ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ᠄ | ᠡᠳᠦᠭᠡ ︽ᠪᠥᠬᠦ ᠤᠯᠤᠰ ᠤᠨ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ | ᠲᠥᠷᠥᠯ ᠵᠦᠢᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠶᠠᠮᠤᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠵᠤᠷᠭᠠᠨ ᠤ ᠮᠡᠳᠡᠭᠳᠡᠯ ﹇2022 ﹈ 14 ᠳ᠋ᠦ᠋ᠭᠡᠷ ᠲᠣᠭᠠᠲᠤ︶ ᠢ ᠲᠠ ᠨᠠᠷ ᠲᠤ | ᠳᠠᠮᠵᠢᠭᠤᠯᠬᠤ ᠶᠢᠨ ᠬᠠᠮᠲᠤ ᠳᠣᠤᠷᠠᠬᠢ ᠱᠠᠭᠠᠷᠳᠠᠯᠭ᠎ᠠ ᠶᠢ ᠳᠤᠷᠠᠳᠪᠠ᠂ ᠬᠠᠮᠲᠤ ᠳᠤ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | ᠨᠢᠭᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠤ ᠠᠵᠢᠯ ᠤᠨ | ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠠᠮᠢᠶ᠎ᠠ ᠪᠥᠬᠦᠶ ᠢᠨᠵᠧᠨᠧᠷᠢᠩ ᠤᠨ ᠲᠥᠷᠥᠯ ᠵᠦᠢᠯ ᠤᠨ ᠮᠡᠳᠡᠭᠡ ᠵᠠᠩᠭᠢ ᠵᠢᠴᠢ ᠲᠥᠷᠥᠯ ᠵᠦᠢᠯ ᠤᠨ ᠬᠠᠮᠢᠶ᠎ᠠ ᠪᠥᠬᠦᠶ | ᠭᠤᠭᠴᠣᠭᠠᠨ ᠤ ᠮᠡᠳᠡᠭᠡ ᠵᠠᠩᠭᠢ ᠶᠢ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠨᠲᠤ ᠪᠠᠷᠢᠯᠭ᠎ᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ | ᠮᠡᠳᠡᠭᠡ ᠵᠠᠩᠭᠢ ᠶᠢᠨ ᠰᠢᠰᠲ᠋ᠧᠮ ᠳᠤ ᠨᠦᠬᠦᠨ ᠣᠷᠣᠭᠤᠯᠬᠤ ᠶᠢᠨ ᠳᠠᠭᠤᠰᠬᠤ ᠴᠠᠭ ᠨᠢ 2025 ᠣᠨ ᠤ 6 ᠳ᠋ᠤᠭᠠᠷ ᠰᠠᠷ᠎ᠠ ᠶᠢᠨ 22 ᠤᠨ ᠡᠳᠦᠷ ︵ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠨᠲᠤ ᠪᠠᠷᠢᠯᠭ᠎ᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠰᠢᠰᠲ᠋ᠧᠮ ᠳᠤ 7 ᠡᠳᠦᠷ ᠤᠨ | ᠢᠯᠡ ᠨᠡᠶᠢᠲᠡᠯᠡᠬᠦ ᠬᠤᠭᠤᠴᠠᠭ᠎ᠠ ᠲᠠᠢ ︶ ᠪᠣᠯᠤᠨ᠎ᠠ᠃ | ᠬᠤᠶᠠᠷ᠂ ᠵᠠᠰᠠᠮᠠᠯ ᠵᠠᠮ᠂ ᠤᠰᠤᠨ ᠲᠡᠭᠡᠭᠡᠪᠦᠷᠢ᠂ ᠤᠰᠤᠨ ᠠᠰᠢᠭᠯᠠᠯᠲᠠ ᠂ ᠴᠢᠮᠡᠭᠡ ᠬᠤᠯᠪᠣᠭ᠎ᠠ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ | ᠢᠨᠵᠧᠨᠧᠷᠢᠩ ᠠᠴᠠ ᠪᠤᠰᠤᠳ ᠲᠤᠰᠬᠠᠢ ᠮᠡᠷᠭᠡᠵᠢᠯ ᠤᠨ ᠢᠨᠵᠧᠨᠧᠷᠢᠩ ᠢ᠂ ᠠᠵᠤ ᠠᠬᠤᠶᠢᠯᠠᠯ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠣᠶᠤᠨᠲᠤ ᠪᠠᠷᠢᠯᠭ᠎ᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠰᠢᠰᠲ᠋ᠧᠮ ᠳᠠᠬᠢ ︽ ᠢᠨᠵᠧᠨᠧᠷᠢᠩ ᠤᠨ ᠲᠥᠷᠥᠯ ᠵᠦᠢᠯ ᠤᠨ ᠬᠠᠮᠢᠶᠠᠷᠤᠯᠲᠠ︾ | ᠳᠣᠲᠣᠷᠠᠬᠢ ︽ᠲᠡᠦᠬᠡᠨ ᠲᠥᠷᠥᠯ ᠵᠦᠢᠯ ᠢ ᠨᠥᠬᠦᠵᠦ ᠣᠷᠣᠭᠤᠯᠬᠤ ︾ ᠬᠡᠰᠡᠭ ᠲᠤ ᠲᠠᠭᠯᠠᠨ ᠮᠡᠳᠡᠭᠦᠯᠵᠦ ᠲᠤᠰᠢᠶᠠᠭᠰᠠᠨ ᠤ ᠳᠠᠷᠠᠭ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠱᠠᠭᠠᠷᠳᠠᠯᠭ᠎ᠠ ᠶᠣᠰᠣᠭᠠᠷ ᠲᠤᠬᠠᠢ ᠶᠢᠨ ᠭᠠᠵᠠᠷ ᠲᠤ ᠨᠢ ᠬᠠᠷᠭᠤᠭᠤᠯᠤᠨ | ᠪᠠᠶᠢᠴᠠᠭᠠᠬᠤ ᠶᠢᠨ ᠬᠠᠮᠲᠤ᠂ ᠬᠠᠮᠢᠶ᠎ᠠ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠷᠢᠯᠴᠠᠵᠤ ᠪᠠᠶᠢᠭᠠᠳ ᠬᠠᠮᠵᠢᠯᠴᠠᠨ ᠬᠠᠷᠭᠤᠭᠤᠯᠤᠨ ᠪᠠᠶᠢᠴᠠᠭᠠᠵᠤ᠂ | ᠣᠷᠣᠭᠤᠯᠤᠭᠰᠠᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠪᠠ ᠵᠢᠷᠤᠮᠵᠢᠯᠳᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ᠃ | ᠭᠤᠷᠪᠠ᠂ ᠠᠵᠢᠯ ᠤᠨ ᠠᠮᠵᠢᠯᠲᠠ ᠪᠦᠲᠦᠮᠵᠢ ᠶᠢᠨ ᠮᠡᠳᠡᠭᠡ ᠵᠠᠩᠭᠢ ᠶᠢᠨ ᠲᠠᠰᠢᠶ᠎ᠠ ᠶᠢ ᠵᠠᠯᠠᠷᠠᠭᠤᠯᠬᠤ ᠦᠶ᠎ᠡ ᠳᠤ᠂ ᠠᠵᠤ ᠠᠬᠤᠶᠢᠯᠠᠯ ᠠᠴᠠ ᠲᠤᠰ ᠲᠥᠷᠥᠯ | ᠵᠦᠢᠯ ᠳᠤ ᠬᠢᠨᠠᠯᠲᠠ ᠲᠠᠯᠪᠢᠬᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ᠂ | ᠲᠤᠰ ᠲᠥᠷᠥᠯ ᠵᠦᠢᠯ ᠳᠤ ᠬᠢᠨᠠᠯᠲᠠ ᠲᠠᠯᠪᠢᠬᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠠᠵᠤ | ᠠᠬᠤᠶᠢᠯᠠᠯ ᠤᠨ ᠭᠤᠶᠤᠴᠢᠯᠠᠯ ᠢ ᠣᠯᠣᠭᠰᠠᠨ ᠤ ᠳᠠᠷᠠᠭ᠎ᠠ ᠲᠤᠬᠠᠢ ᠶᠢᠨ ᠭᠠᠵᠠᠷ ᠲᠤ ᠨᠢ ᠬᠠᠷᠭᠤᠭᠤᠯᠤᠨ ᠪᠠᠶᠢᠴᠠᠭᠠᠵᠤ᠂ ᠦᠨᠡᠨ ᠪᠠᠶᠢᠳᠠᠯ ᠢ ᠬᠠᠷᠭᠤᠭᠤᠯᠤᠨ | ᠪᠠᠶᠢᠴᠠᠭᠠᠭᠰᠠᠨ ᠤ ᠳᠠᠷᠠᠭ᠎ᠠ ᠠᠵᠤ ᠠᠬᠤᠶᠢᠯᠠᠯ ᠤᠨ ᠭᠤᠶᠤᠴᠢᠯᠠᠯ ᠪᠠ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢ ᠱᠠᠲᠤ ᠳᠠᠷᠠᠭᠠᠯᠠᠨ ᠮᠠᠨ ᠤ ᠲᠢᠩᠬᠢᠮ ᠳᠤ ᠮᠡᠳᠡᠭᠦᠯᠦᠨ | ᠬᠦᠷᠭᠡᠬᠦ ᠬᠡᠷᠡᠭᠲᠡᠢ᠂ ᠮᠠᠨ ᠤ ᠲᠢᠩᠬᠢᠮ ᠨᠢ ᠬᠠᠮᠢᠶ᠎ᠠ ᠪᠦᠬᠦᠢ ᠮᠠᠲ᠋ᠧᠷᠢᠶᠠᠯ ᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠶᠠᠮᠤᠨ ᠳᠤ ᠮᠡᠳᠡᠭᠦᠯᠬᠦ ᠪᠣᠯᠣᠨ᠎ᠠ᠃ | | | | | ᠬᠠᠷᠢᠯᠴᠠᠬᠤ ᠬᠥᠮᠥᠨ ᠄ ᠵᠠᠩ ᠱᠤᠸᠠᠢ | ᠬᠠᠷᠢᠯᠴᠠᠬᠤ ᠤᠲᠠᠰᠤ᠄ 0471-6946762 | ᠮᠡᠷᠭᠡᠵᠢᠯ ᠤᠨ ᠳᠡᠮᠵᠢᠯᠭᠡ ᠦᠵᠡᠭᠦᠯᠬᠦ ᠤᠲᠠᠰᠤ᠄ 0471-3953876 | | 2025 ᠣᠨ ᠤ 1 ᠳ᠋ᠦ᠋ᠭᠡᠷ ᠰᠠᠷ᠎ᠠ ᠶᠢᠨ 24 ᠤ ᠡᠳᠦᠷ | | ᠳᠠᠭᠠᠯᠳᠤᠭᠤᠯᠤᠯ ᠮᠠᠲ᠋ᠧᠷᠢᠶᠠᠯ ᠢ ᠪᠠᠭᠤᠯᠭᠠᠬᠤ᠄ ᠪᠦᠬᠦ ᠤᠯᠤᠰ ᠤᠨ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠲᠠᠪᠴᠠᠩ ᠤᠨ ᠲᠥᠷᠥᠯ ᠵᠦᠢᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠣᠷᠣᠨ | ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ.pdf | | | | | | | |