2024 ᠣᠨ ᠳᠤ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠤᠤᠯᠳᠠᠯᠭ᠎ᠠ ᠲᠠᠢ ᠡᠭᠦᠷᠭᠡ ᠢᠯᠡᠳᠲᠡ ᠦᠷ᠎ᠡ ᠪᠦᠲᠦᠮᠵᠢ ᠣᠯᠵᠤ ᠭᠢᠯᠠᠰ ᠴᠡᠭ ᠲᠣᠪᠣᠶᠢᠮ᠎ᠠ
ᠨᠡᠶᠢᠲᠡᠯᠡᠭᠰᠡᠨ ᠴᠠᠭ᠄
2025/2/20
    ᠲᠤᠰ ᠰᠡᠳᠬᠦᠯ ᠤᠨ ᠮᠡᠳᠡᠭᠡ ︵ᠰᠤᠷᠪᠤᠯᠵᠢᠯᠠᠭᠴᠢ   ᠯᠢᠦ ᠯᠢ ᠰᠢᠶᠠ︶  2024 ᠣᠨ ᠳᠤ᠂ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠶ ᠲᠥᠪ ᠬᠤᠲᠠ ᠶᠢ ᠪᠥᠲᠥᠭᠡᠨ ᠪᠠᠶᠢᠭᠤᠯᠬᠤ ᠬᠠᠷᠠᠯᠲᠠ ᠡᠭᠦᠷᠭᠡ ᠶᠢᠨ ᠲᠣᠭᠤᠷᠢᠨ ᠳᠤ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠲᠠ ᠶᠢᠨ ᠴᠢᠳᠠᠮᠵᠢ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠢᠯᠡᠳᠲᠡ ᠦᠷ᠎ᠡ ᠪᠦᠲᠦᠮᠵᠢ ᠣᠯᠵᠤ᠂ ᠬᠢᠯᠠᠰ ᠴᠡᠭ ᠲᠣᠪᠤᠶᠢᠮ᠎ᠠ ᠪᠣᠯᠪᠠ᠃    ︽ ᠳᠤᠯᠠᠭᠠᠯᠠᠭ᠎ᠠ ᠶᠢᠨ ᠢᠨᠵᠧᠨᠧᠷᠢᠩ︾  ᠨᠢ ᠬᠠᠯᠠᠭᠤᠨ ᠳᠤᠯᠠᠭᠠᠨ ᠢ ᠲᠦᠭ ᠲᠦᠮᠡᠨ ᠡᠷᠦᠬᠡ  ᠳᠤ ᠬᠦᠷᠭᠡᠪᠡ᠃ ︽ᠳᠤᠯᠠᠭᠠᠯᠠᠭ᠎ᠠ ᠶᠢᠨ ᠢᠨᠵᠧᠨᠧᠷᠢᠩ︾ ᠪᠣᠯ ᠮᠠᠨ ᠤ ᠬᠤᠲᠠ ᠶᠢᠨ 2024 ᠣᠨ ᠤ ᠠᠷᠠᠳ  ᠤᠨ ᠠᠮᠢᠳᠤᠷᠠᠯ ᠤᠨ ︽ᠨᠢᠭᠡᠳᠦᠭᠡᠷ ᠨᠣᠮᠧᠷᠲᠤ ᠢᠨᠵᠧᠨᠧᠷᠢᠩ ︾ ᠮᠥᠨ᠂ ᠢᠯᠴᠢ ᠶᠢᠨ ᠰᠤᠷᠪᠤᠯᠵᠢ᠂ ᠢᠯᠴᠢ ᠶᠢᠨ ᠲᠣᠤᠷ᠂ ᠢᠯᠴᠢ ᠶᠢᠨ ᠥᠷᠲᠡᠭᠡ᠂ ᠢᠯᠴᠢ ᠬᠡᠷᠡᠭᠯᠡᠭᠴᠢ ᠵᠡᠷᠭᠡ 62 ︽ᠪᠥᠬᠦ ᠴᠤᠪᠤᠷᠠᠯ︾ ᠢ ᠰᠢᠨᠡᠳᠬᠡᠨ ᠵᠠᠰᠠᠬᠤ ᠲᠥᠷᠥᠯ ᠵᠦᠢᠯ ᠢ ᠲᠣᠭᠲᠠᠭᠠᠵᠤ᠂ ᠢᠯᠴᠢ ᠬᠠᠩᠭᠠᠬᠤ ᠰᠢᠰᠲ᠋ᠧᠮ ᠳᠤ ᠣᠷᠣᠰᠢᠵᠤ ᠪᠠᠶᠢᠭ᠎ᠠ ᠡᠯ᠎ᠡ ᠲᠥᠷᠥᠯ ᠤᠨ ᠠᠰᠠᠭᠤᠳᠠᠯ ᠢ ᠰᠢᠢᠳᠪᠦᠷᠢᠯᠡᠪᠡ᠃ ᠢᠯᠴᠢ ᠬᠠᠩᠭᠠᠭᠰᠠᠨ ᠠᠴᠠ ᠨᠠᠭᠠᠰᠢ ᠂ ᠢᠯᠴᠢ ᠬᠠᠩᠭᠠᠬᠤ ᠰᠢᠰᠲ᠋ᠧᠮ ᠶᠡᠷᠦᠩᠬᠡᠶ ᠳᠤ ᠪᠠᠨ ᠲᠣᠭᠲᠠᠭᠤᠨ ᠪᠠᠶᠢᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠦᠨᠡᠨ ᠬᠦ ︽ᠠᠷᠠᠳ ᠤᠨ ᠰᠡᠳᠬᠢᠯ ᠤᠨ ᠢᠨᠵᠧᠨᠧᠷᠢᠩ︾ ᠪᠣᠯᠭᠠᠭᠰᠠᠨ ᠪᠠᠶᠢᠨ᠎ᠠ᠃ 2024 ᠣᠨ ᠳᠤ ᠢᠯᠴᠢ ᠴᠠᠬᠢᠯᠭᠠᠨ ᠤ ᠬᠠᠮᠲᠤᠷᠠᠨ ᠦᠢᠯᠡᠳᠪᠦᠷᠢᠯᠡᠵᠦ ᠢᠯᠴᠢ ᠬᠠᠩᠭᠠᠬᠤ ᠴᠢᠳᠠᠪᠤᠷᠢ  ᠶᠢ 3800 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠭᠤᠣᠯ ᠬᠤᠳᠠ ᠶᠢᠨ ᠲᠣᠭᠤᠷᠢᠭ ᠤᠨ ᠢᠯᠴᠢ ᠴᠠᠬᠢᠯᠭᠠᠨ ᠤ ᠬᠠᠮᠲᠤᠷᠠᠨ ᠦᠢᠯᠡᠳᠪᠦᠷᠢᠯᠡᠵᠦ ᠢᠯᠴᠢ ᠬᠠᠩᠭᠠᠬᠤ ᠴᠢᠳᠠᠪᠤᠷᠢ ᠶᠢ 1.44 ᠳ᠋ᠦᠩᠰᠢᠭᠤᠷ ᠲᠡᠭᠰᠢ ᠳᠥᠷᠪᠡᠯᠵᠢᠨ ᠮᠧᠲᠷ ᠲᠤ ᠬᠦᠷᠭᠡᠵᠦ᠂ ᠢᠯᠴᠢ ᠶᠢᠨ ᠰᠤᠷᠪᠤᠯᠵᠢ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ 17.6 ᠺᠢᠯᠤᠮᠧᠲᠷ ᠤᠨ ᠵᠡᠭᠦᠨ ᠲᠣᠭᠤᠷᠢᠯ ᠲᠣᠣᠷ ᠢ ᠪᠠᠶᠢᠭᠤᠯᠵᠤ᠂ ᠢᠯᠴᠢ ᠬᠠᠩᠭᠠᠬᠤ ᠭᠤᠣᠯ ᠬᠤᠭᠤᠯᠠᠢ ᠲᠣᠣᠷ ᠢ ︽C︾ ᠬᠡᠯᠪᠡᠷᠢ ᠪᠠᠶᠢᠭᠰᠠᠨ  ᠠᠴᠠ ︽O ︾ ᠬᠡᠯᠪᠡᠷᠢ ᠪᠣᠯᠭᠠᠨ ᠳᠡᠭᠡᠭᠰᠢᠯᠡᠭᠦᠯᠵᠦ᠂ ᠠᠰᠠᠭᠤᠳᠠᠯ ᠪᠠ ᠳᠠᠯᠳᠠ ᠭᠡᠮ ᠣᠷᠣᠰᠢᠵᠤ ᠪᠠᠶᠢᠭ᠎ᠠ ᠬᠠᠭᠤᠴᠢᠨ ᠢᠯᠴᠢ ᠬᠠᠩᠭᠠᠬᠤ ᠬᠤᠭᠤᠯᠠᠢ ᠲᠣᠣᠷ ᠢ ︽ᠲᠡᠭ︾ ᠪᠣᠯᠭᠠᠪᠠ᠃ 1333 ᠰᠠᠭᠤᠭᠠᠯᠢ ᠠᠷᠠᠳ ᠤᠨ ᠲᠣᠭᠤᠷᠢᠭ ᠤᠨ ᠡᠴᠦᠰ ᠤᠨ ᠦᠵᠦᠭᠦᠷ ᠤᠨ ᠡᠷᠭᠢᠯᠲᠡ ᠶᠢᠨ ᠰᠢᠰᠲ᠋ᠧᠮ  ᠢ ᠰᠢᠨᠡᠳᠬᠡᠨ ᠵᠠᠰᠠᠬᠤ ᠶᠢ ᠪᠡᠶᠡᠯᠡᠭᠦᠯᠵᠦ᠂ 2265 ᠺᠢᠯᠤᠮᠧᠲᠷ ᠬᠦᠷᠢᠶᠡᠨ ᠤ ᠬᠤᠭᠤᠯᠠᠶ ᠶᠢᠨ ᠲᠣᠤᠷ ᠂ 743 ᠢᠯᠴᠢ ᠰᠣᠯᠢᠬᠤ ᠥᠷᠲᠡᠭᠡ ᠳᠤ ᠬᠤᠯᠪᠣᠭᠳᠠᠵᠤ᠂ ᠡᠴᠦᠰ ᠤᠨ ᠦᠵᠦᠭᠦᠷ ᠤᠨ ᠡᠷᠭᠢᠯᠲᠡ  ᠶᠢᠨ ︽ ᠭᠠᠷᠬᠤ ᠪᠠᠭᠠᠭᠢᠬᠤ ᠭᠤᠭᠤᠵᠢᠬᠤ ᠭᠡᠭᠡᠭᠳᠡᠬᠦ︾ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ︔ 80 ᠲᠦᠮᠡᠨ ᠲᠡᠭᠰᠢ ᠳᠥᠷᠪᠡᠯᠵᠢᠨ ᠮᠧᠲᠷ ᠤᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ  ᠶᠢ ᠪᠡᠶᠡᠯᠡᠭᠦᠯᠵᠦ᠂ ᠰᠠᠭᠤᠭᠠᠯᠢ ᠠᠷᠠᠳ ᠤᠨ ᠡᠷᠦᠬᠡ ᠶᠢᠨ ᠳᠣᠲᠣᠷᠠᠬᠢ ︽ᠰᠠᠯᠬᠢ ᠭᠤᠯᠭᠤᠵᠤ ᠬᠡᠢ ᠭᠤᠭᠤᠵᠢᠬᠤ︾ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ ᠃ ︽ᠬᠥᠬᠡᠬᠤᠲᠠ ᠶᠢᠨ ᠤᠶᠤᠨᠲᠤ ᠢᠯᠴᠢ ᠬᠠᠩᠭᠠᠬᠤ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ︾ ᠢ ᠰᠦᠯᠵᠢᠶᠡᠨ ᠳᠡᠭᠡᠷ᠎ᠡ ᠠᠵᠢᠯᠯᠠᠭᠤᠯᠵᠤ᠂ ᠰᠠᠭᠤᠭᠠᠯᠢ ᠠᠷᠠᠳ ᠤᠨ ᠬᠡᠷᠡᠭᠯᠡᠭᠴᠢᠳ ᠤᠨ ᠭᠡᠷ ᠲᠤ 5.2 ᠲᠦᠮᠡᠨ ᠢᠯᠴᠢ ᠶᠢᠨ ᠬᠡᠮᠵᠢᠭᠦᠷ ᠤᠭᠰᠠᠷᠠᠵᠤ᠂ ᠢᠯᠴᠢ ᠬᠠᠩᠭᠠᠬᠤ ᠰᠢᠰᠲ᠋ᠧᠮ ᠢᠶᠠᠷ ︽ ᠣᠶᠤᠨᠲᠤ ᠲᠣᠬᠢᠷᠠᠭᠤᠯᠤᠯᠲᠠ᠂ ᠴᠠᠭ ᠲᠤᠬᠠᠶ ᠳᠤ ᠨᠢ ᠬᠢᠨᠠᠨ ᠬᠡᠮᠵᠢᠯᠲᠡ︾ ᠶᠢ ᠪᠡᠶᠡᠯᠡᠭᠦᠯᠪᠡ᠃ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ︽ᠨᠡᠭᠦᠷᠡᠰᠦ ᠶᠢ ᠰᠢᠲᠠᠮᠠᠬᠠᠶ ᠬᠡᠶ ᠪᠣᠯᠭᠠᠨ ᠥᠭᠡᠷᠡᠴᠢᠯᠡᠬᠦ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠠᠵᠢᠯ ᠢ 4.94 ᠲᠦᠮᠡᠨ ᠡᠷᠦᠬᠡ ᠬᠡᠷᠡᠭᠵᠢᠭᠦᠯᠵᠦ᠂ ᠬᠤᠲᠠ  ᠶᠢᠨ ᠲᠣᠭᠤᠷᠢᠭ᠂ ᠰᠢᠶᠠᠨ  ᠤ ᠬᠤᠲᠠ  ᠶᠢᠨ ᠴᠡᠪᠡᠷ ᠳᠤᠯᠠᠭᠠᠯᠠᠭ᠎ᠠ  ᠶᠢᠨ ᠨᠣᠷᠮ᠎ᠠ ᠶᠢ 100% ᠳᠤ ᠬᠦᠷᠦᠭᠦᠯᠵᠦ᠂ ᠬᠥᠳᠡᠭᠡ ᠲᠣᠰᠬᠤᠨ ᠤ ᠴᠡᠪᠡᠷ ᠳᠤᠯᠠᠭᠠᠯᠠᠭ᠎ᠠ ᠶᠢᠨ ᠨᠣᠷᠮ᠎ᠠ ᠶᠢ 82% ᠠᠴᠠ ᠳᠡᠭᠡᠭᠰᠢ ᠳᠤ ᠬᠦᠷᠦᠭᠦᠯᠵᠦ᠂ ᠤᠯᠠᠷᠢᠯ ᠤᠨ ᠴᠢᠨᠠᠷᠲᠠᠶ ᠠᠭᠠᠷ ᠮᠠᠨᠳᠠᠯ ᠤᠨ ᠪᠣᠬᠢᠷᠲᠤᠯ ᠤᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠬᠤᠲᠠ ᠲᠣᠭᠤᠷᠢᠭ ᠬᠤᠶᠠᠷ ᠱᠠᠲᠤᠨ ᠤ ᠢᠯᠴᠢ ᠬᠠᠩᠭᠠᠬᠤ ᠦᠢᠯᠡᠴᠢᠯᠡᠭᠡᠨ ᠤ ᠪᠠᠲᠤᠯᠠᠭ᠎ᠠ ᠶᠢᠨ ᠬᠠᠯᠠᠮ ᠤᠲᠠᠰᠤ ᠶᠢ ᠪᠠᠶᠢᠭᠤᠯᠵᠤ᠂ 4231 ︽ᠬᠤᠤᠰ ᠬᠠᠮᠢᠶᠠᠷᠤᠭᠴᠢ︾ ᠶᠢ ᠲᠣᠬᠢᠷᠠᠭᠤᠯᠤᠨ 3655 ᠰᠠᠭᠤᠭᠠᠯᠢ ᠲᠣᠭᠤᠷᠢᠭ ᠢ ᠪᠥᠬᠦ ᠲᠠᠯ᠎ᠠ ᠪᠠᠷ ᠬᠠᠮᠤᠷᠤᠭᠰᠠᠨ ᠪᠥᠭᠡᠳ 24 ᠴᠠᠭ ᠤᠨ ᠲᠤᠰᠬᠠᠶ ᠰᠡᠯᠪᠢᠨ ᠵᠠᠰᠠᠬᠤ ᠡᠩᠨᠡᠭᠡ ᠶᠢ ᠵᠣᠬᠢᠶᠠᠨ ᠪᠠᠶᠢᠭᠤᠯᠵᠤ᠂ ︽ᠠᠷᠠᠳ ᠢ ᠰᠤᠷᠪᠤᠯᠵᠢᠯᠠᠵᠤ ᠳᠤᠯᠠᠭᠠᠯᠠᠭ᠎ᠠ ᠶᠢ ᠠᠰᠠᠭᠤᠬᠤ ︾ ᠪᠠ ᠪᠠᠴᠢᠮ ᠪᠠᠶᠢᠳᠠᠯ ᠢ ᠠᠷᠭᠠᠴᠠᠭᠠᠬᠤ ᠰᠡᠯᠪᠢᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ︽ ᠡᠷᠦᠬᠡ ᠳᠤ ᠭᠥᠯᠢᠶᠡᠨ ᠠᠪᠴᠤ ᠰᠢᠢᠳᠪᠦᠷᠢᠯᠡᠵᠦ᠂ ᠦᠨᠳᠦᠰᠦᠨ ᠱᠠᠲᠤᠨ ᠳᠤ ᠰᠢᠢᠳᠪᠦᠷᠢᠯᠡᠬᠦ︾ ᠶᠢ ᠪᠡᠶᠡᠯᠡᠭᠦᠯᠪᠡ᠃    ᠤᠰᠤ ᠬᠠᠩᠭᠠᠬᠤ ᠭᠠᠳᠠᠭᠰᠢᠯᠠᠭᠤᠯᠬᠤ ᠪᠦᠲᠦᠭᠡᠨ ᠪᠠᠶᠢᠭᠤᠯᠤᠯᠲᠠ‌‍ᠶᠢᠨ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠪᠡ᠃ ︽ᠤᠰᠤ ᠳᠠᠮᠵᠢᠭᠤᠯᠬᠤ︾ ᠬᠤᠭᠤᠯᠠᠶ ᠶᠢ ᠰᠢᠨ᠎ᠡ ᠪᠠᠷ ᠪᠠᠶᠢᠭᠤᠯᠬᠤ᠂ ︽ᠤᠰᠤᠨ ᠤ ᠰᠤᠷᠪᠤᠯᠵᠢ︾ ᠤᠨ ᠪᠠᠲᠤᠯᠠᠭ᠎ᠠ ᠶᠢ ᠥᠷᠭᠡᠳᠬᠡᠬᠦ᠂ ︽ᠤᠰᠤ ᠴᠡᠪᠡᠷᠰᠢᠭᠦᠯᠬᠦ︾ ᠪᠡᠯᠡᠳᠬᠡᠮᠵᠢ ᠶᠢ ᠳᠡᠭᠡᠭᠰᠢᠯᠡᠭᠦᠯᠬᠦ᠂ ︽ᠤᠰᠤ ᠲᠣᠬᠢᠷᠠᠭᠤᠯᠬᠤ︾ ᠬᠤᠭᠤᠯᠠᠶ ᠶᠢᠨ ᠲᠣᠤᠷ ᠢ ᠰᠢᠨᠡᠳᠬᠡᠬᠦ᠂ ︽ ᠣᠶᠤᠨᠲᠤ ︾ ᠤᠰᠤᠨ ᠤ ᠶᠠᠪᠤᠳᠠᠯ ᠢ ᠲᠠᠰ ᠳᠡᠪᠰᠢᠭᠦᠯᠬᠦ ᠵᠡᠷᠭᠡ ᠲᠠᠪᠤᠨ ᠲᠠᠯ᠎ᠠ ᠶᠢᠨ ᠲᠥᠷᠥᠯ ᠵᠦᠢᠯ ᠢ ᠨᠢᠭᠡᠨᠲᠡ ᠪᠦᠬᠦᠨ ᠢ ᠠᠵᠢᠯ ᠡᠬᠢᠯᠡᠭᠦᠯᠵᠦ ᠂ ᠡᠭᠦᠨ ᠳᠤ ᠤᠰᠤ ᠳᠤᠲᠠᠭᠳᠠᠵᠤ ᠪᠠᠶᠢᠭ᠎ᠠ 502 ᠰᠠᠭᠤᠭᠠᠯᠢ ᠠᠷᠠᠳ ᠤᠨ ᠲᠣᠭᠤᠷᠢᠭ ᠢ ᠰᠢᠨᠡᠳᠬᠡᠨ ᠵᠠᠰᠠᠬᠤ ᠠᠵᠢᠯ ᠢ ᠪᠦᠭᠦᠳᠡ ᠳᠠᠭᠤᠰᠬᠠᠵᠤ ᠂ ᠣᠯᠠᠨ ᠲᠦᠮᠡᠨ ᠤ ᠤᠰᠤ ᠢᠳᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ︽ᠬᠠᠲᠤᠨ ᠭᠤᠤᠯ ᠤᠨ ᠤᠰᠤ ᠶᠢ ᠬᠥᠬᠡᠬᠤᠲᠠ ᠳᠤ ᠲᠠᠲᠠᠬᠤ︾ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠨ ᠪᠦᠲᠦᠭᠡᠨ ᠪᠠᠶᠢᠭᠤᠯᠵᠤ᠂ ᠣᠨᠴᠠ ᠵᠥᠪᠰᠢᠶᠡᠷᠡᠭᠰᠡᠨ ᠡᠵᠡᠩᠨᠡᠯᠲᠡ + ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠬᠡᠪ ᠵᠠᠭᠪᠤᠷ ᠢ ᠬᠡᠷᠡᠭᠯᠡᠨ ᠬᠡᠷᠡᠭᠵᠢᠭᠦᠯᠵᠦ᠂ ᠬᠠᠲᠤᠨ ᠭᠤᠤᠯ ᠤᠨ ᠤᠰᠤᠨ ᠤ ᠵᠢᠯ ᠤᠨ ᠤᠰᠤ ᠲᠠᠲᠠᠬᠤ ᠭᠦᠢᠴᠡᠳᠬᠡᠬᠦ ᠲᠤᠭ᠎ᠠ 1.46 ᠳ᠋ᠦᠩᠰᠢᠭᠤᠷ ᠲᠣᠨ ᠳᠤ ᠬᠤᠯᠪᠣᠭᠳᠠᠵᠤ᠂ ᠨᠢᠭᠡᠨᠲᠡ 2181 ᠲᠦᠮᠡᠨ ᠲᠣᠨ ᠴᠣᠬᠤᠯᠠᠪᠤᠷᠢᠯᠠᠭᠳᠠᠪᠠ᠃ ᠬᠠᠶᠢᠮᠢᠶᠠᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ 4 ᠵᠢᠱᠢᠶ᠎ᠡ ᠦᠵᠡᠭᠦᠯᠬᠦ ᠬᠡᠰᠡᠭ ᠲᠣᠭᠤᠷᠢᠭ ᠢ ᠬᠠᠶᠢᠮᠢᠶᠠᠨᠴᠢᠯᠠᠨ ᠥᠭᠡᠷᠡᠴᠢᠯᠡᠬᠦ ᠪᠠ 1 ᠵᠢᠱᠢᠶ᠎ᠡ ᠦᠵᠡᠭᠦᠯᠬᠦ ᠬᠡᠰᠡᠭ ᠲᠣᠭᠤᠷᠢᠭ ᠤᠨ ᠬᠤᠭᠤᠯᠠᠶ ᠶᠢᠨ ᠲᠣᠤᠷ ᠢ ᠰᠡᠷᠭᠦᠭᠡᠬᠦ ᠢᠨᠵᠧᠨᠧᠷᠢᠩ ᠢ ᠲᠦᠷᠭᠡᠳᠬᠡᠨ ᠠᠬᠢᠭᠤᠯᠵᠤ ᠪᠠᠶᠢᠨ᠎ᠠ᠃ ᠪᠣᠬᠢᠷ ᠤᠰᠤ ᠴᠤᠭᠯᠠᠭᠤᠯᠬᠤ ᠴᠢᠳᠠᠮᠵᠢ ᠶᠢ ᠶᠡᠭᠡ ᠪᠠᠷ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠤᠲᠠ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠭᠤᠤᠯ ᠴᠣᠭᠴᠠ ᠶᠢᠨ ᠪᠦᠲᠦᠴᠡ ᠶᠢ ᠨᠢᠭᠡᠨᠲᠡ ᠳᠠᠭᠤᠰᠬᠠᠵᠤ᠂ ᠵᠢᠱᠢᠯᠲᠡ ᠪᠠᠷ 2025 ᠣᠨ ᠤ 6 ᠳ᠋ᠤᠭᠠᠷ ᠰᠠᠷ᠎ᠠ ᠳᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠎ᠠ᠃ ᠯᠠᠮᠠ ᠶᠢᠨ ᠠᠶᠢᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠠᠭ ᠰᠠᠶᠢᠬᠠᠨ ᠡᠮᠦᠨᠡᠬᠢ ᠬᠤᠭᠤᠴᠠᠭᠠᠨ ᠤ ᠭᠠᠷᠳᠠᠮ ᠢᠶᠠᠨ ᠭᠦᠢᠴᠡᠳᠬᠡᠵᠦ ᠪᠣᠢ᠃ ᠬᠥᠬᠡᠬᠤᠲᠠ ᠠᠴᠠ ᠲᠤᠭᠳᠠᠬᠤ ᠰᠢᠶᠠᠨ ᠴᠢᠩ ᠱᠦᠢ ᠾᠧ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠳᠠᠬᠢᠯᠲᠠ ᠤᠰᠤ ᠶᠢ ᠤᠷᠲᠤ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠱᠤᠭᠤᠮ ᠤᠨ ᠢᠨᠵᠧᠨᠧᠷᠢᠩ  ᠨᠢ ᠨᠢᠭᠡᠨᠲᠡ ᠤᠰᠤ ᠨᠡᠪᠲᠡᠷᠡᠭᠦᠯᠵᠦ᠂ 63.6 ᠺᠢᠯᠤᠮᠧᠲᠷ ᠳᠠᠬᠢᠯᠲᠠ ᠤᠰᠤᠨ ᠤ ᠬᠤᠭᠤᠯᠠᠶ ᠶᠢᠨ ᠲᠣᠤᠷ ᠢ ᠰᠢᠨ᠎ᠡ ᠪᠠᠷ ᠪᠠᠶᠢᠭᠤᠯᠵᠤ᠂ ᠳᠠᠬᠢᠯᠲᠠ ᠤᠰᠤᠨ ᠤ ᠬᠤᠭᠤᠯᠠᠶ ᠶᠢᠨ ᠲᠣᠤᠷ ᠢ 4 ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ 6 ᠴᠡᠴᠡᠷᠯᠢᠭ ᠤᠨ ᠨᠣᠭᠤᠭᠠᠨ ᠬᠥᠷᠥᠰᠥ᠂ 19 ᠨᠢᠭᠡᠴᠢ ᠰᠠᠭᠤᠭᠠᠯᠢ ᠠᠷᠠᠳ ᠤᠨ ᠲᠣᠭᠤᠷᠢᠭ᠂ 15 ᠬᠤᠲᠠ ᠶᠢᠨ ᠶᠠᠪᠤᠳᠠᠯ ᠤᠨ ᠰᠤᠯᠠ ᠬᠡᠷᠡᠭᠯᠡᠭᠡ ᠳᠤ ᠵᠠᠯᠭᠠᠨ ᠣᠷᠣᠭᠤᠯᠬᠤ ᠶᠢ ᠳᠥᠯᠭᠢᠨ ᠠᠬᠢᠭᠤᠯᠵᠤ᠂ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢ 34.97% ᠠᠴᠠ 35.56% ᠳᠤ ᠬᠦᠷᠭᠡᠪᠡ᠃ ᠬᠤᠲᠠ ᠶᠢᠨ ᠶᠠᠪᠤᠳᠠᠯ ᠤᠨ ᠵᠠᠮ ᠤᠨ ᠤᠰᠤ ᠬᠤᠷᠠᠭᠰᠠᠨ 47 ᠴᠡᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠪᠠ᠃     ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠢᠯᠡᠷᠬᠡᠢ᠃ ᠬᠤᠲᠠ ᠶᠢᠨ ᠶᠠᠪᠤᠳᠠᠯ ᠤᠨ ᠬᠤᠭᠤᠯᠠᠶ᠂ ᠬᠦᠷᠢᠶ᠎ᠡ ᠬᠠᠰᠢᠶᠠᠨ ᠤ ᠬᠤᠭᠤᠯᠠᠶ᠂ ᠡᠷᠦᠬᠡ ᠶᠢᠨ ᠳᠣᠲᠣᠷᠠᠬᠢ ᠬᠤᠭᠤᠯᠠᠶ ᠪᠠ ᠠᠵᠢᠯᠲᠠᠨ ᠲᠥᠪᠯᠡᠷᠡᠭᠰᠡᠨ ᠣᠷᠣᠨ ᠲᠣᠭᠤᠷᠢᠭ ᠤᠨ ᠰᠢᠲᠠᠮᠠᠬᠠᠶ ᠬᠡᠶ ᠶᠢᠨ ᠪᠡᠯᠡᠳᠬᠡᠮᠵᠢ ᠳᠤ ᠴᠢᠭᠯᠡᠭᠦᠯᠦᠨ ᠪᠥᠬᠦ ᠲᠠᠯ᠎ᠠ ᠶᠢᠨ ᠠᠮᠤᠷ ᠲᠦᠪᠰᠢᠨ ᠤ ᠦᠨᠡᠯᠡᠯᠲᠡ ᠬᠢᠵᠦ᠂ ᠡᠩ ᠤᠨ ᠳᠠᠯᠳᠠ ᠬᠡᠮ ᠢ ᠨᠡᠶᠢᠲᠡ 327 ᠵᠢᠭᠰᠠᠭᠠᠨ ᠪᠠᠶᠢᠴᠠᠭᠠᠵᠤ ᠢᠯᠡᠷᠡᠭᠦᠯᠵᠦ᠂ ᠣᠲᠣ ᠨᠢᠭᠡᠨᠲᠡ ᠪᠦᠬᠦᠨ ᠢ ᠴᠡᠭᠴᠡᠯᠡᠨ ᠵᠠᠰᠠᠵᠤ ᠳᠠᠭᠤᠰᠬᠠᠭᠰᠠᠨ ᠪᠥᠭᠡᠳ 87 ᠺᠢᠯᠤᠮᠧᠲᠷ ᠤᠨ ᠬᠠᠭᠤᠴᠢᠨ ᠰᠢᠲᠠᠮᠠᠬᠠᠶ ᠬᠡᠶ ᠶᠢᠨ ᠬᠤᠭᠤᠯᠠᠶ ᠶᠢᠨ ᠲᠣᠤᠷ᠂ 3.1 ᠲᠦᠮᠡᠨ ᠡᠷᠦᠬᠡ ᠰᠠᠭᠤᠭᠠᠯᠢ ᠠᠷᠠᠳ ᠤᠨ ᠰᠢᠲᠠᠮᠠᠬᠠᠶ ᠬᠡᠶ  ᠶᠢᠨ ᠪᠣᠰᠤᠭ᠎ᠠ ᠬᠤᠭᠤᠯᠠᠢ ᠶᠢ ᠰᠢᠨᠡᠳᠬᠡᠨ ᠵᠠᠰᠠᠬᠤ ᠶᠢ ᠪᠡᠶᠡᠯᠡᠭᠦᠯᠪᠡ᠃    ᠬᠤᠲᠠ ᠶᠢᠨ ᠪᠠᠶᠢᠴᠠᠭᠠᠨ ᠦᠵᠡᠯᠭᠡ ᠪᠠ ᠬᠤᠲᠠ ᠶᠢᠨ ᠰᠢᠨᠡᠴᠢᠯᠡᠯᠲᠡ ᠶᠢ ᠬᠠᠮᠵᠢᠯᠴᠠᠨ ᠠᠬᠢᠭᠤᠯᠪᠠ ᠃ ︽ ᠪᠠᠶᠢᠴᠠᠭᠠᠨ ᠦᠵᠡᠯᠭᠡ ᠪᠠᠶᠢᠬᠤ ᠦᠭᠡᠢ ᠪᠣᠯ ᠂ ᠰᠢᠨᠡᠳᠬᠡᠬᠦ ᠥᠬᠡᠶ︾ ᠵᠠᠷᠴᠢᠮ ᠢ ᠪᠠᠷᠢᠮᠲᠠᠯᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠬᠤᠲᠠ ᠶᠢ ᠪᠥᠲᠥᠭᠡᠨ ᠪᠠᠶᠢᠭᠤᠯᠬᠤ᠂ ᠪᠣᠬᠢᠷᠲᠤᠯ ᠥᠬᠡᠶ ᠳᠣᠣᠷ᠎ᠠ ᠨᠡᠭᠦᠷᠡᠰᠦᠲᠥ᠋ᠷᠥᠭᠴᠢᠲᠦ ᠬᠤᠲᠠ ᠶᠢ ᠪᠥᠲᠥᠭᠡᠨ ᠪᠠᠶᠢᠭᠤᠯᠬᠤ᠂ ᠠᠶᠤᠯ ᠦᠭᠡᠢ ᠤᠶᠠᠨ ᠬᠠᠳᠠᠨ ᠬᠤᠲᠠ ᠶᠢ ᠪᠥᠲᠥᠭᠡᠨ ᠪᠠᠶᠢᠭᠤᠯᠬᠤ᠂ ᠣᠶᠤᠨᠲᠤ ᠠᠮᠢᠵᠢᠷᠠᠯ ᠤᠨ ᠬᠦᠴᠦᠨ ᠪᠦᠬᠦᠢ ᠬᠤᠲᠠ ᠶᠢ ᠡᠭᠦᠳᠦᠨ ᠪᠠᠶᠢᠭᠤᠯᠬᠤ ᠶᠢᠨ ᠲᠣᠭᠤᠷᠢᠨ ᠳᠤ᠂ ᠪᠦᠷᠢᠨ ᠪᠦᠲᠦᠨ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ᠂ ᠢᠯᠴᠢ ᠬᠠᠩᠭᠠᠬᠤ ᠬᠤᠭᠤᠯᠠᠶ ᠶᠢᠨ ᠲᠣᠣᠷ ᠬᠤᠯᠪᠣᠯᠳᠤᠨ ᠨᠡᠪᠲᠡᠷᠡᠯᠴᠡᠬᠦ ᠵᠡᠷᠭᠡ ᠬᠤᠲᠠ  ᠶᠢᠨ ᠰᠢᠨᠡᠴᠢᠯᠡᠯᠲᠡ ᠶᠢᠨ ᠲᠥᠷᠥᠯ ᠵᠦᠢᠯ ᠢ ᠬᠡᠷᠡᠭᠵᠢᠭᠦᠯᠪᠡ᠃    ᠬᠤᠲᠠ ᠶᠢᠨ ᠶᠠᠪᠤᠳᠠᠯ ᠤᠨ ᠵᠠᠮ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠪᠡ᠃ ᠬᠡᠩᠭᠡᠷᠭᠡᠲᠦ ᠠᠰᠠᠷ ᠤᠨ ᠵᠦᠷᠢᠯᠢᠭ ᠢ ᠰᠡᠯᠪᠢᠨ ᠵᠠᠰᠠᠵᠤ ᠪᠠᠬᠢᠵᠢᠭᠦᠯᠦᠨ ᠰᠠᠶᠢᠵᠢᠷᠠᠭᠤᠯᠬᠤ ᠢᠨᠵᠧᠨᠧᠷᠢᠩ᠂ ᠰᠤᠷᠭᠠᠭᠤᠯᠢ ᠶᠢᠨ ᠭᠠᠳᠠᠨᠠᠬᠢ ᠠᠶᠤᠯ ᠦᠭᠡᠢ ᠲᠠᠷᠬᠠᠭᠠᠬᠤ ᠪᠠᠲᠤᠯᠠᠭ᠎ᠠ ᠶᠢᠨ ᠪᠡᠯᠡᠳᠬᠡᠮᠵᠢ ᠶᠢᠨ ᠢᠨᠵᠧᠨᠧᠷᠢᠩ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠳᠠᠬᠢᠯᠲᠠ ᠭᠠᠷ ᠤᠷᠠᠯᠠᠯ ᠢ ᠬᠡᠷᠡᠭᠯᠡᠨ ᠬᠢᠩᠭᠠᠨ ᠵᠠᠮ᠂ ᠤᠯᠠᠭᠠᠨᠴᠠᠪ ᠵᠡᠭᠡᠯᠢ᠂ ᠵᠣᠣ ᠵᠢᠶᠦ᠋ᠨ ᠵᠠᠮ ᠤᠨ 10.96 ᠺᠢᠯᠤᠮᠧᠲᠷ ᠤᠨ ᠵᠠᠮ ᠤᠨ ᠭᠠᠳᠠᠷᠭᠤ ᠶᠢ ᠰᠢᠨᠡᠳᠬᠡᠵᠦ᠂ 37 ᠵᠠᠮ ᠬᠠᠷᠢᠯᠴᠠᠭᠠᠨ ᠤ ᠲᠦᠭᠵᠢᠷᠡᠯ ᠤᠨ ᠵᠠᠩᠭᠢᠶᠠᠰᠤ ᠶᠢ ᠰᠠᠶᠢᠵᠢᠷᠠᠭᠤᠯᠵᠤ᠂ ᠶᠢᠨ ᠬᠠᠶ ᠴᠠᠬᠤ ᠬᠥᠭᠦᠷᠭᠡ᠂ ᠭᠤᠷᠪᠠᠳᠤᠭᠠᠷ ᠲᠣᠭᠤᠷᠢᠯ ᠬᠤᠷᠳᠤᠨ ᠶᠠᠪᠤᠬᠤ ᠵᠠᠮ ᠵᠡᠷᠭᠡ ᠭᠤᠤᠯᠳᠠᠯᠭ᠎ᠠ ᠲᠠᠢ ᠵᠠᠮ ᠤᠨ 372 ᠲᠡᠮᠳᠡᠭ ᠫᠠᠶᠢᠰᠠ ᠶᠢ ᠰᠢᠨᠡᠳᠬᠡᠨ ᠬᠠᠮᠠᠭᠠᠯᠠᠬᠤ ᠶᠢ ᠪᠡᠶᠡᠯᠡᠭᠦᠯᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠳᠥᠭᠦᠮ ᠦᠵᠡᠭᠦᠯᠬᠦ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠪᠡ᠃ ᠬᠤᠲᠠ ᠶᠢᠨ ᠶᠠᠪᠤᠳᠠᠯ ᠤᠨ ᠵᠠᠮ ᠤᠨ ᠪᠠᠶᠢᠩᠭᠤ ᠶᠢᠨ ᠲᠣᠭᠤᠷᠢᠨ ᠪᠠᠶᠢᠴᠠᠭᠠᠬᠤ ᠲᠦᠷᠢᠮ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠵᠠᠭᠠᠯᠳᠤᠯᠭ᠎ᠠ ᠶᠢ ᠲᠦᠷᠭᠡᠨ ᠳᠠᠭᠠᠬᠤ ᠲᠣᠭᠲᠠᠴᠠ ᠶᠢ ᠪᠠᠶᠢᠭᠤᠯᠵᠤ᠂ ᠭᠤᠤᠯᠳᠠᠯᠭ᠎ᠠ ᠲᠠᠢ ᠵᠠᠮ ᠤᠨ ᠬᠤᠭᠤᠰᠣᠨ ᠨᠦᠬᠡ ᠶᠢᠨ ᠪᠠᠶᠢᠴᠠᠭᠠᠨ ᠬᠡᠮᠵᠢᠯᠲᠡ ᠶᠢ ᠡᠮᠬᠢ ᠵᠢᠷᠤᠮ ᠲᠠᠢ ᠥᠷᠨᠢᠭᠦᠯᠵᠦ᠂ ᠡᠪᠳᠡᠭᠳᠡᠭᠰᠡᠨ ᠂ ᠴᠣᠭᠤᠷᠠᠭᠰᠠᠨ ᠂ ᠬᠠᠭᠠᠷᠠᠭᠰᠠᠨ ᠵᠡᠷᠭᠡ 10382 ᠵᠠᠮ ᠤᠨ ᠭᠠᠳᠠᠷᠭᠤ ᠶᠢᠨ ᠡᠪᠡᠳᠴᠢᠨ ᠤ ᠬᠥᠨᠥᠭᠡᠯ ᠵᠢᠴᠢ ᠬᠥᠨᠳᠡᠢ ᠨᠥᠬᠡ ᠂ ᠬᠦᠷᠦᠰᠦ ᠰᠢᠷᠣᠢ ᠰᠡᠶᠢᠷᠡᠭᠵᠢᠭᠰᠡᠨ ᠵᠡᠷᠭᠡ 333 ᠭᠠᠵᠠᠷ ᠳᠣᠤᠷᠠᠬᠢ ᠳᠠᠯᠳᠠ ᠭᠡᠮ ᠢ ᠠᠷᠢᠯᠭᠠᠵᠤ᠂ ᠬᠤᠲᠠ ᠶᠢᠨ ᠶᠠᠪᠤᠳᠠᠯ ᠤᠨ ᠵᠠᠮ ᠤᠨ ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃    ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠪᠡ᠃ 2024 ᠣᠨ ᠳᠤ ᠪᠠᠶᠢᠭᠤᠯᠤᠭᠰᠠᠨ ᠲᠣᠭᠤᠷᠢᠭ ᠤᠨ ᠬᠡᠪᠴᠢᠶᠡᠨ ᠳᠤ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠫᠤᠤ ᠶᠢ 10812 ᠨᠡᠮᠡᠪᠡ᠂ ᠡᠭᠦᠨ ᠳᠤ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠫᠤᠤ 3881 ᠪᠠᠶᠢᠵᠤ᠂ ᠰᠠᠭᠤᠭᠠᠯᠢ ᠠᠷᠠᠳ ᠤᠨ ᠥᠪᠡᠷ ᠢᠶᠠᠨ ᠪᠠᠶᠢᠭᠤᠯᠵᠤ ᠥᠪᠡᠷ ᠢᠶᠠᠨ ᠬᠠᠮᠢᠶᠠᠷᠬᠤ ᠴᠠᠬᠢᠯᠭᠠᠨ ᠴᠡᠨᠡᠭᠯᠡᠬᠦ ᠫᠤᠤ 6931 ᠪᠠᠶᠢᠵᠤ᠂ ᠣᠨ ᠤ ᠡᠭᠦᠷᠭᠡ ᠪᠠᠨ ᠴᠠᠭ ᠲᠤᠬᠠᠶ  ᠳᠤ ᠨᠢ ᠪᠡᠶᠡᠯᠡᠭᠦᠯᠵᠦ᠂ ︽ ᠪᠠᠭᠠᠨ᠎ᠠ ᠪᠤᠰᠬᠠᠬᠤ᠂ ᠴᠠᠬᠢᠯᠭᠠᠨ ᠨᠡᠪᠲᠡᠷᠡᠭᠦᠯᠬᠦ᠂ ᠬᠡᠷᠡᠭᠯᠡᠵᠦ ᠪᠣᠯᠬᠤ︾ ᠶᠢ ᠪᠥᠬᠦ ᠬᠦᠴᠦᠨ  ᠢᠶᠠᠷ ᠢᠶᠠᠨ ᠪᠠᠲᠤᠯᠠᠪᠠ ᠃    ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠢᠯ ᠢ ᠣᠷᠣᠯᠠᠨ ᠭᠦᠢᠴᠡᠳᠬᠡᠬᠦ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠪᠠ᠃ 2024 ᠣᠨ ᠳᠤ ᠨᠡᠶᠢᠲᠡ 7 ᠲᠥᠷᠥᠯ ᠵᠦᠢᠯ ᠳᠤ ᠬᠤᠯᠪᠣᠭᠳᠠᠪᠠ᠂ ᠡᠭᠦᠨ  ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ ᠺᠠᠩ ᠭᠢᠨᠳᠠᠨ ᠤ ᠵᠡᠪᠰᠡᠭᠲᠦ ᠴᠠᠭᠳᠠᠭ᠎ᠠ ᠶᠢᠨ ᠬᠡᠷᠡᠭᠯᠡᠬᠦ ᠭᠡᠷ ︵ᠵᠡᠪᠰᠡᠭᠲᠦ ᠴᠠᠭᠳᠠᠭ᠎ᠠ ᠶᠢᠨ ᠪᠡᠯᠡᠳᠬᠡᠯ ᠦᠢᠯᠡᠴᠢᠯᠡᠭᠡᠨ ᠤ ᠠᠰᠠᠷ︶ ᠤᠨ ᠲᠥᠷᠥᠯ ᠵᠦᠢᠯ ᠢ ᠨᠢᠭᠡᠨᠲᠡ ᠳᠠᠭᠤᠰᠬᠠᠵᠤ ᠰᠢᠯᠭᠠᠨ ᠠᠪᠬᠤ ᠶᠢᠨ ᠬᠠᠮᠲᠤ ᠬᠡᠷᠡᠭᠯᠡᠬᠦ ᠨᠢᠭᠡᠴᠢ ᠳᠤ ᠲᠤᠰᠢᠶᠠᠪᠠ ︔ ᠬᠥᠬᠡᠬᠤᠲᠠ ᠶᠢᠨ ᠵᠡᠮᠳᠡᠭᠴᠦᠳ ᠢ ᠨᠠᠶᠢᠳᠠᠨ ᠠᠰᠠᠷᠠᠭᠤᠯᠬᠤ ᠡᠷᠡᠭᠦᠯᠵᠢᠭᠦᠯᠬᠦ ᠠᠵᠢᠯ ᠣᠯᠭᠤᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠬᠥᠬᠡᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠪᠠᠷ ᠪᠠᠶᠢᠭᠤᠯᠤᠭᠰᠠᠨ ᠰᠤᠷᠤᠭᠴᠢᠳ ᠤᠨ ᠨᠡᠶᠢᠲᠡ ᠶᠢᠨ ᠪᠠᠶᠢᠷᠢ ᠶᠢᠨ ᠠᠰᠠᠷ ᠪᠠ ᠶᠡᠷᠦᠩᠬᠡᠶᠢᠯᠡᠭᠰᠡᠨ ᠵᠢᠭᠠᠨ ᠰᠤᠷᠭᠠᠯᠲᠠ ᠶᠢᠨ ᠠᠰᠠᠷ ᠵᠡᠷᠭᠡ ᠬᠤᠶᠠᠷ ᠲᠥᠷᠥᠯ ᠵᠦᠢᠯ ᠢ ᠨᠢᠭᠡᠨᠲᠡ ᠳᠠᠭᠤᠰᠬᠠᠵᠤ᠂ ᠪᠠᠷᠢᠯᠭ᠎ᠠ ᠳᠠᠭᠤᠰᠴᠤ ᠰᠢᠯᠭᠠᠨ ᠠᠪᠬᠤ ᠵᠡᠷᠭᠡ ᠠᠵᠢᠯ ᠢ ᠶᠠᠭ ᠠᠬᠢᠭᠤᠯᠵᠤ ᠪᠠᠶᠢᠨ᠎ᠠ︔ ᠬᠥᠬᠡᠬᠤᠲᠠ  ᠶᠢᠨ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ᠂ ᠬᠥᠬᠡᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠪᠠᠶᠢᠭᠤᠯᠬᠤ ᠂ ᠬᠥᠬᠡᠬᠤᠲᠠ ᠶᠢᠨ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠤᠷᠢᠶ᠎ᠠ᠂ ᠬᠥᠬᠡᠬᠤᠲᠠ ᠶᠢᠨ ᠲᠤᠰᠬᠠᠶ ᠰᠤᠷᠭᠠᠭᠤᠯᠢ ᠶᠢ ᠰᠡᠯᠪᠢᠨ ᠵᠠᠰᠠᠬᠤ ᠵᠡᠷᠭᠡ 4 ᠲᠥᠷᠥᠯ ᠵᠦᠢᠯ ᠶᠠᠭ ᠰᠠᠶᠢᠬᠠᠨ ᠪᠦᠬᠦᠨ ᠲᠠᠯ᠎ᠠ ᠪᠠᠷ ᠶᠠᠪᠤᠭᠳᠠᠵᠤ ᠪᠠᠶᠢᠨ᠎ᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ