ᠦᠰᠦᠭ ᠪᠢᠴᠢᠭ ᠢᠶᠠᠷ ᠦᠭᠦᠯᠡᠬᠦᠢ᠄ ︽ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤᠨ ᠤ ᠬᠤᠭᠤᠯᠠᠶ ᠶᠢᠨ ᠲᠣᠤᠷ ᠢ ᠶᠡᠷᠦᠩᠬᠡᠶᠢᠯᠡᠨ ᠴᠡᠭᠴᠡᠯᠡᠨ ᠵᠠᠰᠠᠬᠤ ᠰᠢᠪᠲᠤᠯᠤᠯᠲᠠ ᠶᠢᠨ ᠠᠵᠢᠯᠯᠠᠭ᠎ᠠ ᠶᠢᠨ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠦᠭᠦᠯᠡᠬᠦᠢ
ᠨᠡᠶᠢᠲᠡᠯᠡᠭᠰᠡᠨ ᠴᠠᠭ᠄
2025/4/28
    ·2025 ᠣᠨ ᠤ 3 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ  ᠨᠢ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ︽ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠣᠨ ᠤ ᠠᠮᠢᠳᠤᠷᠠᠯ ᠤᠨ ᠪᠣᠬᠢᠷ ᠤᠰᠤᠨ ᠤ ᠬᠤᠭᠤᠯᠠᠶ ᠶᠢᠨ ᠲᠣᠤᠷ ᠢ ᠶᠡᠷᠦᠩᠬᠡᠶᠢᠯᠡᠨ ᠴᠡᠭᠴᠡᠯᠡᠨ ᠵᠠᠰᠠᠬᠤ ᠰᠢᠪᠲᠤᠯᠤᠯᠲᠠ ᠶᠢᠨ ᠠᠵᠢᠯᠯᠠᠭ᠎ᠠ ᠶᠢᠨ ᠲᠥᠰᠦᠯ︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠡᠳᠦᠭᠡ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠶ᠎ᠡ᠄    ᠨᠢᠭᠡ᠂ ᠰᠢᠢᠳᠪᠦᠷᠢᠲᠦ ᠪᠣᠳᠣᠯᠭ᠎ᠠ ᠶᠢᠨ ᠠᠬᠤᠢ ᠪᠠᠶᠢᠳᠠᠯ    ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠬᠤᠲᠠ ᠶᠢᠨ ᠠᠮᠢᠳᠤᠷᠠᠯ ᠤᠨ ᠪᠣᠬᠢᠷ ᠤᠰᠤᠨ ᠤ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠪᠠ ᠠᠵᠢᠯᠯᠠᠭᠠᠨ ᠤ ᠬᠠᠮᠠᠭᠠᠯᠠᠯᠲᠠ ᠶᠢ ᠴᠢᠩᠭᠠᠳᠬᠠᠬᠤ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠵᠡᠷᠭᠡ 5 ᠰᠠᠯᠠᠭ᠎ᠠ ᠮᠥᠴᠢᠷ ᠤᠨ ᠮᠡᠳᠡᠭᠳᠡᠯ︾ ︵ᠪᠠᠶᠢᠭᠤᠯᠤᠯᠲᠠ ᠬᠤᠲᠠ ﹇2024 ﹈ 18 ᠳ᠋ᠤᠭᠠᠷ ᠲᠣᠭᠠᠲᠤ︶ ᠢ ᠭᠦᠨᠵᠡᠭᠡᠶ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤᠨ ᠤ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠶᠢᠨ ᠠᠵᠢᠯᠯᠠᠭᠤᠯᠵᠤ ᠬᠠᠮᠠᠭᠠᠯᠠᠬᠤ ᠳᠤ ᠣᠷᠣᠰᠢᠵᠤ ᠪᠠᠶᠢᠭ᠎ᠠ ᠳᠤᠲᠠᠭᠤᠳᠠᠯ ᠤᠨ ᠠᠰᠠᠭᠤᠳᠠᠯ ᠲᠠᠢ ᠤᠶᠠᠯᠳᠤᠭᠤᠯᠤᠨ᠂ ᠬᠤᠭᠤᠯᠠᠶ ᠲᠣᠤᠷ ᠬᠠᠭᠤᠴᠢᠷᠠᠬᠤ᠂ ᠪᠣᠷᠣᠭᠠᠨ ᠤ ᠪᠣᠬᠢᠷ ᠤᠰᠤ ᠶᠢ ᠬᠤᠯᠢᠯᠳᠤᠭᠤᠯᠬᠤ᠂ ᠪᠣᠬᠢᠷ ᠤᠰᠤ ᠶᠢ ᠬᠤᠷᠢᠶᠠᠨ ᠴᠤᠭᠯᠠᠭᠤᠯᠬᠤ ᠦᠷ᠎ᠡ ᠪᠦᠲᠦᠮᠵᠢ ᠪᠠᠷ ᠳᠣᠤᠷ᠎ᠠ ᠵᠡᠷᠭᠡ ᠲᠣᠪᠤᠶᠢᠮ᠎ᠠ ᠵᠥᠷᠢᠴᠡᠯ ᠳᠤ ᠴᠢᠭᠯᠡᠭᠦᠯᠦᠨ᠂ ᠲᠣᠰ ᠲᠥᠰᠦᠯ ᠢ ᠲᠣᠭᠲᠠᠭᠠᠪᠠ᠂ ᠡᠭᠦᠨ ᠤ ᠵᠤᠷᠢᠯᠭ᠎ᠠ ᠨᠢ ᠰᠢᠰᠲ᠋ᠧᠮᠵᠢᠭᠰᠡᠨ᠂ ᠣᠷᠳᠣ ᠬᠤᠭᠤᠴᠠᠭᠠᠨ ᠤ ᠪᠦᠲᠦᠮᠵᠢᠲᠡᠶ ᠴᠡᠭᠴᠡᠯᠡᠨ ᠵᠠᠰᠠᠬᠤ ᠪᠠᠷ ᠳᠡᠮᠵᠢᠨ᠂ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠬᠤ ᠶᠢᠨ ᠲᠥᠯᠥᠭᠡ ᠶᠤᠮ᠃    ᠬᠤᠶᠠᠷ᠂ ᠶᠡᠷᠦᠩᠬᠡᠶ ᠬᠠᠷᠠᠯᠲᠠ    2027 ᠣᠨ ᠪᠣᠯᠬᠤ ᠳᠤ᠂ ᠬᠤᠲᠠ ᠪᠠᠯᠭᠠᠰᠤᠨ ᠤ ᠪᠠᠶᠢᠭᠤᠯᠤᠭᠰᠠᠨ ᠲᠣᠭᠤᠷᠢᠭ ᠤᠨ ᠠᠮᠢᠳᠤᠷᠠᠯ ᠤᠨ ᠪᠣᠬᠢᠷ ᠤᠰᠤ ᠶᠢ ᠰᠢᠭᠤᠳ ᠭᠠᠳᠠᠭᠰᠢᠯᠠᠭᠤᠯᠬᠤ ᠠᠮᠠᠰᠠᠷ ᠪᠠ ᠪᠡᠯᠡᠳᠬᠡᠮᠵᠢ ᠶᠢᠨ ᠬᠤᠭᠤᠰᠣᠨ ᠣᠷᠣᠨ ᠢ ᠦᠨᠳᠦᠰᠦᠨ ᠳᠤ ᠪᠠᠨ ᠠᠷᠢᠯᠭᠠᠵᠤ᠂ ᠬᠤᠲᠠ ︵ 20 ᠬᠤᠲᠠ ᠪᠠᠶᠢᠭᠤᠯᠤᠭᠰᠠᠨ ᠬᠤᠲᠠ ᠶᠢ ᠵᠢᠭᠠᠵᠤ ᠪᠣᠶ︶ ᠶᠢᠨ ᠠᠮᠢᠳᠤᠷᠠᠯ ᠤᠨ ᠪᠣᠬᠢᠷ ᠤᠰᠤ ᠶᠢ ᠲᠥᠪᠯᠡᠷᠡᠭᠦᠯᠦᠨ ᠴᠤᠭᠯᠠᠭᠤᠯᠬᠤ ᠨᠣᠷᠮ᠎ᠠ ᠶᠢ 73% ᠠᠴᠠ ᠳᠡᠭᠡᠭᠰᠢ ᠳᠤ ᠬᠦᠷᠦᠭᠦᠯᠵᠦ᠂ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠴᠤᠭᠯᠠᠭᠤᠯᠤᠨ ᠰᠢᠢᠳᠪᠦᠷᠢᠯᠡᠬᠦ ᠶᠡᠷᠦᠩᠬᠡᠶᠢᠯᠡᠭᠰᠡᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠦᠨ᠎ᠡ᠃    ᠭᠤᠷᠪᠠ᠂ ᠲᠥᠷᠥ ᠶᠢᠨ ᠪᠣᠳᠣᠯᠭ᠎ᠠ ᠶᠢᠨ ᠭᠢᠯᠠᠰ ᠴᠡᠭ    ︵ᠨᠢᠭᠡ ︶ ᠰᠢᠰᠲ᠋ᠧᠮ ᠲᠠᠢ ᠪᠠᠷ ᠵᠠᠰᠠᠵᠤ᠂ ᠲᠥᠷᠥᠯ ᠬᠤᠪᠢᠶᠠᠨ ᠲᠦᠷᠦ ᠶᠢᠨ ᠪᠣᠳᠣᠯᠭ᠎ᠠ ᠬᠡᠷᠡᠭᠵᠢᠭᠦᠯᠦᠨ᠎ᠡ᠃ ᠭᠠᠩ ᠬᠠᠭᠤᠷᠠᠶ ᠭᠠᠵᠠᠷ ᠣᠷᠣᠨ ᠢ ᠭᠠᠷᠭᠠᠪᠠᠯ ᠂ ᠰᠢᠨ᠎ᠡ ᠲᠣᠭᠤᠷᠢᠭ ᠤᠨ ᠪᠥᠲᠥᠭᠡᠨ ᠪᠠᠶᠢᠭᠤᠯᠤᠯᠲᠠ ᠳᠤ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠬᠤ ᠠᠷᠭ᠎ᠠ ᠶᠢ ᠬᠡᠷᠡᠭᠵᠢᠭᠦᠯᠵᠦ᠂ ᠪᠠᠶᠢᠭᠤᠯᠤᠭᠰᠠᠨ ᠲᠣᠭᠤᠷᠢᠭ ᠤᠨ ᠭᠠᠵᠠᠷ ᠣᠷᠣᠨ ᠤ ᠪᠠᠶᠢᠳᠠᠯ ᠳᠤ ᠪᠠᠨ ᠳᠣᠭᠢᠷᠠᠭᠤᠯᠤᠨ ᠥᠭᠡᠷᠡᠴᠢᠯᠡᠬᠦ ᠶᠢ ᠳᠥᠯᠭᠢᠨ ᠠᠬᠢᠭᠤᠯᠵᠤ᠂ ᠲᠦᠷ ᠨᠥᠬᠦᠴᠡᠯ ᠪᠦᠷᠢᠯᠳᠦᠭᠦᠯᠦᠭᠡᠳᠦᠶ ᠣᠷᠣᠨ ᠪᠦᠰᠡ ᠳᠤ ᠳᠠᠪᠠᠷᠠᠯ ᠣᠷᠣᠰᠬᠠᠯ ᠤᠨ ᠪᠣᠬᠢᠷᠲᠤᠯ ᠢ ᠬᠢᠵᠠᠭᠠᠷᠯᠠᠬᠤ ᠲᠥᠰᠦᠯ ᠢ ᠲᠣᠭᠲᠠᠭᠠᠵᠤ᠂ ᠤᠰᠤᠲᠤᠯ ᠢ ᠵᠠᠯᠠᠵᠦ ᠠᠮᠤᠷ ᠲᠦᠪᠰᠢᠨ ᠢ ᠪᠠᠲᠤᠯᠠᠨ᠎ᠠ᠃ ᠤᠰᠤᠨ ᠳᠤ ᠣᠷᠣᠬᠤ ᠠᠮᠢᠳᠤ ᠪᠣᠳᠠᠰ ᠤᠨ ᠬᠢᠮᠢ ᠶᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ ︵BOD︶ ᠶᠢᠨ ᠥᠳᠬᠡᠴᠡ ᠶᠢᠨ ᠬᠡᠮᠵᠢᠶ᠎ᠡ ᠶᠢ 100mg/L ᠠᠴᠠ ᠳᠣᠤᠷ᠎ᠠ ᠪᠠᠶᠢᠬᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠳᠤ ︽ᠨᠢᠭᠡ ᠦᠢᠯᠡᠳᠪᠦᠷᠢ ᠳᠤ ᠨᠢᠭᠡ ᠠᠷᠭ᠎ᠠ ᠪᠤᠳᠤᠯᠭ᠎ᠠ︾ ᠶᠢ ᠴᠡᠭᠴᠡᠯᠡᠨ ᠵᠠᠰᠠᠬᠤ ᠶᠢ ᠬᠡᠷᠡᠭᠵᠢᠭᠦᠯᠵᠦ᠂ 2025 ᠣᠨ ᠳᠤ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠤᠰᠤᠨ ᠳᠤ ᠣᠷᠣᠬᠤ ᠠᠮᠢᠳᠣ ᠪᠣᠳᠠᠰ ᠤᠨ ᠬᠢᠮᠢ ᠶᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ ︵B0D︶ ᠶᠢᠨ ᠥᠳᠬᠡᠴᠡ ᠶᠢᠨ ᠬᠡᠮᠵᠢᠶ᠎ᠡ ᠨᠢ 100mg/L ᠠᠴᠠ ᠥᠨᠳᠥᠷ ᠪᠠᠶᠢᠬᠤ ᠬᠡᠪᠴᠢᠶ᠎ᠡ ᠶᠢᠨ ᠡᠵᠡᠯᠡᠬᠦ ᠬᠠᠷᠢᠴᠠᠯ ᠢ 90% ᠬᠦᠷᠬᠦ ᠪᠤᠶᠤ 2022 ᠣᠨ ᠤ ᠬᠢ ᠠᠴᠠ 5 ᠵᠠᠭᠤᠨ ᠤ ᠴᠡᠭ ᠳᠡᠭᠡᠭᠰᠢᠯᠡᠭᠦᠯᠪᠡ ᠃    ︵ᠬᠤᠶᠠᠷ︶ ᠪᠦᠬᠦ ᠬᠡᠯᠬᠢᠶᠡᠨ ᠤ ᠬᠠᠮᠢᠶᠠᠷᠤᠯᠲᠠ ᠶᠢ ᠴᠢᠩᠭᠠᠳᠬᠠᠪᠠ᠃ ᠡᠬᠢ ᠡᠭᠦᠰᠦᠯ ᠠᠴᠠ ᠨᠢ ᠵᠥᠪᠰᠢᠶᠡᠷᠡᠨ ᠣᠷᠣᠭᠤᠯᠬᠤ ᠲᠠᠯ᠎ᠠ ᠪᠠᠷ᠂ ᠤᠰᠤ ᠲᠠᠲᠠᠷᠠᠭᠤᠯᠬᠤ ᠵᠥᠪᠰᠢᠶᠡᠷᠡᠯ ᠤᠨ ᠲᠦᠷᠢᠮ ᠢ ᠴᠢᠩᠳᠠᠯᠠᠵᠤ᠂ 2025 ᠣᠨ ᠤ ᠵᠢᠯ ᠤᠨ ᠰᠡᠭᠦᠯᠴᠢ ᠠᠴᠠ ᠡᠮᠦᠨ᠎ᠡ ᠭᠤᠤᠯᠳᠠᠯᠭ᠎ᠠ ᠲᠠᠢ ᠤᠰᠤ ᠲᠠᠲᠠᠷᠠᠭᠤᠯᠬᠤ ᠡᠷᠦᠬᠡ ᠳᠤ ᠤᠰᠤ ᠲᠠᠲᠠᠷᠠᠭᠤᠯᠬᠤ ᠵᠥᠪᠰᠢᠶᠡᠷᠡᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠣᠷᠢᠵᠢᠭᠤᠯᠤᠨ᠎ᠠ᠂ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ᠤᠰᠤ ᠲᠠᠲᠠᠷᠠᠭᠤᠯᠬᠤ ᠡᠷᠦᠬᠡ ᠶᠢᠨ ᠪᠣᠬᠢᠷ ᠤᠰᠤ ᠭᠠᠳᠠᠭᠰᠢᠯᠠᠭᠤᠯᠬᠤ ᠳᠤ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠪᠠ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠪᠠ᠂ ᠦᠵᠦᠭᠦᠷ ᠤᠨ ᠵᠠᠰᠠᠯᠲᠠ ᠶᠢᠨ ᠲᠠᠯ᠎ᠠ ᠪᠠᠷ᠂ ᠪᠣᠬᠢᠷ ᠰᠢᠪᠠᠷ ᠢ ᠰᠢᠢᠳᠪᠦᠷᠢᠯᠡᠬᠦ ᠲᠦᠬᠦᠭᠡᠷᠤᠮᠵᠢ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠪᠤᠯᠠᠬᠤ ᠬᠡᠪᠴᠢᠶ᠎ᠡ ᠶᠢ ᠠᠯᠬᠤᠮ ᠠᠯᠬᠤᠮ ᠢᠶᠠᠷ ᠪᠠᠭᠠᠰᠬᠠᠵᠤ᠂ ᠬᠤᠤᠷ ᠦᠭᠡᠶᠢᠳᠡᠭᠦᠯᠬᠦ᠂ ᠡᠬᠢ ᠪᠠᠶᠠᠯᠢᠭᠵᠢᠭᠤᠯᠤᠨ ᠰᠢᠢᠳᠪᠦᠷᠢᠯᠡᠬᠦ ᠶᠢ ᠠᠬᠢᠭᠤᠯᠪᠠ ᠃    ︵ᠭᠤᠷᠪᠠ︶ ᠲᠣᠭᠲᠠᠴᠠ ᠶᠢᠨ ᠪᠠᠲᠣᠯᠠᠭ᠎ᠠ ᠶᠢᠨ ᠰᠢᠨ᠎ᠡ ᠶᠢ ᠡᠭᠦᠳᠦᠪᠡ ᠃ ᠦᠢᠯᠡᠳᠪᠦᠷᠢ ᠲᠣᠣᠷ ᠢ ᠨᠢᠭᠡ ᠴᠤᠭᠴᠠᠵᠢᠭᠤᠯᠬᠤ ᠶᠢ ᠬᠡᠷᠡᠭᠵᠢᠭᠦᠯᠵᠦ᠂ ᠪᠣᠬᠢᠷ ᠤᠰᠤᠨ ᠤ ᠬᠤᠭᠤᠯᠠᠢ ᠶᠢᠨ ᠲᠣᠣᠷ᠂ ᠬᠥᠭᠡᠷᠭᠡ ᠶᠢᠨ ᠦᠷᠳᠡᠭᠡ᠂ ᠰᠢᠢᠳᠪᠦᠷᠢᠯᠡᠬᠦ ᠦᠢᠯᠡᠳᠪᠦᠷᠢ ᠶᠢ ᠪᠤᠭᠤᠳᠠᠯᠯᠠᠬᠤ ᠲᠤᠰᠬᠠᠢ ᠠᠵᠢᠯ ᠤᠨ ᠨᠢᠭᠡᠴᠢ ᠳᠤ ᠨᠠᠶᠢᠳᠠᠵᠦ ᠠᠵᠢᠯᠯᠠᠭᠤᠯᠵᠤ ᠬᠠᠮᠠᠭᠠᠯᠠᠬᠤ ᠶᠢ ᠵᠣᠷᠢᠭᠵᠢᠭᠤᠯᠵᠤ᠂ ︽ᠦᠢᠯᠡᠳᠪᠦᠷᠢ ᠲᠣᠣᠷ ᠢ ᠰᠠᠯᠭᠠᠬᠤ︾ ᠬᠠᠮᠢᠶᠠᠷᠤᠯᠲᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠪᠡ ᠃ ᠦᠷ᠎ᠠ ᠪᠦᠳᠦᠮᠵᠢ ᠪᠠᠷ ᠵᠠᠷᠣᠳᠡᠯ ᠲᠤᠰᠢᠶᠠᠵᠤ ᠂ ᠪᠤᠬᠢᠷᠳᠦᠯ ᠡᠳ᠋ ᠢ ᠬᠤᠷᠢᠶᠠᠨ ᠴᠣᠠᠠᠯᠠᠭᠤᠯᠬᠤ ᠦᠷ᠎ᠠ ᠪᠦᠲᠦᠮᠵᠢ ᠪᠠᠷ ᠭᠤᠤᠯ ᠪᠤᠯᠭᠠᠠᠠᠰᠠᠨ ᠠᠵᠢᠯ ᠤᠨ ᠠᠮᠵᠢᠯᠳᠡ ᠪᠦᠳᠦᠮᠵᠢ ᠶᠢ ᠰᠢᠯᠭᠠᠨ ᠬᠢᠨᠠᠬᠤ ᠲᠣᠭᠲᠠᠯᠴᠠᠭ᠎ᠠ ᠶᠢ ᠪᠠᠶᠢᠭᠤᠯᠣᠨ ᠂ ᠪᠣᠬᠢᠷ ᠣᠰᠥ ᠰᠢᠢᠳᠪᠦᠷᠢᠯᠡᠬᠦ ᠦᠢᠯᠡᠳᠪᠦᠷᠢ ᠶᠢ ᠣᠰᠣᠨ ᠣᠷᠣᠭᠤᠯᠬᠤ ᠦᠳᠭᠡᠴᠡ᠂ ᠪᠤᠵᠡᠷ ᠰᠢᠪᠡᠷ ᠢ ᠰᠢᠢᠳᠪᠦᠷᠢᠯᠡᠬᠦ ᠨᠣᠷᠮ᠎ᠠ ᠵᠡᠷᠭᠡ ᠬᠦᠢᠴᠡᠳᠭᠡᠯ ᠲᠤᠭ᠎ᠠ ᠶᠢ ᠵᠠᠷᠣᠳᠡᠯ ᠲᠣᠰᠢᠶᠡᠬᠤ ᠯᠤᠭ᠎ᠠ ᠬᠤᠯᠪᠤᠠᠠᠳᠠᠭᠤᠯᠵᠦ᠂ ᠠᠵᠢᠯᠯᠠᠭᠤᠯᠵᠤ ᠬᠠᠮᠠᠭᠠᠯᠠᠬᠤ ᠶᠠᠰᠣ ᠴᠢᠨᠡᠷ ᠦᠷ᠎ᠠ ᠪᠦᠲᠦᠮᠵᠢ ᠶᠢ ᠳᠡᠭᠡᠭᠰᠢᠯᠡᠬᠦᠯᠬᠦ ᠶᠢ ᠵᠣᠷᠢᠠᠠᠵᠢᠭᠤᠯᠥᠨ᠎ᠠ᠃                     ᠦᠭᠦᠯᠡᠭᠴᠢ ᠄ ᠴᠧᠨ ᠰᠢᠤᠸᠠᠢ ᠹᠸᠢ   ᠬᠠᠷᠢᠯᠴᠠᠬᠤ ᠤᠲᠠᠰᠤ ᠄ 3290289 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ