ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠪᠠᠷᠢᠮᠵᠢᠶ᠎ᠠ ﹇ | 2025﹈ 17 ᠳ᠋ᠤᠭᠠᠷ ᠲᠣᠭᠠᠲᠤ | | ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠮᠠᠨᠵᠤᠤᠷ᠂ ᠡᠷᠢᠶᠡᠨ ᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ᠄ | ︽ᠪᠥᠬᠦ ᠣᠷᠣᠨ ᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ︿ ᠬᠤᠶᠠᠷ ᠢ ᠲᠠᠰᠢᠷᠠᠮ ᠢᠶᠠᠷ | ᠰᠣᠩᠭᠤᠵᠤ ᠂ ᠨᠢᠭᠡ ᠶᠢ ᠢᠯᠡ ᠪᠣᠯᠭᠠᠬᠤ ﹀ ᠬᠢᠨᠠᠯᠲᠠ ᠬᠠᠮᠢᠶᠠᠷᠤᠯᠲᠠ ᠶᠢᠨ ᠪᠠᠶᠢᠴᠠᠭᠠᠯᠲᠠ ᠶᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ︵ ᠥᠪᠥᠷ ᠪᠠᠶᠢᠭᠤᠯᠤᠯᠲᠠ ᠪᠠᠷᠢᠮᠵᠢᠶ᠎ᠠ | ᠵᠠᠬᠢᠳᠠᠯ ﹇2024﹈ 311 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠯ᠎ᠡ ᠬᠤᠰᠢᠭᠤ ᠰᠢᠶᠠᠨ ︵ᠬᠤᠲᠠ ᠲᠣᠭᠤᠷᠢᠭ︶᠂ ᠠᠶᠢᠮᠠᠭ ᠬᠤᠲᠠ ᠳᠤ | ᠰᠤᠭᠤᠯᠤᠨ ᠪᠠᠶᠢᠴᠠᠭᠠᠭᠰᠠᠨ ᠰᠠᠭᠤᠷᠢᠨ ᠳᠡᠭᠡᠷ᠎ᠡ᠂ 2024 ᠣᠨ ᠤ 12 ᠳ᠋ᠤᠭᠠᠷ ᠰᠠᠷ᠎ᠠ ᠶᠢᠨ 11 ᠤ ᠡᠳᠦᠷ ᠠᠴᠠ 12 ᠳ᠋ᠤᠭᠠᠷ ᠰᠠᠷ᠎ᠠ ᠶᠢᠨ 19 ᠤ ᠡᠳᠦᠷ | ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠲᠤᠰᠬᠠᠶ ᠮᠡᠷᠭᠡᠵᠢᠯᠲᠡᠨ ᠢ | ᠵᠣᠬᠢᠶᠠᠨ ᠪᠠᠶᠢᠭᠤᠯᠵᠤ᠂ 3 ᠠᠶᠢᠮᠠᠭ ᠬᠤᠲᠠ᠂ 18 ᠢᠨᠵᠧᠨᠧᠷᠢᠩ ᠤᠨ ᠲᠥᠷᠥᠯ ᠵᠦᠢᠯ ᠢ ᠰᠤᠭᠤᠯᠤᠨ ᠠᠪᠴᠤ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠬᠢᠪᠠ᠃ | ᠡᠳᠦᠭᠡ ᠪᠠᠶᠢᠴᠠᠭᠠᠭᠰᠠᠨ ᠪᠠᠶᠢᠳᠠᠯ ᠢ ᠳᠣᠤᠷᠠᠬᠢ ᠮᠡᠲᠦ ᠨᠡᠶᠢᠲᠡᠯᠡᠶ᠎ᠡ᠃ | ᠨᠢᠭᠡ᠂ ᠦᠨᠳᠦᠰᠦᠨ ᠪᠠᠶᠢᠳᠠᠯ | ᠲᠣᠰ ᠣᠨ ᠤ ᠪᠥᠬᠦ ᠣᠷᠣᠨ ᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ︽ᠬᠤᠶᠠᠷ ᠢ | ᠲᠠᠰᠢᠷᠠᠮ ᠢᠶᠠᠷ ᠰᠣᠩᠭᠤᠵᠤ ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠪᠠᠶᠢᠴᠠᠭᠠᠯᠲᠠ ᠶᠢᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠬᠢᠨᠠᠨ | ᠬᠠᠮᠢᠶᠠᠷᠴᠤ ᠪᠠᠶᠢᠴᠠᠭᠠᠬᠤ ᠠᠵᠢᠯ ᠢ ᠱᠠᠲᠤ ᠬᠤᠪᠢᠶᠠᠨ ᠥᠷᠨᠢᠭᠦᠯᠪᠡ ᠃ ᠥᠪᠡᠷᠲᠡᠭᠡᠨ ᠵᠠᠰᠠᠬᠤ ᠣᠷᠣᠨ ᠠᠴᠠ ᠰᠤᠭᠤᠯᠤᠨ ᠪᠠᠶᠢᠴᠠᠭᠠᠬᠤ ᠱᠠᠲᠤᠨ ᠳᠤ᠂ ᠥᠪᠡᠷᠲᠡᠭᠡᠨ | ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ ᠠᠯᠠᠱᠠ ᠠᠶᠢᠮᠠᠭ᠂ ᠲᠦᠩᠯᠢᠶᠣᠤ ᠬᠤᠲᠠ᠂ | ᠤᠯᠠᠭᠠᠨᠬᠠᠳᠠ ᠬᠤᠲᠠ ᠶᠢᠨ 18 ᠪᠠᠶᠢᠭᠤᠯᠵᠤ ᠪᠠᠶᠢᠭ᠎ᠠ ᠠᠷᠠᠳ ᠤᠨ ᠬᠡᠷᠡᠭᠯᠡᠭᠡᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠷᠥᠯ ᠵᠦᠢᠯ ᠢ ᠰᠣᠩᠭᠤᠨ | ᠲᠤᠬᠠᠶ ᠶᠢᠨ ᠭᠠᠵᠠᠷ ᠲᠤ ᠨᠢ ᠪᠠᠶᠢᠴᠠᠭᠠᠯᠲᠠ ᠬᠢᠵᠦ᠂ ᠬᠠᠤᠯᠢ ᠬᠡᠷᠡᠭᠵᠢᠭᠦᠯᠬᠦ ᠰᠠᠨᠠᠭᠤᠯᠭ᠎ᠠ ᠶᠢᠨ ᠪᠢᠴᠢᠭ 1 ᠬᠤᠪᠢ ᠂ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ | ᠬᠠᠭᠤᠳᠠᠰᠤ 18 ᠬᠤᠪᠢ ᠪᠠᠭᠤᠯᠭᠠᠪᠠ ᠃ | ᠪᠠᠶᠢᠴᠠᠭᠠᠯᠲᠠ ᠳᠤ ᠣᠯᠠᠩᠬᠢ ᠠᠵᠤ ᠠᠬᠤᠶᠢᠯᠠᠯ ᠨᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ | ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢᠨ ᠬᠠᠮᠢᠶ᠎ᠠ ᠪᠦᠬᠦᠢ ᠲᠣᠭᠲᠠᠭᠠᠯ ᠢ ᠨᠡᠯᠢᠶᠡᠳ | ᠰᠠᠶᠢᠨ ᠬᠡᠷᠡᠭᠵᠢᠭᠦᠯᠵᠦ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠪᠠᠶᠢᠭᠤᠯᠬᠤ ᠱᠠᠭᠠᠷᠳᠠᠯᠭ᠎ᠠ ᠶᠢ | ᠨᠡᠯᠢᠶᠡᠳ ᠰᠠᠶᠢᠨ ᠬᠡᠷᠡᠭᠵᠢᠭᠦᠯᠪᠡ᠃ | ᠬᠤᠶᠠᠷ᠂ ᠣᠷᠣᠰᠢᠵᠤ ᠪᠠᠶᠢᠭ᠎ᠠ ᠭᠤᠣᠯ ᠠᠰᠠᠭᠤᠳᠠᠯ | ᠨᠢᠭᠡ ᠳᠤ ᠪᠠᠷᠢᠯᠭ᠎ᠠ ᠶᠢᠨ ᠡᠨᠧᠷᠭᠢ ᠠᠷᠪᠢᠯᠠᠬᠤ ᠠᠵᠢᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠳᠬᠠᠬᠤ ᠴᠢᠬᠤᠯᠠ ᠲᠠᠢ ᠃ ᠠᠯᠪᠠᠳᠠᠯᠭ᠎ᠠ ᠶᠢᠨ | ᠴᠢᠨᠠᠷᠲᠠᠢ ᠪᠠᠷᠢᠮᠵᠢᠶ᠎ᠠ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠬᠡᠷᠡᠭᠵᠢᠭᠦᠯᠦᠭᠰᠡᠨ ᠨᠢ ᠬᠦᠷᠦᠯᠴᠡᠬᠦ ᠦᠭᠡᠢ ᠃ ᠵᠠᠷᠢᠮ ᠲᠥᠷᠥᠯ | ᠵᠦᠢᠯ ᠨᠢ ︽ᠪᠠᠷᠢᠯᠭ᠎ᠠ ᠶᠢᠨ ᠡᠨᠧᠷᠭᠢ ᠠᠷᠪᠢᠯᠠᠬᠤ ᠬᠢᠭᠡᠳ ᠳᠠᠬᠢᠨ ᠡᠭᠦᠰᠴᠦ ᠪᠣᠯᠬᠤ ᠡᠨᠧᠷᠭᠢ ᠶᠢ ᠠᠰᠢᠭᠯᠠᠬᠤ ᠨᠡᠶᠢᠳᠡᠮ ᠬᠡᠷᠡᠭᠯᠡᠬᠦ ᠵᠢᠷᠤᠮᠵᠢᠯ︾ ︵GB55015 | — 2021︶ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠦᠭᠰᠡᠨ ᠦᠭᠡᠶ᠂ ᠵᠢᠷᠤᠭᠯᠠᠨ ᠲᠥᠯᠥᠪᠯᠡᠬᠦ ᠪᠠ ᠡᠨᠧᠷᠭᠢ ᠠᠷᠪᠢᠯᠠᠬᠤ ᠶᠢ ᠪᠣᠳᠣᠬᠤ | ᠳᠤᠮᠳᠠ ᠲᠤᠰ ᠪᠠᠷᠢᠮᠵᠢᠶ᠎ᠠ ᠶᠢᠨ ᠠᠯᠪᠠᠳᠠᠯᠭ᠎ᠠ ᠶᠢᠨ ᠴᠢᠨᠠᠷᠲᠠᠶ ᠲᠣᠭᠲᠠᠭᠠᠯ ᠤᠨ ᠵᠦᠢᠯ ᠵᠤᠷᠪᠤᠰ ᠢ ᠬᠡᠷᠡᠭᠵᠢᠭᠦᠯᠦᠭᠰᠡᠨ ᠦᠭᠡᠶ᠃ | ᠬᠤᠶᠠᠷ ᠲᠤ ᠬᠠᠮᠢᠶ᠎ᠠ ᠪᠦᠬᠦᠢ ᠠᠵᠢᠯ ᠡᠷᠬᠢᠯᠡᠭᠰᠡᠳ ᠤᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠴᠢᠬᠤᠯᠠ ᠲᠠᠢ᠃ ᠪᠠᠷᠢᠯᠭ᠎ᠠ ᠶᠢᠨ ᠡᠨᠧᠷᠭᠢ ᠠᠷᠪᠢᠯᠠᠬᠤ ᠪᠠ | ᠪᠣᠬᠢᠷᠲᠤᠯ ᠦᠭᠡᠶ ᠪᠠᠷᠢᠯᠭ᠎ᠠ ᠶᠢᠨ ᠲᠤᠰᠬᠠᠶ ᠵᠦᠢᠯ ᠤᠨ ᠪᠠᠷᠢᠯᠭ᠎ᠠ ᠶᠢᠨ ᠲᠥᠰᠦᠯ᠂ ᠬᠢᠨᠠᠨ ᠬᠠᠮᠢᠶᠠᠷᠬᠤ ᠲᠥᠰᠦᠯ᠂ ᠬᠡᠷᠡᠭᠵᠢᠭᠦᠯᠬᠦ ᠨᠠᠷᠢᠨ ᠳᠦᠷᠢᠮ ᠵᠡᠷᠭᠡ ᠵᠢᠷᠤᠭ | ᠲᠥᠯᠥᠪᠯᠡᠭᠡ ᠶᠢᠨ ᠭᠦᠨᠴᠡ ᠨᠢ ᠬᠦᠷᠦᠯᠴᠡᠬᠦ ᠦᠭᠡᠶ᠂ ᠠᠭᠤᠯᠭ᠎ᠠ ᠨᠢ ᠪᠦᠷᠢᠨ ᠪᠤᠰᠤ᠂ ᠴᠢᠭᠯᠡᠭᠦᠯᠬᠦ ᠴᠢᠨᠠᠷ ᠢᠶᠠᠷ ᠴᠢᠩᠭ᠎ᠠ ᠪᠤᠰᠤ᠂ ᠢᠯᠡᠷᠬᠡᠶ ᠠᠯᠳᠠᠭ᠎ᠠ ᠲᠠᠢ᠂ | ᠣᠳᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠳᠠᠬᠢ ᠬᠠᠮᠢᠶ᠎ᠠ ᠪᠦᠬᠦᠢ ᠪᠣᠯᠵᠣᠯᠲᠤ ᠲᠤᠭ᠎ᠠ ᠶᠢ ᠪᠣᠳᠣᠬᠤ ᠠᠷᠭ᠎ᠠ ᠪᠠ ᠬᠡᠮᠵᠢᠭᠳᠡᠯ ᠠᠪᠬᠤ ᠱᠠᠭᠠᠷᠳᠠᠯᠭ᠎ᠠ ᠨᠢ | ᠳᠦᠷᠢᠮᠵᠢᠯ ᠦᠭᠡᠶ ᠪᠠᠶᠢᠵᠤ᠂ ᠪᠣᠬᠢᠷᠲᠤᠯ ᠦᠭᠡᠶ ᠪᠠᠷᠢᠯᠭ᠎ᠠ ᠶᠢᠨ ᠬᠤᠪᠢ ᠣᠯᠬᠤ ᠵᠦᠢᠯ ᠢ ᠵᠢᠷᠤᠭᠯᠠᠨ ᠲᠥᠯᠥᠪᠯᠡᠭᠰᠡᠨ ᠪᠢᠴᠢᠭ ᠮᠠᠲ᠋ᠧᠷᠢᠶᠠᠯ ᠳᠤ ᠭᠦᠢᠴᠡᠳ | ᠨᠠᠶᠢᠳᠠᠪᠤᠷᠢᠵᠢᠭᠤᠯᠤᠭᠰᠠᠨ ᠦᠭᠡᠶ ᠵᠡᠷᠭᠡ ᠪᠣᠢ ᠃ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠠᠷᠢᠯᠭ᠎ᠠ ᠶᠢᠨ ᠡᠨᠧᠷᠭᠢ ᠠᠷᠪᠢᠯᠠᠬᠤ ᠮᠡᠷᠭᠡᠵᠢᠯ ᠵᠢᠴᠢ ᠳᠡᠯᠭᠡᠷᠡᠭᠦᠯᠬᠦ ᠶᠢ ᠬᠢᠵᠠᠭᠠᠷᠯᠠᠬᠤ ᠪᠠ ᠬᠡᠷᠡᠭᠯᠡᠬᠦ ᠶᠢ ᠴᠠᠭᠠᠵᠠᠯᠠᠬᠤ ᠨᠡᠷᠡᠰ ᠤᠨ ᠵᠢᠭᠰᠠᠭᠠᠯᠲᠠ︾ ᠳᠤ ᠬᠠᠷ᠎ᠠ | ᠲᠤᠭᠤᠯᠭᠠᠨ ᠲᠣᠭᠲᠠᠪᠤᠷᠢᠲᠤ ᠡᠳ᠋ ᠲᠠᠢ UPVC ᠬᠤᠭᠤᠯᠠᠶ ᠮᠠᠲ᠋ᠧᠷᠢᠶᠠᠯ ᠢ ᠬᠡᠷᠡᠭᠯᠡᠵᠦ ᠪᠣᠯᠬᠤ ᠦᠭᠡᠢ ᠭᠡᠵᠦ ᠲᠣᠳᠣᠷᠬᠠᠶ ᠲᠣᠭᠲᠠᠭᠠᠭᠰᠠᠨ ᠢ ᠦᠨᠳᠦᠰᠦᠯᠡᠭᠰᠡᠨ | ᠦᠭᠡᠢ᠃ | ᠭᠤᠷᠪᠠ ᠳᠤ ᠲᠥᠷᠥᠯ ᠵᠦᠢᠯ ᠤᠨ ᠡᠨᠧᠷᠭᠢ ᠠᠷᠪᠢᠯᠠᠬᠤ ᠠᠵᠢᠯ ᠤᠨ ᠬᠠᠮᠢᠶᠠᠷᠤᠯᠲᠠ ᠲᠡᠭᠦᠯᠳᠡᠷ ᠪᠤᠰᠤ ᠃ ᠬᠡᠰᠡᠭ ᠲᠥᠷᠥᠯ ᠵᠦᠢᠯ ᠤᠨ ᠭᠠᠳᠠᠷ ᠬᠡᠷᠡᠮ ᠤᠨ | ᠭᠠᠳᠠᠨ᠎ᠠ ᠠᠴᠠ ᠳᠤᠯᠠᠭᠠᠨ ᠢ ᠬᠠᠮᠠᠭᠠᠯᠠᠬᠤ ᠮᠠᠲ᠋ᠧᠷᠢᠶᠠᠯ᠂ ᠡᠨᠧᠷᠭᠢ ᠠᠷᠪᠢᠯᠠᠬᠤ ᠡᠭᠦᠳᠡ ᠴᠣᠩᠬᠤ ᠵᠡᠷᠭᠡ ᠮᠠᠲ᠋ᠧᠷᠢᠶᠠᠯ ᠢ ᠲᠠᠯᠠᠪᠠᠶ ᠳᠤ ᠣᠷᠣᠭᠤᠯᠤᠨ ᠡᠵᠡᠮᠳᠡᠵᠦ | ᠪᠠᠶᠢᠭ᠎ᠠ ᠨᠢ ᠴᠢᠩᠭ᠎ᠠ ᠪᠢᠰᠢ᠂ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠨᠢ ᠲᠤᠬᠠᠶ ᠶᠢᠨ ᠲᠠᠯᠠᠪᠤᠷ ᠤᠨ ᠮᠠᠲ᠋ᠧᠷᠢᠶᠠᠯ ᠯᠤᠭ᠎ᠠ ᠨᠡᠶᠢᠴᠡᠬᠦ ᠥᠬᠡᠶ᠂ ᠪᠠᠷᠢᠯᠭ᠎ᠠ ᠶᠢᠨ | ᠡᠨᠧᠷᠭᠢ ᠠᠷᠪᠢᠯᠠᠵᠤ ᠬᠤᠪᠢᠷᠠᠭᠠᠭᠰᠠᠨ ᠤ ᠳᠠᠷᠠᠭᠠᠬᠢ ᠵᠢᠷᠤᠭ ᠢ ᠬᠢᠨᠠᠨ ᠪᠠᠶᠢᠴᠠᠭᠠᠭᠰᠠᠨ ᠮᠠᠲ᠋ᠧᠷᠢᠶᠠᠯ᠂ ᠡᠨᠧᠷᠭᠢ ᠠᠷᠪᠢᠯᠠᠬᠤ ᠮᠠᠲ᠋ᠧᠷᠢᠶᠠᠯ ᠢ ᠳᠠᠬᠢᠨ ᠪᠠᠶᠢᠴᠠᠭᠠᠬᠤ᠂ | ᠲᠤᠷᠰᠢᠯᠲᠠ ᠶᠢᠨ ᠮᠡᠳᠡᠭᠦᠯᠦᠯᠲᠡ ᠵᠡᠷᠭᠡ ᠮᠠᠲ᠋ᠧᠷᠢᠶᠠᠯ ᠳᠤᠲᠠᠭᠳᠠᠵᠤ᠂ ᠳᠠᠯᠳᠠ ᠢᠨᠵᠧᠨᠧᠷᠢᠩ ᠤᠨ ᠦᠯᠡᠳᠡᠭᠡᠨ ᠬᠠᠳᠠᠭᠠᠯᠠᠭᠰᠠᠨ ᠮᠠᠲ᠋ᠧᠷᠢᠶᠠᠯ ᠨᠢ ᠪᠦᠷᠢᠨ ᠪᠤᠰᠤ | ᠪᠠᠶᠢᠵᠤ᠂ ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠴᠢᠩᠭ᠎ᠠ ᠵᠢᠷᠤᠮᠯᠠᠨ ᠪᠠᠷᠢᠯᠭ᠎ᠠ ᠪᠠᠷᠢᠭᠰᠠᠨ ᠦᠭᠡᠢ ᠵᠡᠷᠭᠡ ᠪᠣᠢ᠃ | ᠰᠤᠭᠤᠯᠤᠨ ᠪᠠᠶᠢᠴᠠᠭᠠᠬᠤ ᠳᠤᠮᠳᠠ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠬᠠᠮᠢᠶ᠎ᠠ ᠪᠥᠬᠦᠶ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ | ᠨᠢᠭᠡᠴᠢ ᠂ ᠵᠢᠷᠤᠵᠤ ᠲᠥᠯᠥᠪᠯᠡᠬᠦ ᠨᠢᠭᠡᠴᠢ ᠂ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠪᠠᠶᠢᠭᠤᠯᠤᠮᠵᠢ᠂ ᠪᠠᠷᠢᠯᠭ᠎ᠠ ᠪᠠᠷᠢᠬᠤ ᠨᠢᠭᠡᠴᠢ ᠂ ᠬᠢᠨᠠᠨ ᠬᠠᠮᠢᠶᠠᠷᠬᠤ | ᠨᠢᠭᠡᠴᠢ ᠳᠤ ᠨᠢᠭᠡᠨᠲᠡ ᠲᠤᠬᠠᠶ ᠶᠢᠨ ᠲᠠᠯᠠᠪᠠᠶ ᠳᠤ ᠪᠢᠴᠢᠭ ᠢᠶᠠᠷ ᠬᠠᠷᠢᠭᠤ ᠲᠤᠰᠬᠠᠬᠤ ᠶᠢᠨ ᠬᠠᠮᠲᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ | ᠱᠠᠭᠠᠷᠳᠠᠵᠤ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠠᠷᠢᠶ᠎ᠠ ᠭᠠᠵᠠᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠠᠴᠠ ᠬᠠᠷᠭᠤᠭᠤᠯᠤᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠤᠭᠰᠠᠨ ᠵᠢᠴᠢ ᠬᠠᠷᠭᠤᠭᠤᠯᠤᠨ ᠪᠠᠶᠢᠴᠠᠭᠠᠭᠰᠠᠨ ᠪᠠᠶᠢᠳᠠᠯ ᠢ ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠳᠤ ᠮᠡᠳᠡᠭᠦᠯᠦᠨ ᠬᠦᠷᠭᠡᠬᠦ ᠬᠡᠷᠡᠭᠲᠡᠶ᠃ ᠲᠦᠩᠯᠢᠶᠣᠤ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ | ᠮᠠᠨ ᠤ ᠲᠢᠩᠬᠢᠮ ᠳᠤ ᠮᠡᠳᠡᠭᠦᠯᠦᠨ ᠬᠦᠷᠭᠡᠵᠦ᠂ ᠴᠡᠭᠴᠡᠯᠡᠨ ᠰᠠᠶᠢᠵᠢᠷᠠᠭᠤᠯᠬᠤ ᠶᠢ ᠦᠨᠳᠦᠰᠦᠨ ᠳᠤ ᠪᠠᠨ ᠪᠡᠶᠡᠯᠡᠭᠦᠯᠪᠡ᠃ ᠠᠯᠠᠱᠠᠨ ᠠᠶᠢᠮᠠᠭ ᠪᠣᠯᠤᠨ ᠤᠯᠠᠭᠠᠨᠬᠠᠳ | ᠬᠤᠲᠠ ᠶᠠᠭ ᠴᠡᠭᠴᠡᠯᠡᠨ ᠵᠠᠰᠠᠵᠤ ᠪᠣᠢ ᠃ | ᠭᠤᠷᠪᠠ᠂ ᠠᠵᠢᠯ ᠤᠨ ᠱᠠᠭᠠᠷᠳᠠᠯᠭ᠎ᠠ | ᠨᠢᠭᠡ ᠳᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠢ ᠃ ᠠᠯᠠᠱᠠ ᠠᠶᠢᠮᠠᠭ ᠪᠣᠯᠤᠨ ᠤᠯᠠᠭᠠᠨᠬᠠᠳᠠ ᠬᠤᠲᠠ ᠶᠢᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠠᠰᠠᠭᠤᠳᠠᠯ ᠭᠠᠷᠭᠠᠭᠰᠠᠨ ᠲᠥᠷᠥᠯ ᠵᠦᠢᠯ ᠪᠣᠯᠤᠨ ᠠᠵᠤ | ᠠᠬᠤᠶᠢᠯᠠᠯ ᠢ ᠰᠢᠮᠳᠠᠭᠤᠯᠤᠨ ᠪᠠᠶᠢᠴᠠᠭᠠᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠨ ᠪᠡᠶᠡᠯᠡᠭᠦᠯᠬᠦ ᠶᠢᠨ ᠬᠠᠮᠲᠤ 3 ᠳ᠋ᠤᠭᠠᠷ ᠰᠠᠷ᠎ᠠ ᠶᠢᠨ 1 ᠤ | ᠡᠳᠦᠷ ᠠᠴᠠ ᠡᠮᠦᠨ᠎ᠡ ᠴᠡᠭᠴᠡᠯᠡᠨ ᠰᠠᠶᠢᠵᠢᠷᠠᠭᠤᠯᠤᠭᠰᠠᠨ ᠵᠢᠴᠢ ᠬᠠᠷᠭᠤᠭᠤᠯᠤᠨ ᠪᠠᠶᠢᠴᠠᠭᠠᠵᠤ᠂ ᠰᠢᠢᠳᠬᠡᠨ ᠲᠣᠷᠭᠤᠭᠠᠭᠰᠠᠨ ᠪᠠᠶᠢᠳᠠᠯ ᠢᠶᠠᠨ ᠮᠡᠳᠡᠭᠦᠯᠦᠨ ᠬᠦᠷᠭᠡᠬᠦ | ᠬᠡᠷᠡᠭᠲᠡᠶ᠃ ᠬᠠᠦᠯᠢ ᠭᠡᠷᠡᠭᠵᠢᠬᠦᠯᠬᠦ ᠰᠠᠨᠠᠭᠤᠯᠭ᠎ᠠ ᠶᠢᠨ ᠪᠢᠴᠢᠭ ᠪᠠᠭᠤᠯᠭᠠᠬᠤ ᠳᠤ ᠬᠤᠯᠪᠤᠠᠠᠳ᠋ᠬᠠᠥ ᠳᠦᠷᠦᠯ ᠵᠦᠢᠯ ᠪᠠ ᠠᠵᠦ ᠠᠬᠤᠶᠢᠯᠠᠯ ᠢ᠂ ᠬᠠᠷᠢᠶ᠎ᠠ ᠭᠠᠵᠠᠷ ᠤᠨ | ᠣᠷᠣᠨ ᠰᠠᠭᠤᠴᠠ ᠪᠠ ᠬᠤᠳᠡ ᠬᠦᠳᠡᠭᠡ ᠶᠢᠨ ᠪᠦᠳᠦᠭᠡᠨ ᠪᠠᠶᠢᠭᠤᠯᠥᠯᠳᠡ ᠶᠢᠨ ᠭᠤᠤᠯᠴᠢᠯᠠᠨ ᠬᠠᠮᠢᠶᠡᠷᠬᠤ ᠰᠠᠯᠠᠭ᠎ᠠ ᠮᠦᠴᠢᠷ ᠤᠳ ᠭᠤᠤᠯᠳᠡᠯᠭ᠎ᠠ ᠲᠠᠢ ᠬᠢᠨᠡᠨ | ᠬᠠᠮᠢᠶᠡᠷᠬᠤ ᠬᠦᠷᠢᠶ᠎ᠡ ᠭᠡᠪᠴᠢᠶ᠎ᠠ ᠳᠤ ᠣᠷᠣᠭᠤᠯᠵᠦ᠂ ᠬᠤᠯᠪᠤᠠᠠᠳᠡᠯ ᠪᠦᠬᠦᠢ ᠬᠦᠮᠦᠰ ᠤᠨ ᠬᠠᠷᠢᠭᠤᠴᠠᠯᠭ᠎ᠠ ᠶᠢ ᠨᠡᠶᠢᠳᠡᠪᠦᠷᠢᠵᠢᠭᠤᠯᠬᠤ ᠶᠢ ᠰᠢᠮᠳᠡᠭᠤᠯᠥᠨ᠂ | ᠠᠰᠠᠭᠤᠳᠡᠯ ᠢ ᠴᠠᠭ ᠲᠣᠬᠠᠢ ᠳᠤ ᠨᠢ ᠢᠯᠡᠷᠡᠬᠦᠯᠬᠦ᠂ ᠬᠠᠷᠢᠭᠤ ᠲᠣᠰᠬᠠᠬᠤ ᠪᠠ ᠰᠢᠢᠳᠪᠦᠷᠢᠯᠡᠬᠦ ᠭᠡᠷᠡᠭᠳᠡᠢ᠃ ᠪᠤᠰᠤᠳ ᠠᠶᠢᠮᠠᠭ ᠬᠤᠲᠠ ᠪᠣᠯᠤᠨ ᠠᠵᠤ | ᠠᠬᠤᠶᠢᠯᠠᠯ ᠤᠳ ᠲᠣᠰ ᠤᠳᠠᠭᠠᠨ ᠤ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠲᠠᠢ ᠬᠠᠷᠭᠤᠭᠤᠯᠤᠨ ᠂ ᠥᠪᠡᠷ ᠢ ᠪᠠᠨ ᠬᠢᠨᠠᠨ ᠬᠠᠷᠭᠤᠭᠤᠯᠵᠤ᠂ ᠨᠢᠭᠡ ᠠᠴᠠ | ᠵᠦᠢᠴᠢᠯᠡᠵᠦ ᠨᠦᠬᠦᠭᠡ ᠶᠢ ᠮᠡᠳᠡᠵᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠡᠶᠢᠮᠦᠷᠬᠦᠦ ᠠᠰᠠᠭᠤᠳᠠᠯ ᠡᠭᠦᠰᠬᠦ ᠶᠢ ᠰᠡᠷᠭᠡᠶᠢᠯᠡᠬᠦ ᠬᠡᠷᠡᠭᠲᠡᠶ᠃ | ᠬᠤᠶᠠᠷ ᠲᠤ᠂ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠡᠯ᠎ᠡ ᠠᠶᠢᠮᠠᠭ ᠬᠤᠲᠠ ᠨᠤᠭᠤᠳ ᠤᠯᠤᠰ ᠵᠢᠴᠢ ᠥᠪᠡᠷᠲᠡᠭᠡᠨ ᠵᠠᠰᠠᠬᠤ | ᠣᠷᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠤᠯᠪᠣᠭᠳᠠᠯ ᠪᠥᠬᠦᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠷᠭᠦᠯᠵᠢᠯᠡᠨ | ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠬᠤ ᠲᠣᠭᠲᠠᠴᠠ ᠶᠢ ᠪᠦᠷᠢᠨᠰᠢᠬᠦᠯᠦᠨ᠂ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠡᠯ᠎ᠡ ᠲᠠᠯ᠎ᠠ ᠶᠢᠨ ᠭᠤᠤᠯ | ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠥᠲᠥᠭᠡᠨ ᠪᠠᠶᠢᠭᠤᠯᠬᠤ᠂ ᠵᠢᠷᠤᠵᠤ ᠲᠥᠯᠥᠪᠯᠡᠬᠦ᠂ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ᠂ | ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠪᠠᠶᠢᠴᠠᠭᠠᠨ ᠬᠡᠮᠵᠢᠬᠦ᠂ ᠡᠵᠡᠩᠨᠡᠬᠦ ᠵᠡᠷᠭᠡ ᠨᠢᠭᠡᠴᠢ ᠳᠤ ᠡᠳᠦᠷ ᠲᠤᠲᠤᠮ ᠤᠨ ᠬᠢᠨᠠᠯᠲᠠ ᠲᠠᠯᠪᠢᠵᠤ ᠪᠠᠶᠢᠴᠠᠭᠠᠬᠤ ᠪᠠᠨ | ᠴᠢᠩᠭᠠᠳᠬᠠᠵᠤ ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠲᠦᠯᠬᠢᠨ ᠠᠬᠢᠭᠤᠯᠬᠤ ᠬᠡᠷᠡᠭᠲᠡᠶ᠃ | ᠪᠠᠷᠢᠯᠭ᠎ᠠ ᠶᠢᠨ ᠡᠨᠧᠷᠭᠢ ᠠᠷᠪᠢᠯᠠᠬᠤ ᠬᠢᠭᠡᠳ ᠪᠣᠬᠢᠷᠲᠤᠯ ᠦᠭᠡᠶ ᠪᠠᠷᠢᠯᠭ᠎ᠠ ᠶᠢᠨ ᠪᠠᠷᠢᠮᠵᠢᠶ᠎ᠠ ᠪᠣᠯᠤᠨ ᠱᠠᠭᠠᠷᠳᠠᠯᠭ᠎ᠠ ᠳᠤ ᠨᠡᠶᠢᠴᠡᠬᠦ ᠦᠭᠡᠶ ᠪᠣᠯ ᠬᠠᠮᠢᠶ᠎ᠠ ᠪᠦᠬᠦᠢ | ᠬᠠᠷᠢᠭᠤᠴᠠᠯᠭ᠎ᠠ ᠶᠢᠨ ᠭᠤᠤᠯ ᠴᠣᠭᠴᠠ ᠨᠢᠭᠡᠴᠢ ᠶᠢ ᠵᠠᠷᠯᠢᠭᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠬᠠᠤᠯᠢ ᠲᠣᠭᠲᠠᠭᠠᠯ ᠶᠣᠰᠣᠭᠠᠷ | ᠵᠣᠬᠢᠴᠠᠩᠭᠤᠶ ᠰᠢᠢᠳᠪᠦᠷᠢᠯᠡᠬᠦ ᠬᠡᠷᠡᠭᠲᠡᠶ᠃ | | ᠳᠠᠭᠠᠯᠳᠤᠭᠤᠯᠤᠯ᠄ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢ ᠬᠤᠶᠠᠷ ᠢ ᠲᠠᠰᠢᠷᠠᠮ ᠢᠶᠠᠷ ᠪᠠᠶᠢᠴᠠᠭᠠᠭᠰᠠᠨ ᠪᠠᠶᠢᠳᠠᠯ ᠤᠨ | ᠬᠤᠷᠢᠶᠠᠩᠭᠤᠶ ᠬᠦᠰᠦᠨᠦᠭᠲᠦ | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ | 2025 ᠣᠨ ᠤ 2 ᠳ᠋ᠤᠭᠠᠷ ᠰᠠᠷ᠎ᠠ ᠶᠢᠨ 14 ᠤ ᠡᠳᠦᠷ | | | | | | | | |