2025 ᠣᠨ ᠤ ᠳᠥᠷᠪᠡᠳᠦᠭᠡᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠡᠶᠢᠳᠡᠯᠡᠯ | | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠢᠴᠢ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠲᠠᠭᠠᠯ | ᠶᠣᠰᠣᠭᠠᠷ᠂ ᠮᠠᠨ ᠤ ᠲᠢᠩᠬᠢᠮ ᠠᠴᠠ 2025 ᠣᠨ ᠤ ᠳᠥᠷᠪᠡᠳᠦᠭᠡᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠭᠤᠶᠤᠴᠢᠯᠠᠨ ᠮᠡᠳᠡᠭᠦᠯᠬᠦ | ᠮᠠᠲ᠋ᠧᠷᠢᠶᠠᠯ ᠢ ᠬᠢᠨᠠᠨ ᠪᠠᠶᠢᠴᠠᠭᠠᠵᠤ᠂ ᠣᠳᠣ 6 ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠠᠵᠤ ᠠᠬᠤᠶᠢᠯᠠᠯ᠂ 45 ᠪᠠᠷᠢᠯᠭ᠎ᠠ ᠶᠢᠨ ᠦᠢᠯᠡᠰ ᠤᠨ ᠠᠵᠤ | ᠠᠬᠤᠶᠢᠯᠠᠯ᠂ 4 ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠢᠨᠠᠨ ᠬᠠᠮᠢᠶᠠᠷᠬᠤ ᠠᠵᠤ ᠠᠬᠤᠶᠢᠯᠠᠯ᠂ 42 ᠪᠠᠷᠢᠯᠭ᠎ᠠ ᠶᠢᠨ ᠦᠢᠯᠡᠰ ᠤᠨ ᠠᠵᠤ | ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠭᠰᠠᠨ ᠰᠠᠨᠠᠯ ᠤᠨ ᠨᠡᠷᠡᠰ ︵ᠳᠠᠭᠠᠯᠳᠤᠭᠤᠯᠤᠯ ᠳᠤ ᠦᠵᠡ︶ ᠢ | ᠨᠡᠶᠢᠲᠡᠯᠡᠨ᠎ᠡ᠃ ᠬᠢᠨᠠᠨ ᠪᠠᠶᠢᠴᠠᠭᠠᠭᠰᠠᠨ ᠰᠠᠨᠠᠯ ᠢ 2025 ᠣᠨ ᠤ 2 ᠳ᠋ᠤᠭᠠᠷ ᠰᠠᠷ᠎ᠠ ᠶᠢᠨ 20 ᠤ ᠡᠳᠦᠷ ᠤᠨ 17 ᠴᠠᠭ 30 ᠮᠢᠨᠦ᠋ᠲ ᠬᠦᠷᠲᠡᠯ᠎ᠡ ᠨᠡᠶᠢᠲᠡᠯᠡᠵᠦ᠂ | ᠨᠡᠶᠢᠲᠡᠯᠡᠭᠰᠡᠨ ᠰᠠᠨᠠᠯ ᠳᠤ ᠣᠨᠳᠣᠤ ᠰᠠᠨᠠᠯ ᠲᠠᠢ ᠪᠤᠶᠤ ᠠᠰᠠᠭᠤᠳᠠᠯ ᠲᠠᠢ ᠪᠠᠶᠢᠪᠠᠯ᠂ ᠵᠥᠪᠳᠡᠭᠡᠨ ᠲᠣᠳᠣᠷᠬᠠᠶᠢᠯᠠᠬᠤ ᠪᠠᠷ ᠳᠤᠷᠠᠳᠴᠤ ᠪᠣᠯᠤᠨ᠎ᠠ᠂ ᠬᠢᠨᠠᠨ | ᠪᠠᠶᠢᠴᠠᠭᠠᠭᠰᠠᠨ ᠰᠠᠨᠠᠯ ᠳᠤ ᠪᠠᠲᠤᠯᠠᠭᠳᠠᠭᠰᠠᠨ ᠥᠬᠡᠶ ᠠᠵᠤ ᠠᠬᠤᠶᠢᠯᠠᠯ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠠᠴᠠ ᠪᠣᠳᠠᠲᠠᠶ ᠰᠠᠨᠠᠯ ᠢ ᠦᠵᠡᠵᠦ | ᠪᠣᠯᠤᠨ᠎ᠠ᠃ | ᠶᠠᠮᠠᠷᠪᠠ ᠬᠤᠯᠪᠣᠭᠳᠠᠯ ᠪᠥᠬᠦᠶ ᠨᠢᠭᠡᠴᠢ ᠵᠢᠴᠢ ᠬᠤᠪᠢ ᠬᠥᠮᠦᠨ ᠠᠴᠠ ᠬᠡᠷᠪᠡ ᠠᠵᠤ ᠠᠬᠤᠶᠢᠯᠠᠯ ᠤᠨ ᠮᠡᠳᠡᠭᠦᠯᠦᠭᠰᠡᠨ ᠬᠢᠷᠢ ᠬᠡᠮ ᠤᠨ ᠪᠠᠶᠢᠳᠠᠯ ᠳᠤ ᠣᠨᠳᠣᠤ | ᠰᠠᠨᠠᠯ ᠲᠠᠢ ᠪᠠᠶᠢᠪᠠᠯ᠂ ᠴᠥᠮ ᠮᠠᠨ ᠤ ᠲᠢᠩᠬᠢᠮ ᠳᠤ ᠪᠠᠶᠢᠳᠠᠯ ᠢᠶᠠᠨ ᠲᠤᠰᠬᠠᠵᠤ ᠪᠣᠯᠤᠨ᠎ᠠ᠂ ᠨᠢᠭᠡᠴᠢ ᠠᠴᠠ ᠪᠠᠶᠢᠳᠠᠯ ᠢᠶᠠᠨ ᠲᠤᠰᠬᠠᠬᠤ ᠳᠤ ᠠᠯᠪᠠᠨ ᠲᠠᠮᠠᠭ᠎ᠠ ᠪᠠᠨ | ᠳᠠᠷᠤᠬᠤ ᠴᠢᠬᠤᠯᠠᠲᠠᠶ᠂ ᠬᠤᠪᠢ ᠬᠥᠮᠦᠨ ᠠᠴᠠ ᠪᠠᠶᠢᠳᠠᠯ ᠢᠶᠠᠨ ᠲᠤᠰᠬᠠᠬᠤ ᠳᠤ ᠦᠨᠡᠨ ᠪᠣᠳᠠᠲᠠᠶ ᠣᠪᠣᠭ ᠨᠡᠷ᠎ᠡ ᠶᠢᠨ ᠭᠠᠷ ᠤᠨ ᠦᠰᠦᠭ ᠵᠢᠷᠤᠬᠤ ᠶᠢᠨ ᠬᠠᠮᠲᠤ | ᠬᠠᠷᠢᠯᠴᠠᠬᠤ ᠤᠲᠠᠰᠤ᠂ ᠬᠠᠶ᠋ᠢᠭ ᠪᠠ ᠰᠢᠤᠳᠠᠨ ᠤ ᠳ᠋ᠤᠭᠠᠷ ᠢᠶᠠᠨ ᠦᠯᠡᠳᠡᠭᠡᠬᠦ ᠬᠡᠷᠡᠭᠲᠡᠶ᠃ ᠮᠠᠲ᠋ᠧᠷᠢᠶᠠᠯ ᠢᠶᠠᠨ ᠰᠢᠦᠳᠠᠨ ᠢᠶᠠᠷ ᠢᠯᠡᠭᠡᠨ ᠮᠡᠳᠡᠭᠦᠯᠦᠨ ᠬᠦᠷᠭᠡᠭᠰᠡᠨ ᠠᠵᠤ | ᠠᠬᠤᠶᠢᠯᠠᠯ ᠪᠤᠶᠤ ᠬᠤᠪᠢ ᠬᠥᠮᠦᠨ ᠡᠷᠬᠡᠪᠰᠢ ᠬᠠᠷᠢᠯᠴᠠᠬᠤ ᠠᠷᠭ᠎ᠠ ᠪᠠᠨ ᠦᠯᠡᠳᠡᠭᠡᠵᠦ᠂ ᠬᠡᠷᠡᠭᠴᠡᠭᠡ ᠳᠤ ᠪᠠᠨ ᠪᠡᠯᠡᠳᠬᠡᠬᠦ ᠬᠡᠷᠡᠭᠲᠡᠶ᠃ | ᠬᠠᠷᠢᠯᠴᠠᠬᠤ ᠤᠲᠠᠰᠤ᠄ 0471-6944058᠂ 0471-6944062 | ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ | 6 ᠳ᠋ᠤᠭᠠᠷ ᠲᠣᠭᠠᠲᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 12 ᠳ᠋ᠤᠭᠠᠷ ᠳᠠᠪᠬᠤᠷᠯᠢᠭ ᠤᠨ | ᠶᠡᠷᠦᠩᠬᠡᠶᠢᠯᠡᠭᠰᠡᠨ ᠴᠣᠩᠬᠤ | ᠳᠠᠭᠠᠯᠳᠤᠭᠤᠯᠤᠯ᠄ | 1. ᠳᠥᠷᠪᠡᠳᠦᠭᠡᠷ ᠪᠦᠯᠦᠭ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ | 2. ᠳᠥᠷᠪᠡᠳᠦᠭᠡᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ | 3. ᠳᠥᠷᠪᠡᠳᠦᠭᠡᠷ ᠪᠦᠯᠦᠭ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ | ᠰᠠᠨᠠᠯ | 4. ᠳᠥᠷᠪᠡᠳᠦᠭᠡᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠬᠢᠷᠢ | ᠬᠡᠮ ᠢ ᠬᠢᠨᠠᠨ ᠪᠠᠶᠢᠴᠠᠭᠠᠭᠰᠠᠨ ᠰᠠᠨᠠᠯ | 5. ᠳᠥᠷᠪᠡᠳᠦᠭᠡᠷ ᠪᠦᠯᠦᠭ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠢ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠬᠢᠨᠠᠨ | ᠪᠠᠶᠢᠴᠠᠭᠠᠭᠰᠠᠨ ᠰᠠᠨᠠᠯ | | 2025 ᠣᠨ ᠤ 2 ᠳ᠋ᠤᠭᠠᠷ ᠰᠠᠷ᠎ᠠ ᠶᠢᠨ 14 ᠤ ᠡᠳᠦᠷ | | | | | | | |