Q1᠄ ᠶᠠᠮᠠᠷ ᠶᠠᠮᠠᠷ ᠬᠥᠮᠥᠰ ᠤᠨ ᠳᠠᠩᠰᠠᠯᠠᠭᠤᠯᠤᠭᠰᠠᠨ ᠦᠨᠡᠮᠯᠡᠯ ᠨᠢ ᠲᠣᠰ ᠤᠳᠠᠭᠠᠨ ᠤ ᠦᠨᠡᠮᠯᠡᠯ ᠤᠨ ᠡᠯᠧᠺᠲ᠋ᠣᠷᠣᠨᠴᠢᠯᠠᠭᠰᠠᠨ ᠠᠵᠢᠯ ᠳᠤ ᠬᠤᠯᠪᠣᠭᠳᠠᠬᠤ | ᠪᠣᠶ︖ | ᠬᠠᠷᠢᠭᠤᠯᠲᠠ᠄ ︽ᠳᠠᠩᠰᠠᠯᠠᠭᠤᠯᠤᠭᠰᠠᠨ ᠬᠢᠨᠠᠨ ᠬᠠᠮᠢᠶᠠᠷᠤᠯᠳᠠ ᠶᠢᠨ ᠢᠨᠵᠧᠨᠧᠷ ᠵᠡᠷᠭᠡ ᠲᠤᠰᠬᠠᠢ ᠮᠡᠷᠭᠡᠵᠢᠯ ᠤᠨ ᠠᠵᠢᠯᠲᠠᠨ ᠤ ᠳᠠᠩᠰᠠᠯᠠᠭᠤᠯᠤᠭᠰᠠᠨ ᠡᠯᠧᠺᠲᠷᠣᠨ | ᠦᠨᠡᠮᠯᠡᠯ ᠢ ᠡᠬᠢᠯᠡᠨ ᠬᠡᠷᠡᠭᠯᠡᠬᠦ ᠲᠤᠬᠠᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ | ︵ᠪᠠᠶᠢᠭᠤᠯᠤᠯᠲᠠ ᠠᠯᠪᠠᠨ ᠲᠢᠩᠬᠢᠮ ᠵᠠᠬᠢᠳᠠᠯ ﹇2025﹈ 13 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ 2025 | ᠣᠨ ᠤ 1 ᠳ᠋ᠤᠭᠡᠷ ᠰᠠᠷ᠎ᠠ ᠶᠢᠨ 20 ᠤ ᠡᠳᠦᠷ ᠠᠴᠠ ᠡᠬᠢᠯᠡᠨ᠂ ᠳᠠᠩᠰᠠᠯᠠᠭᠤᠯᠤᠭᠰᠠᠨ ᠬᠢᠨᠠᠨ ᠬᠠᠮᠢᠶᠠᠷᠤᠯᠳᠠ ᠶᠢᠨ ᠢᠨᠵᠧᠨᠧᠷ᠂ ᠨᠢᠭᠡᠳᠦᠭᠡᠷ ᠳᠡᠰ ᠤᠨ | ᠳᠠᠩᠰᠠᠯᠠᠭᠤᠯᠤᠭᠰᠠᠨ ᠪᠦᠲᠦᠴᠡ ᠶᠢᠨ ᠢᠨᠵᠧᠨᠧᠷ᠂ ᠳᠠᠩᠰᠠᠯᠠᠭᠤᠯᠤᠭᠰᠠᠨ ᠴᠠᠬᠢᠯᠭᠠᠨ ᠤ ᠢᠨᠵᠧᠨᠧᠷ᠂ ᠳᠠᠩᠰᠠᠯᠠᠭᠤᠯᠤᠭᠰᠠᠨ ᠨᠡᠶᠢᠲᠡ ᠶᠢᠨ ᠬᠡᠷᠡᠭᠯᠡᠭᠡᠨ ᠤ | ᠲᠥᠬᠦᠭᠡᠷᠦᠮᠵᠢ ᠶᠢᠨ ᠢᠨᠵᠧᠨᠧᠷ᠂ ᠳᠠᠩᠰᠠᠯᠠᠭᠤᠯᠤᠭᠰᠠᠨ ᠬᠢᠮᠢ ᠶᠢᠨ ᠠᠵᠤ ᠦᠢᠯᠡᠳᠪᠦᠷᠢ ᠶᠢᠨ ᠢᠨᠵᠧᠨᠧᠷ᠂ ᠳᠠᠩᠰᠠᠯᠠᠭᠤᠯᠤᠭᠰᠠᠨ ᠰᠢᠷᠣᠢ ᠮᠣᠳᠣᠨ ᠤ ᠢᠨᠵᠧᠨᠧᠷ᠂ | ᠳᠠᠩᠰᠠᠯᠠᠭᠤᠯᠤᠭᠰᠠᠨ ᠨᠢᠭᠡᠳᠦᠭᠡᠷ ᠳᠡᠰ ᠤᠨ ᠪᠠᠶᠢᠭᠤᠯᠬᠤ ᠦᠨ᠎ᠡ ᠶᠢᠨ ᠢᠨᠵᠧᠨᠧᠷ ᠵᠡᠷᠭᠡ ᠲᠤᠰᠬᠠᠢ ᠮᠡᠷᠭᠡᠵᠢᠯ ᠤᠨ ᠠᠵᠢᠯᠳᠠᠨ ᠳᠤ ᠳᠠᠩᠰᠠᠯᠠᠭᠤᠯᠤᠭᠰᠠᠨ ᠡᠯᠧᠺᠲᠷᠣᠨ | ᠦᠨᠡᠮᠯᠡᠯ ᠢ ᠡᠬᠢᠯᠡᠨ ᠬᠡᠷᠡᠭᠯᠡᠨ᠎ᠡ᠃ ᠳᠠᠩᠰᠠᠯᠠᠭᠤᠯᠤᠭᠰᠠᠨ ᠴᠠᠭᠠᠰᠤᠨ ᠦᠨᠡᠮᠯᠡᠯ ᠢ ᠳᠠᠭᠢᠵᠤ ᠣᠯᠭᠤᠬᠤ ᠦᠭᠡᠢ᠃ ᠣᠳᠣᠬᠠᠨ ᠳᠤ᠂ ᠬᠦᠴᠦᠨ ᠲᠠᠢ | ᠬᠤᠭᠤᠴᠠᠭᠠᠨ ᠳᠠᠬᠢ ᠴᠠᠭᠠᠰᠤᠨ ᠦᠨᠡᠮᠯᠡᠯ ᠨᠢ ᠮᠥᠨ ᠬᠦ ᠬᠦᠴᠦᠨ ᠲᠠᠢ ᠪᠠᠶᠢᠵᠤ᠂ ᠬᠤᠯᠪᠣᠭᠳᠠᠯ ᠪᠦᠬᠦᠢ ᠠᠵᠤ ᠠᠬᠤᠶᠢᠯᠠᠯ ᠵᠢᠴᠢ ᠳᠠᠩᠰᠠᠯᠠᠭᠤᠯᠤᠭᠰᠠᠨ ᠠᠵᠢᠯᠲᠠᠨ | ᠪᠣᠳᠠᠲᠤ ᠪᠠᠶᠢᠳᠠᠯ ᠢᠶᠠᠨ ᠦᠨᠳᠦᠰᠦᠯᠡᠨ ᠡᠯᠧᠺᠲᠷᠣᠨ ᠳᠠᠩᠰᠠᠯᠠᠭᠤᠯᠤᠭᠰᠠᠨ ᠦᠨᠡᠮᠯᠡᠯ ᠢᠶᠠᠨ ᠴᠠᠭ ᠲᠤᠬᠠᠢ ᠳᠤᠨᠢ ᠰᠣᠯᠢᠵᠤ ᠪᠣᠯᠣᠨ᠎ᠠ᠃ | Q2᠄ ᠳᠡᠭᠡᠷ᠎ᠡ ᠳᠤᠷᠠᠳᠤᠭᠰᠠᠨ ᠳᠠᠩᠰᠠᠯᠠᠭᠤᠯᠤᠭᠰᠠᠨ ᠡᠯᠧᠺᠲᠷᠣᠨ ᠦᠨᠡᠮᠯᠡᠯ ᠢ ᠬᠡᠷᠬᠢᠨ ᠭᠤᠶᠤᠴᠢᠯᠠᠨ ᠠᠪᠬᠤ ᠪᠤᠢ︖ | ᠬᠠᠷᠢᠭᠤᠯᠲᠠ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠰᠦᠯᠵᠢᠶ᠎ᠡ ᠠᠴᠠ ᠳᠠᠩᠰᠠᠯᠠᠭᠤᠯᠤᠭᠰᠠᠨ ᠡᠯᠧᠺᠲᠷᠣᠨ ᠦᠨᠡᠮᠯᠡᠯ ᠢ ᠭᠤᠶᠤᠴᠢᠯᠠᠨ ᠠᠪᠬᠤ᠂ ᠪᠠᠶᠢᠴᠠᠭᠠᠨ ᠦᠵᠡᠬᠦ ᠪᠠ ᠪᠠᠭᠤᠯᠭᠠᠨ ᠠᠪᠬᠤ ᠪᠤᠯᠤᠨ᠎ᠠ᠂ ᠪᠣᠳᠠᠲᠠᠢ | ᠶᠠᠪᠤᠴᠠ ᠶᠢ ︽ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠡᠯᠧᠺᠲᠷᠣᠨ ᠦᠨᠡᠮᠯᠡᠯ ᠭᠤᠶᠤᠴᠢᠯᠠᠨ ᠠᠪᠬᠤ ᠪᠠ | ᠬᠡᠷᠡᠭᠯᠡᠬᠦ ᠭᠠᠷ ᠠᠪᠤᠯᠭ᠎ᠠ︾ ᠳᠤ ᠦᠵᠡᠭᠡᠷᠡᠢ ︵ᠳᠠᠭᠠᠯᠳᠤᠭᠤᠯᠤᠯ ᠳᠤ ᠦᠵᠡ︶᠃ ᠳᠠᠩᠰᠠᠯᠠᠭᠤᠯᠤᠭᠰᠠᠨ ᠡᠯᠧᠺᠲᠷᠣᠨ ᠦᠨᠡᠮᠯᠡᠯ ᠢ ᠡᠬᠢᠯᠡᠵᠦ ᠬᠡᠷᠡᠭᠯᠡᠭᠰᠡᠨ ᠤ ᠳᠠᠷᠠᠭ᠎ᠠ | ᠂ ᠲᠣᠰ ᠲᠥᠷᠥᠯ ᠤᠨ ᠳᠠᠩᠰᠠᠯᠠᠭᠤᠯᠤᠭᠰᠠᠨ ᠦᠨᠡᠮᠯᠡᠯ ᠭᠡᠭᠡᠭᠰᠡᠨ ᠢ ᠨᠥᠬᠦᠵᠦ ᠭᠦᠢᠴᠡᠳᠬᠡᠬᠦ ᠲᠤᠬᠠᠶᠢᠯᠠᠭᠰᠠᠨ ᠠᠵᠢᠯ ᠢ ᠳᠠᠭᠢᠵᠤ ᠭᠥᠯᠢᠶᠡᠨ ᠠᠪᠴᠤ ᠰᠢᠢᠳᠪᠦᠷᠢᠯᠡᠬᠦ | ᠦᠭᠡᠢ᠃ | Q3᠄ ᠳᠠᠩᠰᠠᠯᠠᠭᠤᠯᠤᠭᠰᠠᠨ ᠡᠯᠧᠺᠲᠷᠣᠨ ᠦᠨᠡᠮᠯᠡᠯ ᠢ ᠡᠬᠢᠯᠡᠵᠦ ᠬᠡᠷᠡᠭᠯᠡᠭᠰᠡᠨ ᠤ ᠳᠠᠷᠠᠭ᠎ᠠ᠂ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠬᠦ | ᠠᠷᠭ᠎ᠠ ᠮᠠᠶ᠋ᠢᠭ ᠨᠢ ᠶᠠᠮᠠᠷ ᠬᠤᠪᠢᠷᠠᠯᠲᠠ ᠲᠠᠢ ᠪᠣᠶ︖ | ᠬᠠᠷᠢᠭᠤᠯᠲᠠ᠄ | ︵ᠨᠢᠭᠡ︶ ᠳᠠᠩᠰᠠᠯᠠᠭᠤᠯᠤᠭᠰᠠᠨ ᠬᠢᠨᠠᠨ ᠬᠠᠮᠢᠶᠠᠷᠤᠯᠳᠠ ᠶᠢᠨ ᠢᠨᠵᠧᠨᠧᠷ | 1. 2025 ᠣᠨ ᠤ 1 ᠳ᠋ᠤᠭᠡᠷ ᠰᠠᠷ᠎ᠠ ᠶᠢᠨ 20 ᠤ ᠡᠳᠦᠷ ᠠᠴᠠ ᠬᠤᠶᠢᠰᠢ ᠭᠤᠶᠤᠴᠢᠯᠠᠵᠦ ᠪᠠᠳᠤᠯᠠᠭᠳᠠᠭᠰᠨ ᠦᠨᠡᠮᠯᠡᠯ ᠳᠤ ᠴᠠᠭᠠᠰᠤᠨ ᠦᠨᠡᠮᠯᠡᠯ ᠤᠯᠭᠤᠬᠤ | ᠦᠭᠡᠢ᠂ ᠬᠤᠪᠢᠷᠠᠭᠤᠯᠬᠤ᠂ ᠦᠷᠭᠦᠯᠵᠢᠯᠡᠭᠦᠯᠬᠦ ᠵᠢᠴᠢ ᠨᠡᠷ᠎ᠡ ᠬᠠᠯᠠᠬᠤ ᠶᠢ ᠬᠦᠯᠢᠶᠠᠨ ᠠᠪᠴᠦ ᠰᠢᠢᠳᠪᠦᠷᠢᠯᠡᠬᠦ ᠦᠭᠡᠢ︔ | 2. 2025 ᠣᠨ ᠤ 1 ᠳ᠋ᠤᠭᠡᠷ ᠰᠠᠷ᠎ᠠ ᠶᠢᠨ 20 ᠤ ᠡᠳᠦᠷ ᠠᠴᠠ ᠡᠮᠦᠨ᠎ᠡ ᠭᠤᠶᠤᠴᠢᠯᠠᠵᠦ ᠪᠠᠳᠤᠯᠠᠭᠳᠠᠭᠰᠨ ᠦᠨᠡᠮᠯᠡᠯ ᠳᠤ ᠮᠥᠨ ᠬᠦ ᠴᠠᠭᠠᠰᠤᠨ ᠦᠨᠡᠮᠯᠡᠯ | ᠤᠯᠭᠤᠵᠤ᠂ ᠬᠤᠪᠢᠷᠠᠭᠤᠯᠬᠤ᠂ ᠦᠷᠭᠦᠯᠵᠢᠯᠡᠭᠦᠯᠬᠦ ᠵᠢᠴᠢ ᠨᠡᠷ᠎ᠡ ᠬᠠᠯᠠᠬᠤ ᠲᠤᠬᠠᠶᠢᠯᠠᠭᠰᠠᠨ ᠠᠵᠢᠯ ᠭᠦᠢᠴᠡᠳᠭᠡᠵᠦ ᠪᠤᠯᠤᠨ᠎ᠠ᠂ ᠨᠠᠷᠢᠨ ᠪᠠᠶᠢᠳᠠᠯ ᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠰᠦᠯᠵᠢᠶ᠎ᠡ — | ᠲᠤᠰᠬᠠᠢ ᠰᠡᠳᠦᠪᠲᠦ ᠲᠤᠰᠬᠠᠢ ᠪᠤᠯᠤᠩ — ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠬᠡᠮ ᠤᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠯ ᠬᠢᠭᠡᠳ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠯ ᠤᠨ ᠳᠦᠷᠢᠮ ᠤᠨ ᠥᠭᠡᠷᠡᠴᠢᠯᠡᠯᠲᠡ — | ᠠᠵᠢᠯᠲᠠᠨ ᠤ ᠬᠢᠷᠢ ᠬᠡᠮ ᠤᠨ ᠦᠨᠡᠮᠯᠡᠯ ᠢ ᠠᠪᠴᠤ ᠬᠡᠷᠡᠭᠯᠡᠬᠦ ᠮᠡᠳᠡᠭᠳᠡᠯ ᠢ ᠪᠠᠶᠢᠴᠠᠭᠠᠨ ᠦᠵᠡᠭᠡᠷᠡᠢ︔ | 3. ᠠᠩᠬᠠᠨ ᠤ ᠳᠠᠩᠰᠠᠯᠠᠯᠲᠠ ᠵᠢᠴᠢ ᠨᠥᠬᠦᠨ ᠭᠦᠢᠴᠡᠳᠭᠡᠬᠦ ᠦᠨᠡᠮᠯᠡᠯ ᠢᠶᠠᠨ ᠭᠡᠭᠡᠭᠰᠡᠨ ᠬᠤᠪᠢ ᠬᠥᠮᠥᠨ ᠤ ᠬᠡᠷᠡᠯ ᠵᠢᠷᠤᠭ ᠢ ᠳᠠᠭᠢᠵᠤ ᠭᠥᠯᠢᠶᠡᠨ ᠠᠪᠬᠤ | ᠦᠭᠡᠢ᠃ | ︵ᠬᠤᠶᠠᠷ︶ ᠳᠠᠩᠰᠠᠯᠠᠭᠤᠯᠤᠭᠰᠠᠨ ᠨᠢᠭᠡᠳᠦᠭᠡᠷ ᠳᠡᠰ ᠤᠨ ᠪᠦᠲᠦᠴᠡ ᠶᠢᠨ ᠢᠨᠵᠧᠨᠧᠷ᠂ ᠳᠠᠩᠰᠠᠯᠠᠭᠤᠯᠤᠭᠰᠠᠨ ᠴᠠᠬᠢᠯᠭᠠᠨ ᠤ ᠢᠨᠵᠧᠨᠧᠷ ︵ᠴᠠᠬᠢᠯᠭᠠᠨ ᠬᠦᠷᠭᠡᠬᠦ | ᠬᠦᠴᠦᠳᠡᠯ ᠥᠭᠡᠷᠡᠴᠢᠯᠡᠬᠦ᠂ ᠴᠠᠬᠢᠯᠭᠠᠨ ᠬᠠᠩᠭᠠᠬᠤ ᠲᠣᠬᠢᠷᠠᠭᠤᠯᠬᠤ︶᠂ ᠳᠠᠩᠰᠠᠯᠠᠭᠤᠯᠤᠭᠰᠠᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢᠨ ᠢᠨᠵᠧᠨᠧᠷ ︵ | ᠳᠤᠯᠠᠭᠠᠨ ᠨᠡᠪᠲᠡᠷᠡᠬᠦ ᠠᠭᠠᠷ ᠲᠣᠬᠢᠷᠠᠭᠤᠯᠤᠭᠴᠢ᠂ ᠤᠰᠤ ᠬᠠᠩᠭᠠᠬᠤ ᠤᠰᠤ ᠭᠠᠳᠠᠭᠰᠢᠯᠠᠭᠤᠯᠬᠤ᠂ ᠬᠥᠳᠡᠯᠭᠡᠬᠦ ᠬᠦᠴᠦᠨ︶᠂ ᠳᠠᠩᠰᠠᠯᠠᠭᠤᠯᠤᠭᠰᠠᠨ ᠬᠢᠮᠢ ᠶᠢᠨ ᠠᠵᠤ | ᠦᠢᠯᠡᠳᠪᠦᠷᠢ ᠶᠢᠨ ᠢᠨᠵᠧᠨᠧᠷ᠂ ᠳᠠᠩᠰᠠᠯᠠᠭᠤᠯᠤᠭᠰᠠᠨ ᠰᠢᠷᠣᠢ ᠮᠣᠳᠣᠨ ᠤ ᠢᠨᠵᠧᠨᠧᠷ ︵ᠴᠢᠯᠠᠭᠤᠯᠢᠭ ᠰᠢᠷᠣᠢ︶ | 1. 2025 ᠣᠨ ᠤ 1 ᠳ᠋ᠤᠭᠡᠷ ᠰᠠᠷ᠎ᠠ ᠶᠢᠨ 20 ᠤ ᠡᠳᠦᠷ ᠠᠴᠠ ᠬᠤᠶᠢᠰᠢ ᠭᠤᠶᠤᠴᠢᠯᠠᠵᠦ ᠪᠠᠳᠤᠯᠠᠭᠳᠠᠭᠰᠨ ᠦᠨᠡᠮᠯᠡᠯ ᠳᠤ ᠴᠠᠭᠠᠰᠤᠨ ᠦᠨᠡᠮᠯᠡᠯ ᠢ ᠲᠠᠬᠢᠵᠦ | ᠣᠯᠭᠤᠬᠤ ᠦᠭᠡᠢ︔ | 2. 2025 ᠣᠨ ᠤ 1 ᠳ᠋ᠤᠭᠡᠷ ᠰᠠᠷ᠎ᠠ ᠶᠢᠨ 20 ᠤ ᠡᠳᠦᠷ ᠠᠴᠠ ᠡᠮᠦᠨ᠎ᠡ ᠭᠤᠶᠤᠴᠢᠯᠠᠵᠦ ᠪᠠᠳᠤᠯᠠᠭᠳᠠᠭᠰᠨ ᠦᠨᠡᠮᠯᠡᠯ ᠳᠤ ᠮᠥᠨ ᠴᠠᠭᠠᠰᠤᠨ ᠦᠨᠡᠮᠯᠡᠯ | ᠣᠯᠭᠤᠨ᠎ᠠ᠂ ᠨᠠᠷᠢᠨ ᠪᠠᠶᠢᠳᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠤᠨ ᠰᠦᠯᠵᠢᠶ᠎ᠡ — ᠲᠤᠰᠬᠠᠢ ᠰᠡᠳᠦᠪᠲᠦ ᠲᠤᠰᠬᠠᠢ ᠪᠤᠯᠤᠩ — ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ | ᠠᠬᠤᠶᠢᠯᠠᠯ ᠤᠨ ᠬᠢᠷᠢ ᠬᠡᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠬᠢᠭᠡᠳ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ | ᠵᠥᠪᠰᠢᠶᠡᠷᠡᠯ ᠤᠨ ᠳᠦᠷᠢᠮ ᠤᠨ ᠥᠭᠡᠷᠡᠴᠢᠯᠡᠯᠲᠡ — ᠠᠵᠢᠯᠲᠠᠨ ᠤ ᠬᠢᠷᠢ ᠬᠡᠮ ᠤᠨ ᠦᠨᠡᠮᠯᠡᠯ ᠢ ᠠᠪᠴᠤ ᠬᠡᠷᠡᠭᠯᠡᠬᠦ ᠮᠡᠳᠡᠭᠳᠡᠯ ᠢ ᠪᠠᠶᠢᠴᠠᠭᠠᠨ ᠦᠵᠡᠭᠡᠷᠡᠢ᠃ | ︵ᠭᠤᠷᠪᠠ︶ ᠳᠠᠩᠰᠠᠯᠠᠭᠤᠯᠤᠭᠰᠠᠨ ᠨᠢᠭᠡᠳᠦᠭᠡᠷ ᠳᠡᠰ ᠤᠨ ᠪᠠᠶᠢᠭᠤᠯᠬᠤ ᠦᠨ᠎ᠡ ᠶᠢᠨ ᠢᠨᠵᠧᠨᠧᠷ ︵ᠰᠢᠷᠣᠢ ᠮᠣᠳᠣᠨ ᠤ ᠪᠠᠷᠢᠯᠭ᠎ᠠ ᠶᠢᠨ ᠢᠨᠵᠧᠨᠧᠷᠢᠩ᠂ | ᠤᠭᠰᠠᠷᠠᠯᠭᠠ ᠶᠢᠨ ᠢᠨᠵᠧᠨᠧᠷᠢᠩ︶ | 1. 2025 ᠣᠨ ᠤ 1 ᠳ᠋ᠤᠭᠡᠷ ᠰᠠᠷ᠎ᠠ ᠶᠢᠨ 20 ᠤ ᠡᠳᠦᠷ ᠠᠴᠠ ᠬᠤᠶᠢᠰᠢ ᠭᠤᠶᠤᠴᠢᠯᠠᠵᠦ ᠪᠠᠳᠤᠯᠠᠭᠳᠠᠭᠰᠨ ᠦᠨᠡᠮᠯᠡᠯ ᠳᠤ ᠴᠠᠭᠠᠰᠤᠨ ᠦᠨᠡᠮᠯᠡᠯ ᠢ ᠲᠠᠬᠢᠵᠦ | ᠣᠯᠭᠤᠬᠤ ᠦᠭᠡᠢ︔ | 2. 2025 ᠣᠨ ᠤ 1 ᠳ᠋ᠤᠭᠡᠷ ᠰᠠᠷ᠎ᠠ ᠶᠢᠨ 20 ᠤ ᠡᠳᠦᠷ ᠠᠴᠠ ᠡᠮᠦᠨ᠎ᠡ ᠭᠤᠶᠤᠴᠢᠯᠠᠵᠦ ᠪᠠᠳᠤᠯᠠᠭᠳᠠᠭᠰᠨ ᠦᠨᠡᠮᠯᠡᠯ ᠳᠤ ᠮᠥᠨ ᠴᠠᠭᠠᠰᠤᠨ ᠦᠨᠡᠮᠯᠡᠯ | ᠣᠯᠭᠤᠨ᠎ᠠ᠂ ᠨᠠᠷᠢᠨ ᠪᠠᠶᠢᠳᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠤᠨ ᠰᠦᠯᠵᠢᠶ᠎ᠡ — ᠲᠤᠰᠬᠠᠢ ᠰᠡᠳᠦᠪᠲᠦ ᠲᠤᠰᠬᠠᠢ ᠪᠤᠯᠤᠩ — ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ | ᠠᠬᠤᠶᠢᠯᠠᠯ ᠤᠨ ᠬᠢᠷᠢ ᠬᠡᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠬᠢᠭᠡᠳ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ | ᠵᠥᠪᠰᠢᠶᠡᠷᠡᠯ ᠤᠨ ᠳᠦᠷᠢᠮ ᠤᠨ ᠥᠭᠡᠷᠡᠴᠢᠯᠡᠯᠲᠡ — ᠠᠵᠢᠯᠲᠠᠨ ᠤ ᠬᠢᠷᠢ ᠬᠡᠮ ᠤᠨ ᠦᠨᠡᠮᠯᠡᠯ ᠢ ᠠᠪᠴᠤ ᠬᠡᠷᠡᠭᠯᠡᠬᠦ ᠮᠡᠳᠡᠭᠳᠡᠯ ᠢ ᠪᠠᠶᠢᠴᠠᠭᠠᠨ ᠦᠵᠡᠭᠡᠷᠡᠢ︔ | 3. ᠲᠠᠩᠰᠠᠯᠠᠯᠳᠠ ᠶᠢ ᠬᠤᠪᠢᠷᠠᠭᠤᠯᠬᠤ ︽ᠲᠠᠮᠠᠭ᠎ᠠ ᠲᠠᠷᠤᠬᠤ︾ ᠲᠤᠬᠠᠶᠢᠯᠠᠭᠰᠠᠨ ᠠᠵᠢᠯ ᠢ ᠲᠡᠬᠢᠵᠦ ᠭᠦᠢᠴᠡᠳᠬᠡᠬᠦ ᠦᠭᠡᠢ᠃ | | ᠬᠡᠷᠪᠡ ᠰᠢᠢᠳᠪᠦᠷᠢᠯᠡᠬᠦ ᠶᠠᠪᠤᠴᠠ ᠳᠤ ᠪᠠᠰᠠ ᠬᠦᠴᠢᠷᠳᠡᠯ ᠲᠠᠢ ᠪᠣᠯ᠂ ᠲᠠ ᠲᠤᠤᠷᠠᠬᠢ ᠤᠲᠠᠰᠤ ᠪᠠᠷ ᠠᠰᠠᠭᠤᠨ ᠯᠠᠪᠯᠠᠵᠦ ᠪᠣᠯᠣᠨ᠎ᠠ᠄ | 0471 - 6944058 / 0471 - 6944062 ︵ᠲᠦᠷᠦ ᠶᠢᠨ ᠪᠣᠳᠣᠯᠭ᠎ᠠ ᠶᠢᠨ ᠯᠠᠪᠯᠠᠯᠭ᠎ᠠ︶ | 0471 - 5332423 ︵ᠦᠨᠡᠮᠯᠡᠯ ᠠᠪᠬᠤ ᠶᠢ ᠣᠷᠣᠯᠠᠨ ᠭᠦᠢᠴᠡᠳᠬᠡᠬᠦ᠂ ᠮᠠᠲ᠋ᠧᠷᠢᠶᠠᠯ ᠪᠠᠶᠢᠴᠠᠭᠠᠨ ᠯᠠᠪᠯᠠᠬᠤ ᠰᠢᠤᠳᠠᠨ ᠢᠶᠠᠷ ᠢᠯᠡᠭᠡᠬᠦ︶ | 010 - 58934542 / 010 - 58934446 ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ | ᠮᠡᠷᠭᠡᠵᠢᠯ ᠤᠨ ᠳᠡᠮᠵᠢᠯᠭᠡ ᠶᠢᠨ ᠤᠲᠠᠰᠤ︶ | |