᠂ ᠲᠣᠪᠣᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠡᠴᠦᠰ ᠲᠤᠨᠢ ᠲᠤᠯᠲᠠᠯ᠎ᠠ ᠠᠳᠬᠤᠵᠤ᠂ ᠳᠠᠰᠤᠷᠠᠯᠳᠠ ᠦᠭᠡᠢ ᠪᠣᠳᠠᠲᠤ ᠦᠷ᠎ᠡ ᠪᠦᠲᠦᠮᠵᠢ | ᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ | ᠬᠤᠷᠠᠯ ᠪᠣᠯᠣᠨ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠠᠬᠢᠭᠤᠯᠬᠤ ᠬᠤᠷᠠᠯ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠣᠰᠣᠭᠠᠷ᠂ | ︽ᠨᠢᠭᠡ ᠭᠤᠣᠯ ᠰᠢᠵᠢᠮ︾ ᠢ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠤᠨ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾ | ᠶᠢ ᠪᠡᠶᠡᠯᠡᠭᠦᠯᠵᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠦᠨ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠵᠦ᠂ ᠬᠦᠴᠦᠨ ᠢᠶᠠᠨ ᠲᠥᠪᠯᠡᠷᠡᠭᠦᠯᠦᠨ᠂ ᠡᠬᠢ | ᠪᠠᠶᠠᠯᠢᠭ ᠢ ᠲᠥᠪᠯᠡᠷᠡᠭᠦᠯᠵᠦ᠂ ᠲᠦᠷᠦ ᠶᠢᠨ ᠪᠣᠳᠣᠯᠭ᠎ᠠ ᠶᠢ ᠬᠤᠷᠠᠮᠳᠤᠭᠤᠯᠤᠨ᠂ ᠭᠤᠣᠯᠳᠠᠯᠭ᠎ᠠ ᠲᠠᠢ ᠠᠵᠢᠯ ᠤᠨ ᠡᠷᠲᠡᠬᠡᠨ ᠡᠬᠢᠯᠡᠭᠦᠯᠬᠦ ᠶᠢ ᠲᠦᠯᠬᠢᠨ ᠠᠬᠢᠭᠤᠯᠵᠤ᠂ | ᠭᠤᠣᠯᠳᠠᠯᠭ᠎ᠠ ᠲᠠᠢ ᠰᠢᠪᠲᠤᠯᠤᠯᠲᠠ ᠪᠠᠷ ᠪᠦᠬᠦ ᠲᠠᠯ᠎ᠠ ᠶᠢᠨ ᠬᠥᠭᠵᠢᠯᠲᠡ ᠶᠢ ᠲᠠᠶᠢᠴᠢᠯᠠᠨ᠎ᠠ᠃ ᠬᠠᠩᠭᠠᠯᠭ᠎ᠠ ᠬᠡᠷᠡᠭᠴᠡᠭᠡᠨ ᠤ ᠬᠤᠶᠠᠷ ᠲᠠᠯ᠎ᠠ ᠠᠴᠠ ᠡᠯ᠎ᠡ ᠵᠦᠢᠯ ᠤᠨ | ᠦᠯᠡᠳᠡᠭᠡᠯ ᠲᠥᠷᠥ ᠶᠢᠨ ᠪᠣᠳᠣᠯᠭ᠎ᠠ ᠪᠠ ᠨᠡᠮᠡᠭᠳᠡᠯ ᠲᠥᠷᠥ ᠶᠢᠨ ᠪᠣᠳᠣᠯᠭ᠎ᠠ ᠶᠢ ᠬᠦᠴᠦᠯᠡᠨ ᠨᠠᠶᠢᠳᠠᠪᠤᠷᠢᠵᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ | ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠬᠤ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠲᠦᠷᠭᠡᠪᠴᠢᠯᠡᠨ ᠨᠡᠶᠢᠲᠡᠯᠡᠵᠦ᠂ ︽ᠴᠠᠭᠠᠨ ᠨᠡᠷᠡᠰ ︾ ᠤᠨ | ᠲᠥᠷᠥᠯ ᠵᠦᠢᠯ ᠤᠨ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠳᠠᠬᠢᠨ ᠲᠤᠭᠳᠠᠪᠦᠷᠢᠵᠢᠭᠤᠯᠬᠤ ᠪᠠᠶᠢᠳᠠᠯ ᠢ ᠪᠠᠬᠢᠵᠢᠭᠦᠯᠬᠦ ᠬᠡᠷᠡᠭᠲᠡᠢ᠃ ᠬᠤᠳᠠ ᠶᠢᠨ ᠪᠡᠶ᠎ᠡ ᠶᠢᠨ ᠪᠠᠶᠢᠴᠠᠭᠠᠯᠲᠠ ᠪᠠ | ᠬᠤᠳᠠ ᠶᠢᠨ ᠰᠢᠨᠡᠴᠢᠯᠡᠯᠲᠡ ᠶᠢ ᠨᠢᠭᠡ ᠴᠣᠭᠴᠠᠵᠢᠭᠤᠯᠤᠨ ᠠᠬᠢᠭᠤᠯᠵᠤ᠂ ᠬᠤᠳᠠ ᠶᠢᠨ ᠲᠤᠮᠳᠠᠬᠢ ᠲᠣᠰᠬᠤᠨ᠂ ᠬᠠᠭᠤᠴᠢᠨ ᠤᠷᠤᠨ ᠰᠠᠭᠤᠴᠠ ᠶᠢᠨ ᠲᠣᠭᠤᠷᠢᠭ ᠤᠨ | ᠥᠭᠡᠷᠡᠴᠢᠯᠡᠯᠲᠡ᠂ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠢ ᠬᠤᠩᠭᠢᠯ ᠵᠢᠴᠢ ︽ᠲᠦᠷᠪᠡᠨ ᠲᠦᠷᠦᠯ ᠤᠨ ᠬᠤᠭᠤᠯᠠᠢ ᠲᠣᠣᠷ︾ ᠢ ᠰᠢᠨᠡᠴᠢᠯᠡᠨ ᠥᠭᠡᠷᠡᠴᠢᠯᠡᠬᠦ | ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠢ ᠠᠵᠢᠯ ᠡᠬᠢᠯᠡᠭᠦᠯᠦᠨ ᠪᠠᠶᠢᠭᠤᠯᠬᠤ ᠶᠢ ᠲᠦᠷᠭᠡᠪᠴᠢᠯᠡᠨ ᠠᠬᠢᠭᠤᠯᠬᠤ ᠬᠡᠷᠡᠭᠲᠡᠢ᠃ ᠬᠤᠲᠠ ᠶᠢᠨ ᠤᠰᠤ ᠠᠷᠪᠢᠯᠠᠬᠤ | ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠦᠲᠦᠭᠡᠨ ᠪᠠᠶᠢᠭᠤᠯᠵᠤ ᠥᠭᠡᠷᠡᠴᠢᠯᠡᠬᠦ ᠲᠥᠷᠥᠯ ᠵᠦᠢᠯ ᠢ ᠨᠢᠭᠡᠳᠦᠯᠲᠡᠢ ᠲᠥᠯᠥᠪᠯᠡᠨ ᠰᠦᠪᠡᠭᠴᠢᠯᠡᠵᠦ᠂ ᠴᠠᠭ ᠤᠨ | ᠬᠦᠰᠦᠨᠦᠭᠲᠦ᠂ ᠵᠠᠮ ᠱᠤᠭᠤᠮ ᠤᠨ ᠵᠢᠷᠤᠭ᠂ ᠡᠭᠦᠷᠭᠡ ᠶᠢᠨ ᠪᠢᠴᠢᠭ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ︽ᠬᠠᠪᠤᠷ ᠡᠬᠢᠯᠡᠮᠡᠭᠴᠡ ᠠᠵᠢᠯ ᠡᠬᠢᠯᠡᠭᠦᠯᠬᠦ︾ | ᠶᠢ ᠦᠨᠡᠨᠬᠦ ᠪᠠᠲᠤᠯᠠᠬᠤ ᠬᠡᠷᠡᠭᠲᠡᠢ᠃ ︽ᠲᠤᠯᠠᠭᠠᠯᠭ᠎ᠠ ᠶᠢᠨ ᠢᠨᠵᠧᠨᠧᠷᠢᠩ︾ ᠤᠨ ᠰᠡᠭᠦᠯᠴᠢ ᠶᠢᠨ ᠬᠠᠭᠠᠰ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠢᠯᠴᠢ ᠬᠠᠩᠭᠠᠬᠤ ᠰᠢᠰᠲ᠋ᠧᠮᠵᠢ ᠪᠠ ᠢᠯᠴᠢ ᠬᠠᠩᠭᠠᠬᠤ ᠠᠵᠤ ᠠᠬᠤᠶᠢᠯᠠᠯ ᠤᠨ ᠣᠶᠤᠨᠴᠢᠯᠠᠭᠰᠠᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠢᠯᠴᠢ ᠬᠠᠩᠭᠠᠬᠤ ᠠᠵᠤ ᠠᠬᠤᠶᠢᠯᠠᠯ ᠢ ᠵᠥᠪᠰᠢᠶᠡᠷᠡᠨ ᠣᠷᠣᠭᠤᠯᠬᠤ᠂ ᠨᠥᠬᠦᠪᠦᠷᠢ ᠥᠭᠬᠦ᠂ ᠪᠤᠴᠠᠭᠠᠨ | ᠭᠠᠷᠭᠠᠬᠤ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠣᠶᠤᠨᠴᠢ ᠪᠠᠷ ᠢᠯᠴᠢ ᠬᠠᠩᠭᠠᠬᠤ ᠲᠤᠷᠰᠢᠯᠲᠠ ᠶᠢᠨ ᠴᠡᠭ ᠢ ᠴᠢᠩᠭ᠎ᠠ | ᠰᠠᠶᠢᠲᠤᠷ ᠠᠳᠬᠤᠵᠤ᠂ ᠲᠤᠷᠰᠢᠯᠭ᠎ᠠ ᠶᠢᠨ ᠦᠷ᠎ᠡ ᠪᠦᠲᠦᠭᠡᠯ ᠢ ᠲᠦᠷᠭᠡᠬᠡᠨ ᠭᠠᠷᠭᠠᠵᠤ᠂ ᠪᠥᠬᠦ ᠣᠷᠣᠨ ᠳᠤ ᠠᠯᠬᠤᠮ ᠠᠯᠬᠤᠮ ᠢᠶᠠᠷ ᠳᠡᠯᠭᠡᠷᠡᠭᠦᠯᠬᠦ ᠬᠡᠷᠡᠭᠲᠡᠢ᠃ | ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠡᠮᠬᠢᠯᠡᠨ ᠪᠦᠷᠢᠳᠬᠡᠵᠦ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠵᠢᠷᠤᠭ ᠡᠯᠭᠦᠨ | ᠪᠠᠶᠢᠯᠳᠤᠵᠤ᠂ ᠤᠴᠢᠷ ᠶᠠᠪᠤᠳᠠᠯ ᠨᠢᠭᠡᠪᠦᠷᠢ ᠂ ᠵᠠᠩᠭᠢᠯᠠᠭ᠎ᠠ ᠶᠢᠨ ᠴᠡᠭ ᠨᠢᠭᠡᠪᠦᠷᠢ ᠶᠢ ᠲᠦᠯᠬᠢᠨ ᠠᠬᠢᠭᠤᠯᠵᠤ᠂ ᠭᠠᠷᠠᠭ ᠪᠦᠷᠢ ᠠᠬᠢᠴᠠ ᠲᠠᠢ᠂ ᠰᠠᠷ᠎ᠠ ᠪᠦᠷᠢ ᠦᠷ᠎ᠡ | ᠪᠦᠲᠦᠮᠵᠢ ᠲᠠᠢ ᠪᠠᠶᠢᠬᠤ ᠶᠢ ᠪᠠᠲᠤᠯᠠᠵᠤ᠂ ᠵᠢᠯ ᠤᠨ ᠡᠴᠦᠰ ᠲᠤ ᠲᠠᠩᠰᠠ ᠪᠠᠨ ᠰᠠᠶᠢᠲᠤᠷ ᠲᠤᠰᠢᠶᠠᠬᠤ ᠬᠡᠷᠡᠭᠲᠡᠢ᠃ ᠡᠷᠴᠢ ᠵᠣᠷᠢᠭ ᠢᠶᠠᠨ ᠬᠥᠪᠴᠢᠯᠡᠵᠦ᠂ ᠪᠦᠬᠦ | ᠬᠦᠴᠦᠨ ᠢᠶᠠᠷ ᠢᠶᠠᠨ ᠴᠢᠷᠮᠠᠶᠢᠵᠤ᠂ ᠡᠬᠢᠯᠡᠮᠡᠭᠴᠡ ᠪᠠᠨ ᠬᠦᠴᠦᠯᠡᠵᠦ᠂ ᠡᠬᠢᠯᠡᠮᠡᠭᠴᠡ ᠪᠠᠨ ᠰᠢᠪᠲᠤᠯᠤᠯᠲᠠ ᠬᠢᠬᠦ ᠲᠡᠮᠡᠴᠡᠯ ᠤᠨ ᠣᠪᠣᠷ ᠢᠶᠠᠷ᠂ ᠪᠠᠴᠢᠮ ᠶᠠᠭᠠᠷᠠᠯᠲᠠᠢ | ᠬᠥᠳᠡᠯᠦᠯᠴᠡᠵᠦ᠂ ᠠᠵᠢᠯ ᠡᠬᠢᠯᠡᠭᠦᠯᠵᠦ᠂ ᠡᠯ᠎ᠡ ᠵᠦᠢᠯ ᠤᠨ ᠠᠵᠢᠯ ᠢᠶᠠᠨ ᠤᠷᠢᠳᠴᠢᠯᠠᠨ ᠠᠳᠬᠤᠵᠤ᠂ ᠤᠷᠢᠳᠴᠢᠯᠠᠨ ᠠᠬᠢᠭᠤᠯᠵᠤ᠂ ᠪᠦᠬᠦ ᠬᠦᠴᠦᠨ ᠢᠶᠠᠷ ᠢᠶᠠᠨ | ᠲᠡᠮᠡᠴᠡᠵᠦ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | | | | | | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠭᠡᠷ ᠪᠦᠯᠢ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠬᠤ ᠲᠤᠬᠠᠢ | ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠬᠥᠮᠦᠵᠢᠯ ᠢ | ᠭᠦᠨᠵᠡᠭᠡᠶᠢᠷᠡᠭᠦᠯᠵᠦ᠂ ᠥᠷᠭᠡᠨ ᠤᠯᠠᠨ ᠺᠠᠳ᠋ᠷ ᠠᠵᠢᠯᠲᠠᠨ ᠠᠵᠢᠯᠴᠢᠨ ᠢ ᠬᠥᠲᠥᠯᠥᠨ ᠵᠢᠯᠤᠭᠤᠳᠴᠤ ᠭᠡᠷ ᠪᠦᠯᠢ ᠪᠠᠨ ᠰᠠᠶᠢᠲᠤᠷ ᠪᠦᠲᠦᠭᠡᠨ ᠪᠠᠶᠢᠭᠤᠯᠵᠤ᠂ ᠭᠡᠷ ᠤᠨ | ᠰᠤᠷᠭᠠᠯ ᠢ ᠰᠠᠶᠢᠲᠤᠷ ᠬᠠᠳᠠᠭᠠᠯᠠᠵᠤ᠂ ᠭᠡᠷ ᠤᠨ ᠰᠤᠷᠲᠠᠯ ᠢ ᠰᠠᠶᠢᠲᠤᠷ ᠤᠯᠠᠮᠵᠢᠯᠠᠵᠤ᠂ ︽ᠪᠠᠭ᠎ᠠ ᠭᠡᠷ ᠪᠦᠯᠢ︾ ᠶᠢᠨ ᠦᠨᠡᠨ ᠰᠠᠶᠢᠨ ᠰᠠᠶᠢᠬᠠᠨ ᠢᠶᠠᠷ ︽ᠤᠯᠠᠨ︾ ᠤ | ᠢᠳᠡᠪᠬᠢ ᠬᠦᠴᠦᠨ ᠢ ᠬᠦᠭᠵᠢᠭᠡᠬᠦ ᠬᠡᠷᠡᠭᠲᠡᠢ᠃ ᠰᠠᠬᠢᠯᠭ᠎ᠠ ᠪᠠᠲᠤ ᠶᠣᠰᠣ ᠳᠦᠷᠢᠮ ᠤᠨ ᠤᠬᠠᠮᠰᠠᠷ ᠢᠶᠠᠨ ᠴᠢᠩᠭᠠᠳᠬᠠᠵᠤ᠂ ᠠᠷᠢᠭᠤᠨ ᠴᠢᠬᠡᠴᠢ ᠭᠡᠷ ᠤᠨ ᠶᠣᠰᠣ | ᠳᠦᠷᠢᠮ ᠢ ᠰᠠᠶᠢᠲᠤᠷ ᠲᠣᠭᠲᠠᠭᠠᠵᠤ᠂ ᠤᠳᠤᠷᠢᠳᠬᠤ ᠺᠠᠳ᠋ᠷ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠪᠡᠶ᠎ᠡ ᠪᠠᠨ ᠴᠢᠩᠭ᠎ᠠ ᠱᠠᠭᠠᠷᠳᠠᠵᠤ᠂ ᠭᠡᠷ ᠪᠦᠯᠢ ᠶᠢᠨ ᠰᠤᠷᠲᠠᠯ | ᠭᠡᠷ ᠤᠨ ᠬᠥᠮᠦᠵᠢᠯ ᠤᠨ ᠪᠠᠶᠢᠭᠤᠯᠤᠯᠲᠠ ᠶᠢ ᠲᠦᠷᠦᠭᠦᠯᠡᠨ ᠰᠠᠶᠢᠲᠤᠷ ᠠᠳᠬᠤᠬᠤ ᠬᠡᠷᠡᠭᠲᠡᠢ᠃ ᠪᠣᠯᠪᠠᠰᠤᠨ ᠭᠡᠷ ᠪᠦᠯᠢ ᠶᠢ ᠡᠭᠦᠳᠦᠨ ᠪᠠᠶᠢᠭᠤᠯᠬᠤ ᠠᠵᠢᠯ ᠢ ᠥᠷᠭᠡᠨ | ᠳᠡᠯᠭᠡᠷᠡᠩᠭᠦᠢ ᠪᠠᠷ ᠥᠷᠨᠢᠭᠦᠯᠵᠦ᠂ ︽ᠲᠠᠪᠤᠨ ᠰᠠᠶᠢᠨᠲᠠᠢ ᠭᠡᠷ ᠪᠦᠯᠢ︾ ︽ᠬᠠᠮᠤᠭ ᠤᠨ ᠭᠤᠶᠤ ᠭᠡᠷ ᠪᠦᠯᠢ︾ ︽ᠠᠷᠢᠭᠤᠨ ᠴᠢᠬᠡᠴᠢ ᠭᠡᠷ ᠪᠦᠯᠢ︾ ᠶᠢᠨ ᠵᠢᠱᠢᠶ᠎ᠡ | ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠳᠡᠷᠭᠡᠳᠡᠬᠢ ᠨᠡᠶᠢᠲᠡᠯᠢᠭ ᠵᠢᠱᠢᠶ᠎ᠡ ᠪᠠᠷ ᠬᠥᠮᠥᠨ ᠢ ᠬᠥᠮᠥᠵᠢᠭᠦᠯᠵᠦ᠂ ᠬᠥᠮᠥᠨ ᠢ ᠬᠥᠲᠥᠯᠥᠨ | ᠳᠠᠭᠠᠭᠤᠯᠵᠤ᠂ ᠰᠠᠶᠢᠨ ᠭᠡᠷ ᠤᠨ ᠰᠤᠷᠲᠠᠯ᠂ ᠰᠠᠶᠢᠨ ᠭᠡᠷ ᠤᠨ ᠰᠤᠷᠭᠠᠯ ᠤᠨ ᠨᠡᠶᠢᠲᠡᠯᠢᠭ ᠵᠢᠱᠢᠶ᠎ᠡ ᠪᠠᠷ ᠠᠷᠢᠭᠤᠨ ᠴᠢᠬᠡᠴᠢ ᠨᠡᠶᠢᠭᠡᠮ ᠤᠨ ᠬᠡᠪ ᠰᠤᠷᠲᠠᠯ ᠢ ᠤᠬᠠᠭᠤᠯᠤᠨ | ᠪᠣᠯᠪᠠᠰᠤᠷᠠᠭᠤᠯᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠳᠤᠷᠢᠳᠬᠤ ᠺᠠᠳ᠋ᠷᠴᠤᠳ ᠤᠨ ᠬᠤᠪᠢ | ᠬᠥᠮᠥᠨ ᠤ ᠤᠴᠢᠷ ᠶᠠᠪᠤᠳᠠᠯ ᠢᠶᠠᠨ ᠮᠡᠳᠡᠭᠦᠯᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠡᠷ ᠪᠦᠯᠢ ᠦᠷ᠎ᠡ ᠬᠡᠦᠬᠡᠳ ᠤᠨ ᠠᠵᠢᠯ ᠡᠷᠬᠢᠯᠡᠬᠦ ᠠᠵᠢᠯᠯᠠᠭ᠎ᠠ ᠶᠢ | ᠴᠢᠩᠭ᠎ᠠ ᠵᠢᠷᠤᠮᠵᠢᠭᠤᠯᠵᠤ᠂ ᠠᠷᠢᠭᠤᠨ ᠴᠢᠬᠡᠴᠢ ᠵᠠᠰᠠᠭ ᠪᠠᠷᠢᠬᠤ ᠭᠡᠷ ᠪᠦᠯᠢ ᠶᠢᠨ ᠰᠣᠷᠪᠤᠯᠵᠢᠯᠠᠭ᠎ᠠ᠂ ᠰᠡᠷᠡᠮᠵᠢᠯᠡᠭᠦᠯᠬᠦ ᠬᠥᠮᠦᠵᠢᠯ ᠵᠡᠷᠭᠡ ᠠᠵᠢᠯᠯᠠᠭ᠎ᠠ ᠶᠢ ᠥᠷᠭᠡᠨ | ᠳᠡᠯᠭᠡᠷᠡᠩᠭᠦᠢ ᠪᠠᠷ ᠥᠷᠨᠢᠭᠦᠯᠵᠦ᠂ ︽ᠠᠷᠤ ᠲᠠᠯ᠎ᠠ ᠶᠢᠨ ᠵᠢᠭᠰᠠᠭᠠᠯ ᠤᠨ ᠭᠠᠵᠠᠷ︾ ᠢ ᠪᠠᠬᠢᠵᠢᠭᠦᠯᠵᠦ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠭᠡᠷ | ᠪᠦᠯᠢ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠧᠴᠤᠸᠠᠨ ᠤ ᠢᠪᠢᠨ ᠬᠤᠳᠠ ᠶᠢᠨ ᠵᠢᠶᠦ᠋ᠨ ᠯᠢᠶᠠᠨ ᠰᠢᠶᠠᠨ ᠤ ᠠᠭᠤᠯᠠᠨ ᠶᠡᠭᠦᠷᠡᠯᠳᠡ ᠶᠢᠨ ᠲᠤᠬᠠᠢ | ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠲᠤᠶᠢᠯᠰᠢᠷᠠᠯ ᠤᠨ ᠰᠡᠳᠬᠢᠬᠦᠢ᠂ ᠬᠤᠷᠢᠭ᠎ᠠ ᠱᠤᠭᠤᠮ ᠤᠨ | ᠰᠡᠳᠬᠢᠬᠦᠢ ᠶᠢ ᠪᠠᠷᠢᠮᠲᠠᠯᠠᠵᠤ᠂ ᠨᠡᠩ ᠬᠦᠴᠦᠲᠡᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ | ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠪᠠᠷᠢᠯᠭ᠎ᠠ ᠶᠢᠨ ᠠᠵᠢᠯ᠂ | ᠬᠤᠲᠠ ᠶᠢᠨ ᠶᠠᠪᠤᠳᠠᠯ ᠤᠨ ᠢᠨᠵᠧᠨᠧᠷᠢᠩ᠂ ᠬᠤᠲᠠ ᠬᠥᠳᠡᠭᠡ ᠶᠢᠨ ᠭᠡᠷ ᠪᠠᠶᠢᠰᠢᠩ᠂ ᠬᠤᠲᠠ ᠪᠠᠯᠭᠠᠰᠤ ᠶᠢᠨ ᠰᠢᠲᠠᠮᠠᠬᠠᠢ ᠬᠡᠢ ᠵᠡᠷᠭᠡ ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠦᠭᠰᠢᠭᠦᠷᠢ ᠶᠢᠨ ᠳᠠᠯᠳᠠ ᠬᠡᠮ ᠢ ᠲᠣᠥᠷᠵᠢᠭᠤᠯᠬᠤ ᠮᠠᠶ᠋ᠢᠭ ᠤᠨ ᠲᠤᠶᠢᠯᠪᠦᠷᠢᠳᠠᠢ | ᠵᠢᠭᠰᠠᠭᠠᠨ ᠪᠠᠶᠢᠴᠠᠭᠠᠯᠲᠠ ᠶᠢ ᠭᠦᠨᠵᠡᠭᠡᠢ ᠥᠷᠨᠢᠭᠦᠯᠵᠦ᠂ ᠢᠯᠡᠷᠡᠭᠦᠯᠦᠭᠰᠡᠨ ᠠᠰᠠᠭᠤᠳᠠᠯ ᠤᠨ ᠳᠠᠯᠳᠠ ᠬᠡᠮ ᠳᠤ ᠬᠠᠮᠤᠭ ᠤᠨ ᠲᠡᠷᠢᠭᠦᠨ ᠳᠤ ᠪᠦᠲᠦᠮᠵᠢᠲᠡᠶ ᠠᠷᠭ᠎ᠠ | ᠬᠡᠮᠵᠢᠶ᠎ᠡ ᠠᠪᠴᠤ᠂ ᠥᠨᠴᠥᠭ ᠪᠤᠯᠤᠩ ᠦᠯᠡᠳᠡᠭᠡᠬᠦ ᠦᠭᠡᠢ᠂ ᠪᠠᠯᠠᠢ ᠣᠷᠣᠨ ᠦᠯᠡᠳᠡᠭᠡᠬᠦ ᠦᠭᠡᠢ᠂ ᠬᠤᠶᠢᠰᠢᠳᠠ ᠶᠢᠨ ᠬᠥᠨᠥᠭᠡᠯ ᠦᠯᠡᠳᠡᠭᠡᠬᠦ ᠦᠭᠡᠢ ᠪᠠᠶᠢᠬᠤ ᠶᠢ | ᠦᠨᠡᠨᠬᠦ ᠪᠠᠲᠤᠯᠠᠬᠤ ᠬᠡᠷᠡᠭᠲᠡᠢ᠃ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠲᠥᠰᠥᠯ ᠪᠠ ᠰᠡᠷᠭᠡᠶᠢᠯᠡᠯᠳᠡ ᠶᠢᠨ ᠲᠥᠰᠥᠯ ᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ | ᠰᠣᠷᠢᠯᠲᠠ᠂ ᠠᠵᠢᠯᠲᠠᠨ ᠤ ᠪᠣᠯᠪᠠᠰᠤᠷᠠᠯ᠂ ᠡᠳ᠋ ᠪᠣᠳᠠᠰ ᠤᠨ ᠪᠠᠲᠤᠯᠠᠭ᠎ᠠ ᠵᠡᠷᠭᠡ ᠪᠡᠯᠡᠳᠬᠡᠯ ᠢ ᠰᠠᠶᠢᠲᠤᠷ ᠬᠢᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠪᠠ ᠰᠡᠷᠡᠮᠵᠢᠯᠡᠭᠦᠯᠬᠦ ᠬᠥᠮᠦᠵᠢᠯ ᠢ ᠰᠠᠶᠢᠲᠤᠷ ᠠᠳᠬᠤᠵᠤ᠂ ᠠᠶᠤᠯ ᠲᠦᠭᠰᠢᠭᠦᠷᠢ ᠲᠤᠯᠭᠠᠷᠠᠪᠠᠯ ᠲᠦᠷᠭᠡᠨ | ᠲᠤᠰᠬᠠᠵᠤ᠂ ᠥᠨᠳᠥᠷ ᠪᠦᠲᠦᠮᠵᠢᠲᠡᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ︽ᠭᠤᠷᠪᠠᠨ ᠬᠠᠮᠢᠶᠠᠷᠤᠯᠳᠠ | ᠭᠤᠷᠪᠠᠨ ᠡᠷᠬᠡᠪᠰᠢ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠦᠨᠡᠨᠬᠦ ᠬᠦᠮᠦᠨ ᠨᠢᠭᠡᠪᠦᠷᠢ᠂ ᠠᠵᠢᠯ ᠤᠨ ᠪᠠᠶᠢᠷᠢ ᠨᠢᠭᠡᠪᠦᠷᠢ ᠪᠠ ᠨᠢᠭᠡᠳᠦᠭᠡᠷ ᠹᠷᠣᠨᠲ ᠤᠨ ᠠᠵᠢᠯᠯᠠᠬᠤ ᠳᠠᠪᠬᠤᠷᠭ᠎ᠠ ᠳᠤ | ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢ ᠪᠠᠶᠢᠩᠭᠤ ᠴᠢᠩᠭ᠎ᠠ ᠡᠵᠡᠮᠳᠡᠵᠦ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠡᠷᠡᠰ ᠪᠠᠲᠤ | ᠰᠠᠬᠢᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ 2024 ᠣᠨ ᠤ ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠦᠭᠰᠡᠨ ᠪᠠ 2025 ᠣᠨ ᠤ ᠴᠢᠬᠤᠯᠠ ᠶᠡᠭᠡ ᠲᠦᠷᠦᠯ ᠵᠦᠢᠯ ᠢ | ᠲᠥᠯᠥᠪᠵᠢᠭᠦᠯᠦᠨ ᠠᠬᠢᠭᠤᠯᠬᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠠᠢ᠂ ︽ᠲᠦᠷᠦᠯ ᠵᠦᠢᠯ ᠢᠶᠠᠷ ᠭᠤᠣᠯ ᠪᠣᠯᠭᠠᠬᠤ︾ ᠣᠶᠢᠯᠠᠭᠠᠭᠳᠠᠬᠤᠨ ᠢ | ᠪᠠᠲᠤᠳᠬᠠᠵᠤ᠂ ᠲᠤᠯᠭᠠᠮ᠎ᠠ ᠰᠡᠳᠬᠢᠯᠭᠡ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢᠨ ᠴᠣᠩᠬᠤᠪᠴᠢ ᠬᠤᠭᠤᠴᠠᠭ᠎ᠠ ᠶᠢ | ᠠᠮᠵᠢᠵᠤ᠂ ᠨᠢᠭᠡ ᠪᠦᠯᠦᠭ ᠲᠣᠮᠣ ᠲᠦᠷᠦᠯ ᠵᠦᠢᠯ ᠰᠠᠶᠢᠨ ᠲᠦᠷᠦᠯ ᠵᠦᠢᠯ ᠰᠢᠨ᠎ᠡ ᠲᠦᠷᠦᠯ ᠵᠦᠢᠯ ᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠶᠢ ᠲᠦᠷᠭᠡᠨ | ᠠᠬᠢᠭᠤᠯᠵᠤ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠥᠳᠡᠯᠭᠡᠬᠦ ᠬᠦᠴᠦᠨ | ᠬᠤᠷᠠᠮᠳᠤᠭᠤᠯᠬᠤ ᠬᠡᠷᠡᠭᠲᠡᠢ᠃ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠠᠵᠢᠯ ᠤᠨ ᠠᠷᠭ᠎ᠠ ᠮᠠᠶ᠋ᠢᠭ ᠢᠶᠠᠨ ᠬᠤᠪᠢᠷᠠᠭᠤᠯᠵᠤ᠂ ᠬᠠᠮᠢᠶᠠᠷᠤᠯᠲᠠ ᠶᠢᠨ | ᠵᠠᠭᠪᠤᠷ ᠢᠶᠠᠨ ᠬᠤᠪᠢᠷᠠᠭᠤᠯᠵᠤ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠡᠯ᠎ᠡ ᠭᠠᠵᠠᠷ ᠤᠨ ᠬᠢᠨ ᠤ ᠲᠥᠷᠥᠯ ᠵᠦᠢᠯ ᠢ | ᠲᠥᠯᠥᠪᠵᠢᠭᠦᠯᠦᠨ ᠨᠥᠭᠡᠴᠡᠯᠡᠬᠦ᠂ ᠭᠤᠶᠤᠴᠢᠯᠠᠨ ᠮᠡᠳᠡᠭᠦᠯᠬᠦ ᠶᠢ ᠵᠣᠬᠢᠶᠠᠨ ᠪᠠᠶᠢᠭᠤᠯᠬᠤ᠂ ᠰᠢᠯᠢᠨ ᠰᠣᠩᠭᠤᠵᠤ ᠬᠢᠨᠠᠨ ᠬᠠᠷᠭᠤᠭᠤᠯᠬᠤ᠂ ᠬᠡᠷᠡᠭᠵᠢᠭᠦᠯᠬᠦ ᠶᠢ | ᠠᠬᠢᠭᠤᠯᠬᠤ ᠵᠡᠷᠭᠡ ᠠᠵᠢᠯ ᠢ ᠰᠢᠮᠳᠠᠭᠤᠯᠤᠨ ᠰᠠᠶᠢᠲᠤᠷ ᠠᠳᠬᠤᠵᠤ᠂ ᠲᠥᠷᠥᠯ ᠵᠦᠢᠯ ᠢ ᠰᠤᠳᠤᠯᠤᠨ ᠮᠠᠭᠠᠳᠯᠠᠵᠤ᠂ ᠬᠦᠴᠢᠷᠳᠡᠯ ᠢ ᠤᠷᠢᠳᠴᠢᠯᠠᠨ ᠮᠠᠭᠠᠳᠯᠠᠵᠤ᠂ | ᠬᠡᠷᠡᠭᠴᠡᠭᠡ ᠱᠠᠭᠠᠷᠳᠠᠯᠭ᠎ᠠ ᠶᠢ ᠮᠥᠷᠳᠡᠨ ᠡᠵᠡᠮᠰᠢᠭᠰᠡᠨ᠂ ᠬᠥᠮᠥᠷᠭᠡ ᠳᠤ ᠣᠷᠣᠭᠤᠯᠤᠭᠰᠠᠨ ᠲᠥᠷᠥᠯ ᠵᠦᠢᠯ᠂ ᠪᠡᠯᠡ ᠮᠥᠩᠭᠦ ᠣᠯᠬᠤ ᠪᠠ ᠰᠠᠯᠭᠠᠨ ᠥᠭᠭᠦᠭᠰᠡᠨ᠂ | ᠲᠥᠷᠥᠯ ᠵᠦᠢᠯ ᠢ ᠪᠠᠶᠢᠭᠤᠯᠤᠭᠰᠠᠨ ᠵᠡᠷᠭᠡ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠥᠷᠳᠡᠨ ᠡᠵᠡᠮᠳᠡᠬᠦ ᠬᠡᠷᠡᠭᠲᠡᠢ᠃ ᠲᠥᠯᠦᠪᠵᠢᠭᠦᠯᠭᠡ ᠶᠢᠨ ᠴᠢᠭᠯᠡᠯ᠂ | ᠲᠦᠷᠦ ᠶᠢᠨ ᠪᠣᠳᠣᠯᠭ᠎ᠠ ᠶᠢᠨ ᠤᠳᠤᠷᠢᠳᠤᠮᠵᠢ᠂ ᠪᠡᠯᠡ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠶᠢ ᠴᠢᠩᠭ᠎ᠠ ᠠᠩᠬᠠᠷᠴᠤ᠂ ᠨᠢᠭᠡ ᠪᠦᠯᠦᠭ ᠤᠯᠤᠰ ᠤᠨ ᠰᠠᠶᠢᠨ | ᠲᠦᠷᠦ ᠶᠢᠨ ᠪᠣᠳᠣᠯᠭ᠎ᠠ ᠶᠢ ᠨᠡᠪᠳᠡᠷᠡᠳᠡᠯ᠎ᠠ ᠰᠠᠶᠢᠲᠤᠷ ᠡᠵᠡᠮᠳᠡᠵᠦ᠂ ᠲᠦᠷᠦ ᠶᠢᠨ ᠪᠣᠳᠣᠯᠭ᠎ᠠ ᠶᠢᠨ ᠵᠥᠪ ᠪᠠᠶᠢᠬᠤ᠂ ᠴᠤᠩᠬᠤᠪᠴᠢ ᠶᠢᠨ ᠠᠵᠠ ᠲᠣᠬᠢᠶᠠᠯ ᠢ ᠠᠳᠬᠤᠬᠤ | ᠂ ᠡᠬᠢ ᠪᠠᠶᠠᠯᠢᠭ ᠤᠨ ᠡᠯᠧᠮᠧᠨ᠋ᠲ ᠢ ᠰᠠᠶᠢᠲᠤᠷ ᠵᠣᠯᠭᠠᠭᠤᠯᠬᠤ ᠶᠢ ᠪᠠᠲᠤᠯᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ᠂ ᠡᠬᠢ | ᠪᠠᠶᠠᠯᠢᠭ ᠤᠨ ᠡᠯᠧᠮᠧᠨ᠋ᠲ ᠤᠨ ᠲᠣᠬᠢᠷᠠᠭᠤᠯᠤᠯᠲᠠ᠂ ᠲᠦᠷᠦᠯ ᠵᠦᠢᠯ ᠤᠨ ᠪᠣᠯᠪᠠᠰᠤᠷᠠᠯᠲᠠ ᠶᠢᠨ ᠬᠡᠮᠵᠢᠶ᠎ᠡ ᠵᠡᠷᠭᠡ ᠪᠠᠶᠢᠳᠠᠯ ᠢ ᠭᠦᠨᠵᠡᠭᠡᠢ ᠵᠠᠳᠠᠯᠤᠨ ᠰᠤᠳᠤᠯᠤᠨ | ᠮᠠᠭᠠᠳᠯᠠᠵᠤ᠂ ᠭᠦᠢᠴᠡᠳ ᠨᠤᠲᠠᠯᠠᠵᠤ᠂ ᠱᠠᠲᠤᠯᠠᠨ ᠪᠣᠶᠢᠵᠢᠭᠤᠯᠵᠤ᠂ ᠨᠢᠭᠡᠨᠲᠡ ᠪᠠᠶᠢᠭ᠎ᠠ ᠲᠦᠷᠦᠯ ᠵᠦᠢᠯ ᠢ ᠠᠬᠢᠭᠤᠯᠤᠨ ᠬᠡᠷᠡᠭᠵᠢᠭᠦᠯᠬᠦ ᠶᠢ ᠦᠷᠭᠦᠯᠵᠢᠯᠡᠨ ᠰᠠᠶᠢᠲᠤᠷ | ᠬᠢᠬᠦ ᠬᠡᠷᠡᠭᠲᠡᠢ ᠮᠥᠷᠲᠡᠭᠡᠨ ᠤᠯᠤᠰ ᠤᠨ ᠲᠡᠮᠵᠢᠯᠭᠡ ᠶᠢᠨ ᠴᠢᠭᠯᠡᠯ ᠢ ᠴᠢᠩᠭ᠎ᠠ ᠠᠩᠬᠠᠷᠴᠤ᠂ ᠭᠤᠣᠯᠳᠠᠯᠭ᠎ᠠ ᠲᠠᠢ ᠬᠦᠷᠢᠶᠡᠨ ᠤ ᠲᠦᠷᠦᠯ ᠵᠦᠢᠯ ᠲᠠᠢ ᠤᠶᠠᠯᠳᠤᠭᠤᠯᠤᠨ | ᠲᠥᠯᠥᠪᠵᠢᠭᠦᠯᠵᠦ᠂ ᠲᠦᠷᠦᠯ ᠵᠦᠢᠯ ᠤᠨ ᠲᠤᠭ᠎ᠠ ᠬᠡᠮᠵᠢᠶ᠎ᠡ᠂ ᠶᠠᠰᠤ ᠴᠢᠨᠠᠷ ᠤᠨ ︽ᠬᠤᠣᠰ ᠨᠡᠮᠡᠭᠳᠡᠯ︾ ︽ᠬᠤᠣᠰ ᠳᠡᠭᠡᠭᠰᠢᠯᠡᠯᠲᠡ︾ ᠶᠢ ᠪᠡᠶᠡᠯᠡᠭᠦᠯᠬᠦ ᠶᠢ | ᠠᠬᠢᠭᠤᠯᠬᠤ ᠬᠡᠷᠡᠭᠲᠡᠢ᠃ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠬᠢᠨᠠᠨ ᠵᠦᠪᠰᠢᠶᠡᠷᠡᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠵᠢᠷᠤᠭ ᠡᠯᠭᠦᠨ ᠪᠠᠶᠢᠯᠳᠤᠬᠤ ᠶᠢ | ᠬᠡᠷᠡᠭᠵᠢᠭᠦᠯᠵᠦ᠂ ᠤᠨᠢᠨ ᠳᠡᠭᠡᠷ᠎ᠡ ᠨᠢ ᠲᠣᠬᠢᠷᠠᠭᠤᠯᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠲᠦᠷᠦᠯ ᠵᠦᠢᠯ ᠢ ᠡᠷᠲᠡ | ᠨᠠᠶᠢᠳᠠᠪᠤᠷᠢᠵᠢᠭᠤᠯᠬᠤ᠂ ᠡᠷᠲᠡ ᠠᠵᠢᠯ ᠡᠬᠢᠯᠡᠭᠦᠯᠬᠦ᠂ ᠡᠷᠲᠡ ᠪᠦᠲᠦᠭᠡᠨ ᠪᠠᠶᠢᠭᠤᠯᠬᠤ᠂ ᠡᠷᠲᠡ ᠦᠷ᠎ᠡ ᠪᠦᠲᠦᠮᠵᠢ ᠣᠯᠬᠤ ᠶᠢ ᠬᠦᠴᠦᠯᠡᠨ ᠠᠬᠢᠭᠤᠯᠵᠤ᠂ ᠨᠡᠩ | ᠤᠯᠠᠨ ᠪᠠᠷᠢᠯᠭ᠎ᠠ ᠶᠢᠨ ᠬᠡᠮᠵᠢᠶ᠎ᠡ᠂ ᠪᠣᠳᠠᠲᠤ ᠪᠤᠳᠠᠰ ᠤᠨ ᠬᠡᠮᠵᠢᠶ᠎ᠡ᠂ ᠪᠡᠯᠡ ᠣᠷᠣᠭᠤᠯᠤᠯᠲᠠ ᠶᠢᠨ ᠬᠡᠮᠵᠢᠶ᠎ᠡ ᠶᠢ ᠴᠢᠷᠮᠠᠶᠢᠨ ᠪᠦᠷᠢᠯᠳᠦᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠳᠤ ᠵᠢᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠵᠢᠴᠢ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ | ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠣᠷᠣᠨ ᠰᠠᠭᠤᠴᠠ ᠪᠠ ᠬᠤᠳᠠ | ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠲᠠᠯ᠎ᠠ ᠳᠤ ᠲᠠᠯᠪᠢᠵᠤ ᠪᠣᠳᠣᠯᠬᠢᠯᠠᠨ᠂ ︽ᠤᠯᠤᠰ ᠤᠨ ᠲᠣᠮᠣ | ᠶᠠᠪᠤᠳᠠᠯ︾ ᠤᠨ ᠥᠨᠳᠥᠷᠴᠡ ᠠᠴᠠ ᠠᠵᠢᠯ ᠢᠶᠠᠨ ᠬᠢᠨᠠᠨ ᠰᠦᠪᠡᠭᠴᠢᠯᠡᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ | ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ᠃ ᠳᠡᠭᠡᠷ᠎ᠡ ᠨᠢᠭᠡ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ | ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠵᠡᠷᠭᠡ ᠳᠤ ᠴᠢᠭᠯᠡᠭᠦᠯᠦᠨ ᠨᠢᠭᠡ ᠤᠳᠠᠭ᠎ᠠ ᠶᠢᠨ ︽ᠡᠷᠬᠢᠨ ᠬᠠᠷᠠᠬᠤ︾ ᠠᠵᠢᠯ ᠬᠢᠵᠦ᠂ ᠠᠳᠠᠯᠢ | ᠲᠦᠷᠦᠯ ᠤᠨ᠂ ᠬᠤᠯᠪᠣᠭᠳᠠᠬᠤ ᠴᠢᠨᠠᠷᠲᠠᠢ᠂ ᠡᠭᠦᠰᠦᠮᠡᠯ ᠴᠢᠨᠠᠷᠲᠠᠢ ᠠᠰᠠᠭᠤᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠨᠢᠭᠡ | ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠨᠢᠭᠡ ᠲᠦᠷᠦᠯ ᠤᠨ ᠠᠰᠠᠭᠤᠳᠠᠯ ᠢ ᠰᠢᠢᠳᠪᠦᠷᠢᠯᠡᠵᠦ᠂ ᠨᠢᠭᠡ ᠪᠦᠯᠦᠭ ᠠᠯᠳᠠᠰᠢ ᠭᠠᠷᠬᠤ ᠶᠢ ᠬᠤᠷᠢᠭᠯᠠᠬᠤ ᠬᠡᠷᠡᠭᠲᠡᠢ᠃ | ᠴᠡᠭᠴᠡᠯᠡᠨ ᠥᠭᠡᠷᠡᠴᠢᠯᠡᠵᠦ ᠳᠠᠭᠤᠰᠬᠠᠭᠠᠳᠤᠢ ᠭᠤᠣᠯᠳᠠᠯᠭ᠎ᠠ ᠲᠠᠢ ᠠᠰᠠᠭᠤᠳᠠᠯ ᠢ ᠲᠤᠬᠠᠢ ᠶᠢᠨ ᠭᠠᠵᠠᠷ ᠲᠤᠨᠢ ᠬᠢᠨᠠᠨ ᠵᠢᠯᠤᠭᠤᠳᠴᠤ᠂ ᠫᠠᠶᠢᠰᠠ ᠡᠯᠭᠦᠨ ᠰᠢᠮᠳᠠᠭᠤᠯᠤᠨ | ᠰᠢᠢᠳᠪᠦᠷᠢᠯᠡᠭᠦᠯᠵᠦ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠥᠭᠡᠷᠡᠴᠢᠯᠡᠵᠦ᠂ ᠠᠰᠠᠭᠤᠳᠠᠯ ᠢ ᠰᠢᠢᠳᠪᠦᠷᠢᠯᠡᠬᠦ ᠦᠭᠡᠢ ᠪᠣᠯ ᠪᠤᠯᠬᠤ ᠦᠭᠡᠢ᠂ ᠴᠡᠭᠴᠡᠯᠡᠨ ᠵᠠᠰᠠᠬᠤ | ᠠᠵᠢᠯ ᠢ ᠪᠣᠳᠠᠲᠠᠶᠢᠵᠢᠭᠤᠯᠤᠭᠰᠠᠨ ᠦᠭᠡᠢ ᠪᠣᠯ ᠪᠤᠯᠬᠤ ᠦᠭᠡᠢ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠦᠭᠡᠢ ᠪᠣᠯ ᠪᠤᠯᠬᠤ ᠦᠭᠡᠢ ᠪᠠᠶᠢᠬᠤ ᠶᠢ ᠪᠡᠶᠡᠯᠡᠭᠦᠯᠬᠦ | ᠬᠡᠷᠡᠭᠲᠡᠢ᠃ ᠲᠦᠷᠦᠯ ᠵᠦᠢᠯᠴᠢᠯᠡᠭᠰᠡᠨ ᠠᠷᠭ᠎ᠠ ᠪᠠᠷᠢᠯ ᠢ ᠠᠪᠴᠤ᠂ ᠪᠠᠴᠢᠮ ᠬᠡᠷᠡᠭᠯᠡᠬᠦ ᠶᠢ ᠤᠷᠢᠳᠠᠪᠠᠷ ᠬᠡᠷᠡᠭᠵᠢᠭᠦᠯᠬᠦ ᠵᠠᠷᠴᠢᠮ ᠶᠣᠰᠣᠭᠠᠷ᠂ ᠡᠯ᠎ᠡ ᠭᠠᠵᠠᠷ ᠤᠨ ᠬᠢᠨ ᠢ | ᠵᠢᠭᠠᠨ ᠵᠢᠯᠤᠭᠤᠳᠴᠤ ᠪᠠᠶᠢᠭᠠᠳ ᠤᠰᠤ ᠬᠠᠩᠭᠠᠬᠤ ᠬᠤᠭᠤᠯᠠᠢ ᠲᠣᠣᠷ ᠤᠨ ᠲᠥᠬᠦᠭᠡᠷᠦᠮᠵᠢ ᠶᠢ ᠥᠭᠡᠷᠡᠴᠢᠯᠡᠬᠦ᠂ ᠬᠠᠳᠤᠨ ᠭᠤᠣᠯ ᠤᠨ ᠰᠠᠪᠠ ᠭᠠᠵᠠᠷ ᠤᠨ ᠤᠰᠤ ᠶᠢ | ᠡᠭᠡᠭᠦᠯᠦᠨ ᠠᠰᠢᠭᠯᠠᠬᠤ᠂ ᠪᠠᠶᠢᠭᠤᠯᠤᠯᠳᠤ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠪᠠ ᠬᠤᠭ ᠨᠣᠪᠰᠢ ᠶᠢ ᠰᠢᠢᠳᠪᠦᠷᠢᠯᠡᠬᠦ | ᠬᠤᠷᠢᠶᠠᠨ ᠲᠡᠭᠡᠭᠡᠪᠦᠷᠢᠯᠡᠬᠦ ᠰᠢᠢᠳᠪᠦᠷᠢᠯᠡᠬᠦ ᠰᠢᠰᠲ᠋ᠧᠮ ᠤᠨ ᠪᠠᠶᠢᠭᠤᠯᠤᠯᠲᠠ ᠶᠢ ᠱᠠᠯᠠᠪᠳᠠᠨ ᠪᠠᠶᠢᠷᠢᠯᠠᠭᠤᠯᠬᠤ ᠬᠡᠷᠡᠭᠲᠡᠢ᠃ ᠡᠬᠢ ᠡᠭᠦᠰᠦᠯ ᠠᠴᠠ ᠨᠢ ᠤᠷᠢᠳᠴᠢᠯᠠᠨ | ᠰᠡᠷᠭᠡᠶᠢᠯᠡᠬᠦ᠂ ᠶᠠᠪᠤᠴᠠ ᠶᠢ ᠬᠠᠮᠠᠭᠠᠯᠠᠬᠤ᠂ ᠬᠠᠷᠢᠭᠤᠴᠠᠯᠭ᠎ᠠ ᠨᠡᠬᠡᠮᠵᠢᠯᠡᠬᠦ ᠶᠢ ᠣᠷᠣᠨ ᠬᠤᠪᠢᠶᠠᠨ ᠲᠦᠷᠦᠯ ᠬᠤᠪᠢᠶᠠᠨ ᠬᠠᠮᠠᠭᠠᠯᠠᠬᠤ ᠰᠢᠰᠲ᠋ᠧᠮ ᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠬᠠᠳᠤᠨ ᠭᠤᠣᠯ ᠤᠨ ᠰᠠᠪᠠ ᠭᠠᠵᠠᠷ ᠤᠨ ︽ᠨᠢᠭᠡ ᠨᠠᠭᠤᠷ ᠬᠤᠶᠠᠷ ᠲᠠᠯᠠᠢ︾ ᠶᠢᠨ ᠤᠰᠤᠨ ᠤ ᠠᠮᠢ ᠠᠬᠤᠢ ᠶᠢ ᠵᠠᠰᠠᠬᠤ᠂ ᠪᠣᠬᠢᠷ ᠦᠮᠡᠬᠡᠢ | ᠤᠰᠤᠨ ᠴᠣᠭᠴᠠ ᠶᠢ ᠵᠠᠰᠠᠬᠤ᠂ ᠬᠤᠳᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠪᠠ ᠬᠤᠳᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢ ᠵᠠᠰᠠᠬᠤ | ᠠᠵᠢᠯ ᠢ ᠴᠢᠩᠭᠠᠳᠬᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠠᠮᠤᠷ ᠲᠦᠪᠰᠢᠨ ᠤ ᠵᠠᠭᠠᠭ ᠬᠢᠵᠠᠭᠠᠷ ᠢ ᠪᠠᠲᠤ ᠰᠠᠬᠢᠬᠤ ᠬᠡᠷᠡᠭᠲᠡᠢ᠃ ᠦᠵᠡᠰᠬᠦᠯᠡᠩᠲᠦ ᠰᠠᠶᠢᠬᠠᠨ | ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠣᠬᠢᠷᠲᠤᠯ ᠦᠭᠡᠢ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠣᠨ ᠰᠠᠭᠤᠴᠠ ᠶᠢ | ᠲᠦᠷᠭᠡᠨ ᠬᠥᠭᠵᠢᠭᠦᠯᠵᠦ᠂ ᠬᠤᠳᠠ ᠶᠢᠨ ᠨᠣᠭᠤᠭᠠᠨ ᠵᠠᠮ᠂ ᠠᠮᠢ ᠠᠬᠤᠢ ᠶᠢᠨ ᠬᠤᠩᠭᠢᠯ ᠪᠣᠯᠣᠨ ᠬᠤᠳᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠪᠦᠲᠦᠭᠡᠨ | ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠤᠳᠠ ᠶᠢᠨ ᠠᠮᠢ ᠠᠬᠤᠢ ᠶᠢ ᠴᠢᠨᠠᠭᠰᠢᠳᠠ ᠰᠡᠷᠭᠦᠭᠡᠵᠦ᠂ ᠪᠣᠬᠢᠷᠲᠤᠯ ᠦᠭᠡᠢ ᠦᠢᠯᠡᠳᠪᠦᠷᠢᠯᠡᠯ | ᠪᠣᠯᠣᠨ ᠠᠮᠢᠳᠤᠷᠠᠯ ᠤᠨ ᠠᠷᠭ᠎ᠠ ᠬᠡᠯᠪᠡᠷᠢ ᠶᠢ ᠲᠦᠷᠭᠡᠨ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |