4 ᠳ᠋ᠤᠭᠡᠷ ᠰᠠᠷ᠎ᠠ ᠶᠢᠨ 14 ᠤ ᠡᠳᠦᠷ ᠠᠴᠠ 16 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ ᠬᠥᠬᠡᠬᠤᠲᠠ ᠳᠤ ᠪᠥᠬᠦ ᠣᠷᠣᠨ ᠤ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠵᠢᠴᠢ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠤᠯᠪᠠᠰᠤᠷᠠᠯ ᠤᠨ ᠬᠤᠷᠠᠯ ᠢ ᠡᠷᠭᠢᠯᠡᠪᠡ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠨᠢᠶᠧ ᠬᠠᠢ ᠵᠢᠶᠦ᠋ᠨ ᠪᠤᠯᠪᠠᠰᠤᠷᠠᠯ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃ | | | | | | ᠬᠤᠷᠠᠯ ᠠᠴᠠ᠂ ᠬᠤᠳᠠ ᠶᠢᠨ ᠪᠡᠶ᠎ᠡ ᠶᠢᠨ ᠪᠠᠶᠢᠴᠠᠭᠠᠯᠲᠠ ᠪᠣᠯ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠬᠦ᠂ ᠬᠤᠳᠠ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠮᠥᠨ᠂ ᠬᠤᠳᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠢ | ᠲᠡᠭᠡᠭᠰᠢᠯᠡᠭᠦᠯᠬᠦ᠂ ᠨᠥᠭᠡᠴᠡᠯᠡᠬᠦ ᠲᠦᠷᠦᠯ ᠵᠦᠢᠯ ᠢ ᠲᠥᠯᠥᠪᠵᠢᠭᠦᠯᠬᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠬᠢᠬᠤ ᠶᠢᠨ ᠲᠤᠯᠭᠠᠮ᠎ᠠ ᠱᠠᠭᠠᠷᠳᠠᠯᠭ᠎ᠠ ᠮᠥᠨ᠃ | ︽ᠤᠷᠢᠳ ᠢᠶᠠᠷ ᠪᠡᠶ᠎ᠡ ᠶᠢᠨ ᠪᠠᠶᠢᠴᠠᠭᠠᠯᠲᠠ ᠬᠢᠵᠦ ᠳᠠᠷᠠᠭ᠎ᠠ ᠨᠢ ᠰᠢᠨᠡᠴᠢᠯᠡᠯᠳᠡ ᠬᠢᠬᠦ︾ ︽ᠪᠡᠶ᠎ᠡ ᠶᠢᠨ ᠪᠠᠶᠢᠴᠠᠭᠠᠯᠲᠠ ᠬᠢᠬᠦ ᠦᠭᠡᠢ ᠪᠣᠯ ᠰᠢᠨᠡᠴᠢᠯᠡᠯᠳᠡ ᠬᠢᠬᠦ ᠦᠭᠡᠢ︾ | ᠭᠡᠬᠦ ᠣᠶᠢᠯᠠᠭᠠᠭᠳᠠᠬᠤᠨ ᠢ ᠴᠢᠩᠭᠠᠳᠬᠠᠵᠤ᠂ ᠬᠤᠲᠠ ᠶᠢᠨ ᠪᠡᠶ᠎ᠡ ᠶᠢᠨ ᠪᠠᠶᠢᠴᠠᠭᠠᠯᠲᠠ ᠪᠠ ᠬᠤᠲᠠ ᠶᠢᠨ ᠰᠢᠨᠡᠴᠢᠯᠡᠯᠲᠡ ᠶᠢ ᠨᠢᠭᠡ ᠴᠣᠭᠴᠠᠵᠢᠭᠤᠯᠤᠨ ᠠᠬᠢᠭᠤᠯᠬᠤ | ᠲᠣᠭᠲᠠᠴᠠ ᠶᠢ ᠬᠦᠴᠦᠯᠡᠨ ᠪᠠᠶᠢᠭᠤᠯᠵᠤ᠂ ᠬᠤᠲᠠ ᠶᠢᠨ ᠰᠢᠨᠡᠴᠢᠯᠡᠯᠲᠡ ᠶᠢᠨ ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠪᠠᠷ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ | ᠬᠦᠴᠦᠲᠡᠢ ᠪᠥᠭᠡᠳ ᠡᠮᠬᠢ ᠵᠢᠷᠤᠮ ᠲᠠᠢ ᠪᠦᠲᠦᠮᠵᠢᠲᠡᠶ ᠲᠦᠯᠬᠢᠨ ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠪᠠ᠃ | ᠲᠣᠰ ᠤᠳᠠᠭᠠᠨ ᠤ ᠪᠤᠯᠪᠠᠰᠤᠷᠠᠯ ᠳᠤ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠰᠢᠨᠡᠴᠢᠯᠡᠬᠦ᠂ ᠬᠤᠲᠠ ᠶᠢᠨ | ᠪᠡᠶ᠎ᠡ ᠶᠢᠨ ᠪᠠᠶᠢᠴᠠᠭᠠᠯᠲᠠ ᠶᠢᠨ ᠰᠢᠨ᠎ᠡ ᠮᠡᠷᠭᠡᠵᠢᠯ ᠰᠢᠨ᠎ᠡ ᠠᠷᠭ᠎ᠠ ᠶᠢ ᠰᠦᠪᠡᠭᠴᠢᠯᠡᠬᠦ ᠵᠢᠴᠢ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠪᠠᠶᠢᠩᠭᠤ ᠲᠣᠬᠢᠶᠠᠯᠳᠤᠬᠤ | ᠠᠰᠠᠭᠤᠳᠠᠯ ᠤᠨ ᠵᠠᠳᠠᠯᠤᠯᠲᠠ ᠵᠡᠷᠭᠡ ᠠᠭᠤᠯᠭ᠎ᠠ ᠶᠢᠨ ᠲᠣᠭᠤᠷᠢᠨ ᠳᠤ ᠲᠤᠰᠬᠠᠢ ᠰᠡᠳᠦᠪ ᠢᠶᠠᠷ ᠬᠢᠴᠢᠶᠡᠯᠯᠡᠬᠦ ᠶᠢᠨ ᠬᠠᠮᠲᠤ ᠬᠥᠬᠡᠬᠤᠲᠠ ᠶᠢᠨ ᠪᠣᠯᠣᠳ | ᠲᠡᠮᠦᠷ ᠰᠠᠭᠤᠭᠠᠯᠢ ᠠᠷᠠᠳ ᠤᠨ ᠲᠣᠭᠤᠷᠢᠭ᠂ ᠣᠨᠢᠰᠤ ᠦᠢᠯᠡᠳᠬᠦ ᠦᠢᠯᠡᠳᠪᠦᠷᠢ ᠶᠢᠨ ᠪᠡᠶ᠎ᠡ ᠶᠢᠨ ᠲᠠᠮᠢᠷ ᠤᠨ ᠲᠥᠪ ᠪᠠ ᠰᠠᠢ ᠱᠠᠩ ᠬᠠᠭᠤᠴᠢᠨ ᠵᠡᠭᠡᠯᠢ ᠳᠤ ᠬᠦᠷᠴᠦ | ᠲᠤᠬᠠᠢ ᠶᠢᠨ ᠲᠠᠯᠠᠪᠤᠷ ᠤᠨ ᠵᠢᠭᠠᠨ ᠰᠤᠷᠭᠠᠯᠲᠠ ᠬᠢᠵᠦ᠂ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠨᠡᠶᠢᠭᠡᠮ ᠤᠨ ᠪᠠᠶᠢᠴᠠᠭᠠᠨ ᠰᠤᠳᠤᠯᠬᠤ ᠠᠷᠭ᠎ᠠ ᠶᠢ ᠴᠢᠭᠯᠡᠯᠳᠦ | ᠴᠢᠨᠠᠷᠳᠠᠢ ᠲᠠᠶᠢᠯᠪᠦᠷᠢᠯᠠᠵᠠᠢ᠃ ᠪᠤᠯᠪᠠᠰᠤᠷᠠᠯ ᠨᠢ ᠰᠢᠨ᠎ᠡ ᠶᠢ ᠡᠭᠦᠳᠬᠦ ᠣᠨᠣᠯ ᠤᠨ ᠵᠢᠭᠠᠨ ᠰᠤᠷᠭᠠᠯᠲᠠ ᠶᠢ ᠴᠢᠩᠭᠠᠳᠬᠠᠬᠤ ᠶᠢᠨ ᠬᠠᠮᠲᠤ᠂ ᠦᠢᠯᠡᠳᠦᠯᠭᠡ ᠶᠢᠨ | ᠳᠠᠳᠤᠯᠭ᠎ᠠ ᠪᠤᠯᠪᠠᠰᠤᠷᠠᠯ ᠢ ᠴᠢᠬᠤᠯᠠᠴᠢᠯᠠᠵᠤ᠂ ᠪᠤᠯᠪᠠᠰᠤᠷᠠᠯ ᠳᠤ ᠣᠷᠣᠯᠴᠠᠭᠰᠠᠳ ᠤᠨ ᠦᠵᠡᠯ ᠰᠠᠨᠠᠭ᠎ᠠ ᠲᠠᠨᠢᠯᠲᠠ ᠶᠢᠨ ᠬᠢᠷᠢ ᠲᠦᠪᠰᠢᠨ ᠢ ᠪᠦᠲᠦᠮᠵᠢᠲᠡᠶ | ᠳᠡᠭᠡᠭᠰᠢᠯᠡᠭᠦᠯᠦᠨ᠂ ᠠᠵᠢᠯ ᠤᠨ ᠣᠨᠣᠯᠵᠢᠬᠤᠨ ᠤ ᠰᠢᠨ᠎ᠡ ᠪᠠᠷ ᠡᠭᠦᠳᠴᠦ᠂ ᠬᠠᠷᠠᠭ᠎ᠠ ᠰᠡᠳᠬᠢᠮᠵᠢ ᠶᠢ ᠥᠷᠭᠡᠳᠬᠡᠨ᠂ ᠡᠯ᠎ᠡ ᠭᠠᠵᠠᠷ ᠤᠨ ᠬᠤᠲᠠ ᠶᠢᠨ ᠪᠡᠶ᠎ᠡ ᠶᠢᠨ | ᠪᠠᠶᠢᠴᠠᠭᠠᠯᠲᠠ ᠶᠢᠨ ᠠᠵᠢᠯ ᠢ ᠡᠮᠬᠢ ᠵᠢᠷᠤᠮ ᠲᠠᠢ ᠥᠷᠨᠢᠭᠦᠯᠬᠦ ᠳᠤ ᠰᠠᠶᠢᠨ ᠰᠠᠭᠤᠷᠢ ᠶᠢ ᠲᠠᠯᠪᠢᠭᠰᠠᠨ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠦᠬᠦᠢ ᠭᠠᠵᠠᠷ ᠭᠡᠷ | ᠨᠢᠭᠡᠴᠢ ᠶᠢᠨ ᠬᠠᠷᠢᠭᠤᠴᠠᠯᠭᠠᠲᠠᠨ ᠨᠥᠬᠦᠳ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠬᠡᠰᠡᠭ ᠠᠶᠢᠮᠠᠭ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ︵ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶ᠎ᠠ︶ ᠵᠢᠴᠢ ᠬᠠᠮᠢᠶ᠎ᠠ ᠪᠦᠬᠦᠢ ᠰᠢᠶᠠᠨ ᠤ ᠲᠠᠰ ᠤᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠪᠤᠯᠪᠠᠰᠤᠷᠠᠯ ᠳᠤ ᠣᠷᠣᠯᠴᠠᠵᠠᠢ᠃ | |