4 ᠳ᠋ᠤᠭᠡᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ ᠠᠴᠠ ᠪᠥᠬᠦ ᠣᠷᠣᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ ᠮᠠᠲ᠋ᠧᠷᠢᠶᠠᠯ ᠤᠨ | ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠴᠡᠭᠴᠡᠯᠡᠨ ᠵᠠᠰᠠᠬᠤ ᠠᠵᠢᠯ ᠢ ᠪᠠᠶᠢᠷᠢᠯᠠᠭᠤᠯᠤᠨ ᠲᠦᠯᠬᠢᠨ ᠠᠬᠢᠭᠤᠯᠬᠤ ᠸᠢᠳᠢᠤ᠋ ᠬᠤᠷᠠᠯ ᠢ ᠵᠤᠬᠢᠶᠠᠨ | ᠪᠠᠶᠢᠭᠤᠯᠤᠨ ᠬᠤᠷᠠᠯᠳᠤᠭᠤᠯᠪᠠ᠂ ᠬᠤᠷᠠᠯ ᠠᠴᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠣᠷᠣᠨ ᠰᠠᠭᠤᠴᠠ ᠶᠢᠨ | ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ ᠮᠠᠲ᠋ᠧᠷᠢᠶᠠᠯ ᠤᠨ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ | ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠥᠬᠦ ᠣᠷᠣᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ ᠮᠠᠲ᠋ᠧᠷᠢᠶᠠᠯ ᠤᠨ ᠠᠮᠤᠷ ᠲᠦᠪᠰᠢᠨ ᠤ ᠬᠡᠮ ᠰᠣᠭᠤᠭ ᠢ | ᠪᠥᠬᠦ ᠲᠠᠯ᠎ᠠ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢ ᠲᠦᠯᠬᠢᠨ ᠠᠬᠢᠭᠤᠯᠬᠤ ᠠᠵᠢᠯ ᠢ ᠪᠠᠶᠢᠷᠢᠯᠠᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠯᠢᠦ ᠵᠢᠶᠠᠨ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | | | | | | ᠬᠤᠷᠠᠯ ᠠᠴᠠ᠂ ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ ᠮᠠᠲ᠋ᠧᠷᠢᠶᠠᠯ ᠤᠨ ᠠᠮᠤᠷ ᠲᠦᠪᠰᠢᠨ ᠤ ᠬᠡᠮ ᠰᠣᠭᠤᠭ ᠢ ᠪᠦᠬᠦ ᠲᠠᠯ᠎ᠠ ᠪᠠᠷ ᠴᠡᠭᠴᠡᠯᠡᠨ ᠵᠠᠰᠠᠬᠤ | ᠠᠵᠢᠯ ᠢ ᠥᠷᠨᠢᠭᠦᠯᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠶᠢᠨ ᠪᠣᠳᠠᠲᠠᠢ ᠢᠯᠡᠷᠡᠯ | ᠪᠣᠯᠣᠨ᠎ᠠ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠲᠤᠰᠬᠠᠢ ᠴᠡᠭᠴᠡᠯᠡᠨ ᠵᠠᠰᠠᠬᠤ | ᠠᠵᠢᠯᠯᠠᠭ᠎ᠠ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠤᠶᠢᠯ ᠤᠨ ᠨᠠᠷᠢᠨ ᠬᠢᠨᠠᠮᠠᠭᠠᠢ ᠬᠠᠷᠢᠭᠤᠴᠠᠬᠤ ᠣᠪᠣᠷ ᠢᠶᠠᠷ᠂ ᠡᠯ᠎ᠡ ᠵᠦᠢᠯ ᠤᠨ | ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠷᠠᠳ ᠤᠨ ᠠᠮᠤᠷ ᠲᠦᠪᠰᠢᠨ ᠢ ᠬᠠᠮᠠᠭᠠᠯᠠᠬᠤ᠂ ᠬᠥᠭᠵᠢᠯᠲᠡ ᠶᠢ | ᠬᠠᠮᠠᠭᠠᠯᠠᠬᠤ ᠪᠣᠳᠠᠲᠤ ᠠᠵᠢᠯᠯᠠᠭ᠎ᠠ ᠪᠣᠯᠣᠨ ᠪᠣᠳᠠᠲᠤ ᠦᠷ᠎ᠡ ᠪᠦᠲᠦᠮᠵᠢ ᠪᠠᠷ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ | ᠠᠷᠢᠯᠭᠠᠬᠤ ᠬᠡᠷᠡᠭᠲᠡᠢ ᠭᠡᠵᠦ ᠵᠢᠭᠠᠨ ᠭᠠᠷᠭᠠᠪᠠ᠃ | ᠬᠤᠷᠠᠯ ᠠᠴᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠡᠷ ᠪᠠᠶᠢᠰᠢᠩ ᠬᠤᠳᠠ ᠶᠢᠨ ᠶᠠᠪᠤᠳᠠᠯ ᠤᠨ ᠢᠨᠵᠧᠨᠧᠷᠢᠩ ᠤᠨ ᠵᠢᠷᠤᠭ | ᠲᠥᠯᠥᠪᠯᠡᠭᠡ᠂ ᠪᠠᠷᠢᠯᠭ᠎ᠠ ᠪᠠᠷᠢᠬᠤ᠂ ᠰᠢᠯᠭᠠᠨ ᠠᠪᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠷᠢᠯᠭ᠎ᠠ ᠶᠢᠨ ᠲᠤᠬᠠᠢ ᠶᠢᠨ | ᠭᠠᠵᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ ᠴᠢᠩᠳᠠᠯᠠᠬᠤ | ᠬᠡᠷᠡᠭᠲᠡᠢ᠃ ᠪᠠᠷᠢᠯᠭ᠎ᠠ ᠶᠢᠨ ᠠᠵᠢᠯᠯᠠᠭᠠᠨ ᠤ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠂ ᠳᠠᠯᠳᠠ | ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠬᠦᠴᠦᠲᠡᠢ ᠪᠥᠭᠡᠳ ᠡᠮᠬᠢ ᠵᠢᠷᠤᠮ ᠲᠠᠢ ᠥᠷᠨᠢᠭᠦᠯᠵᠦ᠂ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ ᠮᠠᠲ᠋ᠧᠷᠢᠶᠠᠯ ᠤᠨ ᠠᠮᠤᠷ ᠲᠦᠪᠰᠢᠨ ᠤ ᠠᠰᠠᠭᠤᠳᠠᠯ ᠢ ᠡᠷᠡᠰ ᠵᠠᠰᠠᠬᠤ ᠬᠡᠷᠡᠭᠲᠡᠢ᠃ ᠵᠣᠬᠢᠶᠠᠨ | ᠪᠠᠶᠢᠭᠤᠯᠵᠤ ᠤᠳᠤᠷᠢᠳᠬᠤ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠤᠷᠢᠳᠴᠢᠯᠠᠨ ᠵᠢᠯᠣᠭᠤᠳᠤᠨ ᠲᠣᠬᠢᠷᠠᠭᠤᠯᠵᠤ᠂ ᠬᠥᠳᠡᠯᠦᠩᠭᠦᠢ ᠪᠠᠷ | ᠮᠥᠷᠳᠡᠨ ᠦᠷ᠎ᠡ ᠪᠦᠲᠦᠮᠵᠢ ᠶᠢ ᠠᠰᠠᠭᠤᠵᠤ᠂ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠷᠠᠭᠤᠯᠤᠨ᠂ ᠡᠯ᠎ᠡ ᠵᠦᠢᠯ ᠤᠨ ᠴᠡᠭᠴᠡᠯᠡᠨ ᠵᠠᠰᠠᠬᠤ ᠡᠭᠦᠷᠭᠡ ᠶᠢᠨ | ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠦᠬᠦᠢ ᠭᠠᠵᠠᠷ ᠭᠡᠷ | ᠨᠢᠭᠡᠴᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠠᠶᠢᠮᠠᠭ ᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠬᠤᠪᠢᠶᠠᠷᠢ ᠬᠤᠷᠠᠯ ᠤᠨ | ᠲᠠᠯᠠᠪᠠᠶ ᠳᠤ ᠬᠤᠷᠠᠯ ᠳᠤ ᠣᠷᠣᠯᠴᠠᠪᠠ᠃ | |