2025 ᠣᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠬᠡᠮ ᠢ ᠬᠥᠳᠡᠯᠦᠩᠭᠦᠶ ᠪᠠᠷ ᠬᠢᠨᠠᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2025/4/3
ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠨᠢᠭᠡᠴᠢ ᠳᠤ᠄    ︽ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠬᠡᠮ ᠢ ᠬᠥᠳᠡᠯᠦᠩᠭᠦᠶ ᠪᠠᠷ ᠬᠢᠨᠠᠨ ᠪᠠᠶᠢᠴᠠᠭᠠᠬᠤ ᠠᠵᠢᠯ ᠢ ᠴᠢᠩᠭᠠᠳᠬᠠᠬᠤ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠪᠠᠶᠢᠭᠤᠯᠤᠯᠲᠠ ᠠᠯᠪᠠᠨ ᠬᠤᠲᠠ ︹2024︺ 52 ᠳ᠋ᠤᠭᠠᠷ ᠲᠣᠭᠠᠲᠤ︶ ᠪᠠ ︽2025 ᠣᠨ ᠤ ︿ᠬᠤᠶᠠᠷ ᠢ ᠲᠠᠰᠢᠷᠠᠮ ᠳᠠᠭᠠᠤ ᠨᠢᠭᠡ ᠶᠢ ᠢᠯᠡ ᠪᠣᠯᠭᠠᠬᠤ﹀ ᠰᠤᠭᠤᠴᠢᠨ ᠪᠠᠶᠢᠴᠠᠭᠠᠬᠤ ᠠᠵᠢᠯ ᠤᠨ ᠲᠦᠯᠤᠪᠵᠢᠭᠦᠯᠭᠡ ᠶᠢ ᠳᠠᠷᠤᠮᠠᠯᠯᠠᠨ ᠲᠠᠷᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠪᠠᠶᠢᠭᠤᠯᠤᠯᠲᠠ ᠬᠠᠤᠯᠢ ﹇2025 ﹈ 25 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠠᠵᠤ ᠠᠬᠤᠶᠢᠯᠠᠯ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠢᠷᠢ ᠬᠡᠮ ᠢ ᠣᠯᠤᠭᠰᠠᠨ ᠤ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ 2025 ᠣᠨ ᠤ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ ᠢᠨᠵᠧᠨᠧᠷᠢᠩ ᠤᠨ ᠬᠠᠶᠢᠨ ᠪᠠᠶᠢᠴᠠᠭᠠᠯᠲᠠ ᠶᠢᠨ ᠠᠵᠤ ᠠᠬᠤᠶᠢᠯᠠᠯ᠂ ᠢᠨᠵᠧᠨᠧᠷᠢᠩ ᠤᠨ ᠵᠢᠷᠤᠭ ᠲᠥᠯᠥᠪᠯᠡᠭᠡ ᠶᠢᠨ ᠠᠵᠤ ᠠᠬᠤᠶᠢᠯᠠᠯ ᠪᠠ ᠢᠨᠵᠧᠨᠧᠷᠢᠩ ᠤᠨ ᠬᠢᠨᠠᠨ ᠬᠠᠮᠢᠶᠠᠷᠬᠤ ᠠᠵᠤ ᠠᠬᠤᠶᠢᠯᠠᠯ ᠵᠡᠷᠭᠡ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠬᠡᠮ ᠢ ᠬᠥᠳᠡᠯᠦᠩᠭᠦᠶ ᠪᠠᠷ ᠬᠠᠷᠭᠤᠭᠤᠯᠤᠨ ᠪᠠᠶᠢᠴᠠᠭᠠᠬᠤ ᠠᠵᠢᠯ ᠢ ᠥᠷᠨᠢᠭᠦᠯᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠄ᠨᠢᠭᠡ᠂ ᠬᠢᠨᠠᠨ ᠪᠠᠶᠢᠴᠠᠭᠠᠬᠤ ᠡᠲᠡᠭᠡᠳ    ᠥᠪᠡᠷᠲᠡᠭᠡᠨ ᠵᠠᠰᠠᠬᠤ ᠣᠷᠣᠨ ᠳᠤ ᠳᠠᠩᠰᠠᠯᠠᠭᠤᠯᠤᠭᠰᠠᠨ ᠪᠥᠭᠡᠳ ᠬᠠᠮᠢᠶ᠎ᠠ ᠪᠦᠬᠦᠢ ᠬᠢᠷᠢ ᠭᠡᠮ ᠢ ᠨᠢᠭᠡᠨᠲᠡ ᠣᠯᠤᠭᠰᠠᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ ᠢᠨᠵᠧᠨᠧᠷᠢᠩ ᠢ ᠬᠠᠶᠢᠨ ᠪᠠᠶᠢᠴᠠᠭᠠᠬᠤ ᠠᠵᠤ ᠠᠬᠤᠶᠢᠯᠠᠯ ᠂ ᠢᠨᠵᠧᠨᠧᠷᠢᠩ ᠤᠨ ᠵᠢᠷᠤᠵᠤ ᠲᠥᠯᠥᠪᠯᠡᠬᠦ ᠠᠵᠤ ᠠᠬᠤᠶᠢᠯᠠᠯ ᠪᠣᠯᠤᠨ ᠢᠨᠵᠧᠨᠧᠷᠢᠩ ᠤᠨ ᠬᠢᠨᠠᠨ ᠬᠠᠮᠢᠶᠠᠷᠬᠤ ᠠᠵᠤ ᠠᠬᠤᠶᠢᠯᠠᠯ ᠪᠣᠯᠣᠨ᠎ᠠ᠃ᠬᠤᠶᠠᠷ᠂ ᠬᠢᠨᠠᠨ ᠪᠠᠶᠢᠴᠠᠭᠠᠬᠤ ᠠᠭᠤᠯᠭ᠎ᠠ    ︽ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠪᠠᠷᠢᠮᠵᠢᠶ᠎ᠠ︾᠂ ︽ ᠢᠨᠵᠧᠨᠧᠷᠢᠩ ᠤᠨ ᠬᠠᠶᠢᠨ ᠪᠠᠶᠢᠴᠠᠭᠠᠬᠤ ᠬᠢᠷᠢ ᠬᠡᠮ ᠤᠨ ᠪᠠᠷᠢᠮᠵᠢᠶ᠎ᠠ ︾᠂ ︽ ᠢᠨᠵᠧᠨᠧᠷᠢᠩ ᠤᠨ ᠵᠢᠷᠤᠵᠤ ᠲᠥᠯᠥᠪᠯᠡᠬᠦ ᠬᠢᠷᠢ ᠬᠡᠮ ᠤᠨ ᠪᠠᠷᠢᠮᠵᠢᠶ᠎ᠠ︾᠂ ︽ ᠢᠨᠵᠧᠨᠧᠷᠢᠩ ᠤᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠤᠨ ᠪᠠᠷᠢᠮᠵᠢᠶ᠎ᠠ︾ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠬᠥᠮᠦᠰ ᠪᠠ ᠮᠡᠷᠭᠡᠵᠢᠯ ᠤᠨ ᠠᠵᠢᠯᠲᠠᠨ ᠤ ᠵᠣᠬᠢᠴᠠᠩᠭᠤᠶ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠬᠡᠮ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠬᠠᠩᠭᠠᠭᠰᠠᠨ ᠡᠰᠡᠬᠦ ᠶᠢ ᠬᠠᠷᠭᠤᠭᠤᠯᠤᠨ ᠪᠠᠶᠢᠴᠠᠭᠠᠬᠤ ᠬᠡᠷᠡᠭᠲᠡᠶ᠃ᠭᠤᠷᠪᠠ᠂ ᠬᠢᠨᠠᠨ ᠪᠠᠶᠢᠴᠠᠭᠠᠬᠤ ᠠᠷᠭ᠎ᠠ ᠮᠠᠶ᠋ᠢᠭ    ︽ᠬᠤᠶᠠᠷ ᠢ ᠲᠠᠰᠢᠷᠠᠮ ᠳᠠᠭᠠᠤ ᠨᠢᠭᠡ ᠶᠢ ᠢᠯᠡ ᠪᠣᠯᠭᠠᠬᠤ︾ ᠪᠠ ᠭᠤᠤᠯᠳᠠᠯᠭ᠎ᠠ ᠲᠠᠢ ᠬᠢᠨᠠᠨ ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ ᠪᠠᠶᠢᠭᠠᠳ ᠬᠢᠨᠠᠨ ᠪᠠᠶᠢᠴᠠᠭᠠᠯᠲᠠ ᠶᠢ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠨᠢ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠢᠯᠡ ᠨᠡᠶᠢᠲᠡᠯᠡᠬᠦ ᠰᠢᠰᠲ᠋ᠧᠮ ᠢᠶᠠᠷ ᠳᠠᠮᠵᠢᠭᠤᠯᠤᠨ ᠲᠣᠰ ᠲᠣᠰ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ 5%᠂ ᠪᠠᠷᠢᠯᠭ᠎ᠠ ᠶᠢ ᠬᠠᠶᠢᠨ ᠪᠠᠶᠢᠴᠠᠭᠠᠬᠤ ᠠᠵᠤ ᠠᠬᠤᠶᠢᠯᠠᠯ ᠤᠨ 10%᠂ ᠪᠠᠷᠢᠯᠭ᠎ᠠ ᠶᠢ ᠵᠢᠷᠤᠵᠤ ᠲᠥᠯᠥᠪᠯᠡᠬᠦ ᠠᠵᠤ ᠠᠬᠤᠶᠢᠯᠠᠯ ᠤᠨ 10%᠂ ᠪᠠᠷᠢᠯᠭ᠎ᠠ ᠶᠢ ᠬᠢᠨᠠᠨ ᠬᠠᠮᠢᠶᠠᠷᠬᠤ ᠠᠵᠤ ᠠᠬᠤᠶᠢᠯᠠᠯ ᠤᠨ 10% ᠶᠢᠨ ᠬᠠᠷᠢᠴᠠᠯ ᠢᠶᠠᠷ ᠬᠢᠨᠠᠨ ᠪᠠᠶᠢᠴᠠᠭᠠᠬᠤ ᠡᠲᠡᠭᠡᠳ ᠢ ᠲᠣᠬᠢᠶᠠᠯᠳᠤᠯ ᠢᠶᠠᠷ ᠰᠣᠩᠭᠤᠨ ᠠᠪᠤᠨ᠎ᠠ᠃    ᠳᠣᠤᠷᠠᠬᠢ ᠠᠵᠤ ᠠᠬᠤᠶᠢᠯᠠᠯ ᠢ ᠭᠤᠤᠯᠳᠠᠯᠭ᠎ᠠ ᠲᠠᠢ ᠬᠢᠨᠠᠨ ᠪᠠᠶᠢᠴᠠᠭᠠᠨ᠎ᠠ ᠄ ᠪᠠᠷᠢᠯᠭ᠎ᠠ ᠶᠢᠨ ᠶᠠᠰᠤ ᠴᠢᠨᠠᠷ ᠤᠨ ᠠᠶᠣᠯᠭᠦᠢ ᠶᠢᠨ ᠬᠠᠷᠢᠭᠤᠴᠠᠯᠭ᠎ᠠ ᠶᠢᠨ ᠠᠳᠡᠯ ᠭᠠᠷᠴᠤ᠂ ᠬᠥᠯᠥᠰᠥᠨ ᠠᠵᠢᠯᠴᠢᠨ ᠤ ᠴᠠᠯᠢᠩ ᠢ ᠦᠷᠢᠲᠦᠵᠦ ᠣᠳᠠᠭᠠᠰᠢᠷᠠᠭᠤᠯᠣᠭᠰᠠᠨ ᠂ ᠰᠢᠯᠵᠢᠭᠦᠯᠦᠨ ᠳᠠᠭᠠᠭᠠᠴᠢᠯᠠᠭᠤᠯᠣᠭᠰᠠᠨ ᠂ ᠬᠠᠤᠯᠢ ᠶᠢ ᠵᠥᠷᠢᠴᠡᠨ ᠬᠤᠪᠢᠶᠠᠨ ᠳᠠᠭᠠᠭᠠᠴᠢᠯᠠᠭᠤᠯᠣᠭᠰᠠᠨ ᠂ ᠪᠤᠰᠤᠳ ᠨᠢᠭᠡᠴᠢ ᠪᠤᠶᠤ ᠬᠤᠪᠢ ᠬᠥᠮᠦᠨ ᠤ ᠲᠣᠰ ᠨᠢᠭᠡᠴᠢ ᠶᠢᠨ ᠢᠶᠠᠨ ᠨᠡᠷ᠎ᠡ ᠪᠠᠷ ᠪᠠᠷᠢᠯᠭ᠎ᠠ ᠶᠢ ᠳᠠᠭᠠᠭᠠᠴᠢᠯᠠᠨ ᠠᠪᠬᠤ ᠶᠢ ᠵᠦᠪᠰᠢᠶᠡᠷᠡᠭᠰᠡᠨ ᠂ ᠬᠢᠷᠢ ᠬᠡᠮ ᠤᠨ ᠭᠤᠶᠤᠴᠢᠯᠠᠯ ᠤᠨ ᠳᠤᠮᠳᠠ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠭ᠎ᠠ ᠠᠵᠤ ᠠᠬᠤᠶᠢᠯᠠᠯ ᠂ ᠠᠮᠠᠯᠠᠯᠳᠠ ᠪᠠᠨ ᠮᠡᠳᠡᠭᠳᠡᠬᠦ ᠠᠷᠭ᠎ᠠ ᠮᠠᠶ᠋ᠢᠭ ᠢᠶᠠᠷ ᠬᠢᠷᠢ ᠬᠡᠮ ᠤᠯᠬᠤ ᠪᠠᠷ ᠭᠤᠶᠤᠴᠢᠯᠠᠭᠰᠠᠨ ᠠᠵᠤ ᠠᠬᠤᠶᠢᠯᠠᠯ ᠂ ᠣᠷᠢᠵᠦ ᠬᠡᠷᠡᠭᠯᠡᠭᠰᠡᠨ ᠠᠵᠢᠯ ᠮᠡᠷᠭᠡᠵᠢᠯ ᠤᠨ ᠬᠢᠷᠢ ᠬᠡᠮ ᠲᠠᠢ ᠠᠵᠢᠯᠲᠠᠨ ᠨᠢ ᠬᠦᠴᠣᠨ ᠦᠭᠡᠢ ᠪᠣᠯᠣᠭᠰᠠᠨ ᠪᠠ ᠳᠠᠩᠰᠠᠯᠠᠯᠲᠠ ᠨᠢ ᠬᠦᠴᠣᠨ ᠦᠭᠡᠢ ᠪᠣᠯᠣᠭᠰᠠᠨ ᠠᠵᠦ ᠠᠬᠤᠶᠢᠯᠠᠯ᠂ ᠤᠷᠢᠵᠤ ᠬᠡᠷᠡᠭᠯᠡᠭᠰᠡᠨ ᠨᠢᠭᠡ ᠵᠢᠯ ᠤᠨ ᠳᠣᠲᠣᠷ᠎ᠠ ᠳᠠᠩᠰᠠᠯᠠᠭᠤᠯᠤᠭᠰᠠᠨ ᠨᠢᠭᠡᠴᠢ ᠶᠢᠨ 2 ᠤᠳᠠᠭ᠎ᠠ ᠵᠢᠴᠢ ᠲᠡᠭᠦᠨ ᠠᠴᠠ ᠳᠡᠭᠡᠭᠰᠢᠬᠢ ᠠᠵᠢᠯ ᠮᠡᠷᠭᠡᠵᠢᠯ ᠤᠨ ᠬᠢᠷᠢ ᠬᠡᠮ ᠲᠠᠢ ᠬᠥᠮᠦᠰ ᠢ ᠬᠤᠪᠢᠷᠠᠭᠤᠯᠣᠭᠰᠠᠨ ᠠᠵᠤ ᠠᠬᠤᠶᠢᠯᠠᠯ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠨᠲᠤ ᠪᠠᠷᠢᠯᠭ᠎ᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠳᠡᠭᠡᠷᠡᠬᠢ ᠬᠢᠷᠢ ᠬᠡᠮ ᠤᠨ ᠬᠥᠳᠡᠯᠦᠩᠭᠦᠶ ᠰᠡᠷᠡᠮᠵᠢᠯᠡᠭᠦᠯᠦᠯ ᠤᠨ ᠠᠵᠤ ᠠᠬᠤᠶᠢᠯᠠᠯ ᠂ ᠪᠥᠬᠦ ᠤᠯᠤᠰ ᠤᠨ ᠢᠨᠵᠧᠨᠧᠷᠢᠩ ᠤᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ᠂ ᠪᠥᠲᠥᠭᠡᠨ ᠪᠠᠶᠢᠭᠤᠯᠣᠯᠲᠠ ᠶᠢᠨ ᠢᠨᠵᠧᠨᠧᠷᠢᠩ ᠤᠨ ᠬᠢᠨᠠᠨ ᠬᠠᠮᠢᠶᠠᠷᠴᠤ ᠪᠦᠷᠢᠳᠬᠡᠨ ᠪᠠᠶᠢᠴᠠᠭᠠᠬᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠲᠤ 2024 ᠣᠨ ᠤ ᠪᠦᠷᠢᠳᠬᠡᠭᠰᠡᠨ ᠪᠠᠶᠢᠳᠠᠯ ᠢ ᠲᠠᠭᠯᠠᠨ ᠮᠡᠳᠡᠭᠦᠯᠦᠭᠰᠡᠨ ᠦᠭᠡᠢ ᠠᠵᠤ ᠠᠬᠤᠶᠢᠯᠠᠯ ᠂ ᠪᠤᠰᠤᠳ ᠭᠤᠤᠯᠳᠠᠯᠭ᠎ᠠ ᠲᠠᠢ ᠬᠢᠨᠠᠨ ᠪᠠᠶᠢᠴᠠᠭᠠᠬᠤ ᠶᠤᠰᠤᠲᠠᠢ ᠠᠵᠤ ᠠᠬᠤᠶᠢᠯᠠᠯ ᠃    ᠲᠣᠰ ᠤᠳᠠᠭᠠᠨ ᠤ ᠬᠢᠨᠠᠨ ᠪᠠᠶᠢᠴᠠᠭᠠᠬᠤ ᠪᠣᠳᠠᠲᠠᠶ ᠠᠵᠢᠯ ᠢ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠪᠠᠶᠢᠭ᠎ᠠ ᠭᠠᠵᠠᠷ ᠤᠨ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ᠳᠥᠷᠪᠡ᠂ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠰᠢᠢᠳᠪᠦᠷᠢᠯᠡᠯᠲᠡ    ︵ᠨᠢᠭᠡ︶  ︽ᠬᠢᠷᠢ ᠬᠡᠮ ᠨᠢ ᠬᠡᠪ ᠤᠨ ᠪᠤᠰᠤ ︾ ᠭᠡᠳᠡᠭ ᠢ ᠲᠣᠳᠣᠷᠬᠠᠶᠢᠯᠠᠨ᠎ᠠ ᠃ ᠬᠢᠨᠠᠨ ᠪᠠᠶᠢᠴᠠᠭᠠᠬᠤ ᠪᠠᠷ ᠳᠠᠮᠵᠢᠨ ᠬᠢᠷᠢ ᠬᠡᠮ ᠤᠨ ᠪᠠᠷᠢᠮᠵᠢᠶ᠎ᠠ ᠳᠤ ᠨᠡᠶᠢᠴᠡᠬᠦ ᠥᠬᠡᠶ ᠠᠵᠤ ᠠᠬᠤᠶᠢᠯᠠᠯ ᠳᠤ᠂ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠪᠠᠭᠤᠯᠭᠠᠬᠤ ᠶᠢᠨ ᠬᠠᠮᠲᠤ᠂ ᠣᠶᠤᠨᠴᠢ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠪᠴᠠᠩ ᠳᠡᠭᠡᠷ᠎ᠡ ︽ᠬᠢᠷᠢ ᠴᠢᠳᠠᠮᠵᠢ ᠶᠢᠨ ᠬᠡᠪ ᠤᠨ ᠪᠤᠰᠤ︾ ᠭᠡᠵᠦ ᠲᠣᠳᠣᠷᠬᠠᠶᠢᠯᠠᠨ᠎ᠠ᠃    ︵ᠬᠤᠶᠠᠷ︶ ︽ᠬᠢᠷᠢ ᠬᠡᠮ  ᠨᠢ ᠬᠡᠪ ᠤᠨ ᠪᠣᠰᠤ︾ ᠭᠡᠬᠦ ᠲᠣᠳᠣᠷᠬᠠᠶᠢᠯᠠᠯᠲᠠ ᠶᠢ ᠦᠭᠡᠶᠢᠰᠭᠡᠨ᠎ᠡ ᠃ ᠲᠣᠳᠣᠷᠬᠠᠶᠢᠯᠠᠨ ᠬᠠᠳᠠᠬᠤ ᠰᠠᠯᠠᠭ᠎ᠠ ᠮᠥᠴᠢᠷ  ᠨᠢ ︽ᠬᠢᠷᠢ ᠬᠡᠮ  ᠨᠢ ᠬᠡᠪ ᠤᠨ ᠪᠣᠰᠤ︾ ᠭᠡᠰᠡᠨ ᠲᠣᠳᠣᠷᠬᠠᠶᠢᠯᠠᠯᠲᠠ ᠶᠢ ᠬᠦᠴᠦᠨ ᠦᠭᠡᠢ ᠪᠣᠯᠭᠠᠬᠤ ᠶᠢ ᠬᠠᠷᠢᠭᠤᠴᠠᠨ᠎ᠠ ᠃ ︽ᠬᠢᠷᠢ ᠴᠢᠳᠠᠮᠵᠢ ᠨᠢ ᠬᠡᠪ ᠤᠨ ᠪᠤᠰᠤ︾ ᠭᠡᠵᠦ ᠲᠣᠳᠣᠷᠬᠠᠶᠢᠯᠠᠭᠳᠠᠭᠰᠠᠨ ᠠᠵᠤ ᠠᠬᠤᠶᠢᠯᠠᠯ ᠨᠢ᠂ ᠲᠣᠳᠣᠷᠬᠠᠶᠢᠯᠠᠯᠲᠠ ᠬᠢᠭᠰᠡᠨ ᠤ ᠳᠠᠷᠠᠭᠠᠬᠢ 3 ᠰᠠᠷ᠎ᠠ ᠶᠢᠨ ᠳᠣᠲᠣᠷ᠎ᠠ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠲᠣᠳᠣᠷᠬᠠᠶᠢᠯᠠᠯᠲᠠ ᠬᠢᠭᠰᠡᠨ ᠰᠠᠯᠠᠭ᠎ᠠ ᠮᠥᠴᠢᠷ  ᠨᠢ 1 ᠰᠠᠷ᠎ᠠ ᠶᠢᠨ ᠳᠣᠲᠣᠷ᠎ᠠ ᠲᠡᠭᠦᠨ ᠤ ᠲᠣᠳᠣᠷᠬᠠᠶᠢᠯᠠᠭᠰᠠᠨ ᠠᠵᠤ ᠠᠬᠤᠶᠢᠯᠠᠯ ᠳᠤ ᠳᠠᠬᠢᠨ ᠬᠢᠨᠠᠯᠲᠠ ᠬᠢᠵᠦ᠂ ᠳᠠᠬᠢᠨ ᠭᠢᠨᠠᠭᠠᠳ ᠬᠢᠷᠢ ᠬᠡᠮ ᠤᠨ ᠪᠠᠷᠢᠮᠵᠢᠶ᠎ᠠ ᠳᠤ ᠨᠡᠶᠢᠴᠡᠪᠡᠯ᠂ ︽ᠬᠢᠷᠢ ᠬᠡᠮ  ᠨᠢ ᠬᠡᠪ ᠤᠨ ᠪᠤᠰᠤ︾ ᠭᠡᠬᠦ ᠲᠣᠳᠣᠷᠬᠠᠶᠢᠯᠠᠯᠲᠠ ᠶᠢ ᠬᠦᠴᠦᠨ ᠥᠬᠡᠶ ᠪᠣᠯᠭᠠᠬᠤ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠳᠠᠭᠤᠰᠬᠤ ᠠᠴᠠ ᠡᠮᠦᠨ᠎ᠡ ᠠᠵᠤ ᠠᠬᠤᠶᠢᠯᠠᠯ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠪᠠᠶᠢᠪᠠᠯ᠂ ᠲᠣᠳᠣᠷᠬᠠᠶᠢᠯᠠᠯᠲᠠ ᠬᠢᠭᠰᠡᠨ ᠰᠠᠯᠠᠭ᠎ᠠ ᠮᠥᠴᠢᠷ ᠲᠤ ᠳᠠᠬᠢᠨ ᠬᠢᠨᠠᠭᠤᠯᠬᠤ ᠪᠠᠷ ᠭᠤᠶᠤᠴᠢᠯᠠᠵᠤ ᠪᠣᠯᠤᠨ᠎ᠠ᠃    ︵ᠭᠤᠷᠪᠠ︶ ︽ᠬᠢᠷᠢ ᠬᠡᠮ ᠨᠢ ᠬᠡᠪ ᠤᠨ ᠪᠤᠰᠤ︾ ᠠᠵᠤ ᠠᠬᠤᠶᠢᠯᠠᠯ ᠢ ᠲᠥᠪᠯᠡᠷᠡᠭᠦᠯᠦᠨ ᠢᠯᠡ ᠨᠡᠶᠢᠲᠡᠯᠡᠨ᠎ᠡ᠃ ᠣᠶᠤᠨᠴᠢ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠪᠴᠠᠩ ᠳᠡᠭᠡᠷ᠎ᠡ ︽ᠬᠢᠷᠢ ᠬᠡᠮ ᠨᠢ ᠬᠡᠪ ᠤᠨ ᠪᠤᠰᠤ︾ ᠭᠡᠵᠦ ᠲᠣᠳᠣᠷᠬᠠᠶᠢᠯᠠᠭᠳᠠᠭᠰᠠᠨ ᠠᠵᠤ ᠠᠬᠤᠶᠢᠯᠠᠯ ᠢ ᠳᠠᠬᠢᠨ ᠬᠢᠨᠠᠭᠠᠳ ᠮᠥᠨ ᠯᠠ ᠬᠢᠷᠢ ᠬᠡᠮ ᠤᠨ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠪᠠᠯ᠂ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠣᠶᠤᠨᠴᠢ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠪᠴᠠᠩ ᠳᠡᠭᠡᠷ᠎ᠡ ᠲᠥᠪᠯᠡᠷᠡᠭᠦᠯᠦᠨ ᠢᠯᠡ ᠨᠡᠶᠢᠲᠡᠯᠡᠨ᠎ᠡ᠃ᠲᠠᠪᠤ᠂ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠬᠡᠷᠡᠭᠯᠡᠯᠲᠡ    ︵ᠨᠢᠭᠡ︶ ︽ᠬᠢᠷᠢ ᠬᠡᠮ ᠨᠢ ᠬᠡᠪ ᠤᠨ ᠪᠤᠰᠤ︾ ᠭᠡᠵᠦ ᠲᠣᠳᠣᠷᠬᠠᠶᠢᠯᠠᠭᠳᠠᠭᠰᠠᠨ ᠠᠵᠤ ᠠᠬᠤᠶᠢᠯᠠᠯ ᠳᠤ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠣᠨ᠎ᠡ ᠃ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠳᠡᠭᠡᠷ᠎ᠡ ᠳᠤᠷᠠᠳᠤᠭᠰᠠᠨ ᠠᠵᠤ ᠠᠬᠤᠶᠢᠯᠠᠯ ᠤᠨ ᠳᠠᠭᠠᠭᠠᠨ ᠠᠪᠤᠭᠰᠠᠨ ᠪᠠᠷᠢᠯᠭ᠎ᠠ ᠶᠢᠨ ᠲᠥᠷᠥᠯ ᠵᠦᠢᠯ ᠳᠤ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠨ᠂ ᠪᠠᠶᠢᠴᠠᠭᠠᠬᠤ ᠤᠳᠠᠭ᠎ᠠ ᠪᠠᠨ ᠨᠡᠮᠡᠭᠳᠡᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ ᠴᠠᠭ ᠲᠤᠬᠠᠶ ᠳᠤ ᠨᠢ ᠰᠢᠢᠳᠪᠦᠷᠢᠯᠡᠬᠦ ᠬᠡᠷᠡᠭᠲᠡᠶ᠃    ︵ᠬᠤᠶᠠᠷ︶ ︽ᠬᠢᠷᠢ ᠬᠡᠮ ᠨᠢ ᠬᠡᠪ ᠤᠨ ᠪᠤᠰᠤ︾ ᠭᠡᠵᠦ ᠲᠣᠳᠣᠷᠬᠠᠶᠢᠯᠠᠭᠳᠠᠭᠰᠠᠨ ᠠᠵᠤ ᠠᠬᠤᠶᠢᠯᠠᠯ ᠨᠢ ᠲᠣᠳᠣᠷᠬᠠᠶᠢᠯᠠᠭᠳᠠᠭᠰᠠᠨ ᠬᠤᠭᠤᠴᠠᠭᠠᠨ ᠳᠤ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠤᠨ ᠵᠥᠪᠰᠢᠶᠡᠷᠡᠯ ᠤᠨ ᠵᠦᠢᠯᠡᠰ ᠢ ᠭᠤᠶᠣᠴᠢᠯᠠᠵᠦ ᠪᠣᠯᠬᠤ ᠥᠬᠡᠶ᠃    ︵ᠭᠤᠷᠪᠠ︶ ᠢᠨᠵᠧᠨᠧᠷᠢᠩ ᠤᠨ ᠪᠦᠲᠦᠭᠡᠨ ᠪᠠᠶᠢᠭᠤᠯᠣᠯᠲᠠ ᠶᠢᠨ ᠨᠢᠭᠡᠴᠢ ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠬᠢᠷᠢ ᠭᠡᠮ ᠨᠢ ᠬᠡᠪ ᠤᠨ ᠪᠤᠰᠤ︾ ᠭᠡᠵᠦ ᠲᠣᠳᠣᠷᠬᠠᠶᠢᠯᠠᠭᠳᠠᠭᠰᠠᠨ ᠠᠵᠤ ᠠᠬᠤᠶᠢᠯᠠᠯ ᠤᠨ ᠪᠠᠷᠢᠯᠭ᠎ᠠ ᠳᠠᠭᠠᠭᠠᠨ ᠠᠪᠬᠤ ᠶᠢ ᠪᠣᠯᠭᠤᠮᠵᠢᠲᠠᠶ ᠰᠣᠩᠭᠤᠬᠤ ᠬᠡᠷᠡᠭᠲᠡᠶ᠃    ︵ᠲᠦᠷᠪᠡ︶ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠮᠥᠨ ᠯᠡ ᠬᠢᠷᠢ ᠬᠡᠮ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠬᠠᠩᠭᠠᠵᠤ ᠳᠡᠶᠢᠯᠬᠦ ᠥᠬᠡᠶ ᠠᠵᠤ ᠠᠬᠤᠶᠢᠯᠠᠯ ᠢ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠰᠢᠢᠳᠪᠦᠷᠢᠯᠡᠭᠰᠡᠨ ᠰᠠᠨᠠᠯ ᠵᠢᠴᠢ ᠬᠠᠮᠢᠶ᠎ᠠ ᠪᠥᠬᠦᠶ ᠭᠡᠷᠡᠴᠢ ᠪᠠᠷᠢᠮᠲᠠ ᠶᠢ ᠬᠢᠷᠢ ᠬᠡᠮ ᠤᠨ ᠵᠥᠪᠰᠢᠶᠡᠷᠡᠯ ᠤᠨ ᠪᠠᠶᠢᠭᠤᠯᠭ᠎ᠠ ᠳᠤ ᠳᠡᠪᠰᠢᠭᠦᠯᠦᠨ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ ᠃    ︵ᠲᠠᠪᠤ ︶ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ︽ᠬᠢᠷᠢ ᠬᠡᠮ ᠨᠢ ᠬᠡᠪ ᠤᠨ ᠪᠤᠰᠤ︾ ᠭᠡᠵᠦ ᠲᠣᠳᠣᠷᠬᠠᠶᠢᠯᠠᠭᠰᠠᠨ ᠠᠵᠤ ᠠᠬᠤᠶᠢᠯᠠᠯ ᠤᠨ ᠨᠡᠷᠡᠰ ᠢ ᠴᠠᠭ ᠲᠤᠬᠠᠶ ᠳᠤ ᠨᠢ ᠲᠣᠰ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠦᠢᠯᠡᠴᠢᠯᠡᠭᠡᠨ ᠤ ᠪᠠᠶᠢᠭᠤᠯᠤᠮᠵᠢ ︵ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ  ᠨᠢ ᠦᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠨ ᠤ ᠦᠢᠯᠡᠴᠢᠯᠡᠭᠡᠨ ᠤ ᠪᠠᠶᠢᠭᠤᠯᠣᠮᠵᠢ ᠳᠤ ᠵᠡᠷᠭᠡ ᠪᠠᠷ ᠳᠠᠮᠵᠢᠭᠤᠯᠤᠨ ᠬᠦᠷᠭᠡᠬᠦ ᠬᠡᠷᠡᠭᠲᠡᠶ︶ ᠳᠤ ᠬᠦᠷᠭᠡᠬᠦ ᠬᠡᠷᠡᠭᠲᠡᠢ᠃ᠵᠢᠷᠭᠤᠭ᠎ᠠ᠂ ᠠᠵᠢᠯ ᠤᠨ ᠱᠠᠭᠠᠷᠳᠠᠯᠭ᠎ᠠ    ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠢᠨᠠᠨ ᠪᠠᠶᠢᠴᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠭᠦᠨ ᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ︽ᠦᠷᠭᠡᠳᠬᠡᠬᠦ ᠂ ᠴᠢᠩᠭ᠎ᠠ ᠬᠠᠮᠢᠶᠠᠷᠬᠤ᠂ ᠬᠦᠨᠳᠦ ᠪᠠᠷ ᠲᠣᠷᠭᠠᠬᠤ︾ ᠶᠢ ᠪᠠᠷᠢᠮᠲᠠᠯᠠᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠂ ᠪᠠᠶᠢᠴᠠᠭᠠᠬᠤ ᠬᠦᠴᠦᠨ ᠢ ᠨᠢᠭᠡᠳᠦᠯᠲᠡᠶ ᠲᠥᠯᠥᠪᠯᠡᠵᠦ᠂ ᠬᠢᠨᠠᠨ ᠬᠠᠮᠢᠶᠠᠷᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠢᠨᠠᠨ ᠪᠠᠶᠢᠴᠠᠭᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠢᠨᠠᠨ ᠪᠠᠶᠢᠴᠠᠭᠠᠬᠤ ᠳᠤᠮᠳᠠ ᠠᠵᠤ ᠠᠬᠤᠶᠢᠯᠠᠯ ᠤᠨ ᠬᠢᠷᠢ ᠬᠡᠮ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠬᠠᠩᠭᠠᠭᠰᠠᠨ ᠥᠬᠡᠶ ᠵᠢᠴᠢ ︽ᠦᠨᠡᠮᠯᠡᠯ ᠡᠯᠭᠦᠭᠰᠡᠨ︾ ᠪᠠᠶᠢᠳᠠᠯ ᠢ ᠣᠯᠵᠤ ᠮᠡᠳᠡᠪᠡᠯ᠂ ᠡᠷᠬᠡᠪᠰᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠬᠢᠨᠠᠯᠲᠠ ᠬᠠᠮᠢᠶᠠᠷᠤᠯᠲᠠ ᠪᠠᠷ ᠴᠢᠩᠭ᠎ᠠ ᠥᠬᠡᠶ᠂ ᠰᠢᠢᠳᠬᠡᠯ ᠢᠶᠠᠷ ᠴᠢᠩᠭ᠎ᠠ ᠪᠤᠰᠤ᠂ ᠰᠠᠬᠢᠯᠭ᠎ᠠ ᠪᠠᠲᠤ ᠲᠦᠷᠢᠮ ᠲᠣᠭᠲᠠᠭᠠᠯ ᠢ ᠵᠥᠷᠢᠴᠡᠭᠰᠡᠨ ᠵᠡᠷᠭᠡ ᠠᠰᠠᠭᠤᠳᠠᠯ ᠢ ᠡᠷᠡᠰ ᠬᠤᠷᠢᠭᠯᠠᠬᠤ ᠬᠡᠷᠡᠭᠲᠡᠶ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ