ᠪᠠᠷᠢᠯᠭ᠎ᠠ ᠪᠠᠷᠢᠬᠤ ᠠᠮᠤᠷ ᠲᠦᠪᠰᠢᠨ ᠤ ᠲᠤᠰᠬᠠᠶ ᠮᠡᠷᠭᠡᠵᠢᠯ ᠤᠨ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠭᠡᠰᠢᠭᠦᠨ ᠤ ᠨᠡᠷᠡᠰ ᠢ ᠳᠠᠬᠢᠨᠲᠠ ᠢᠯᠡ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2025/4/3
    ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ︽ᠠᠶᠤᠯᠲᠤ ᠴᠢᠨᠠᠷ ᠢᠶᠠᠷ ᠨᠡᠯᠢᠶᠡᠳ ᠶᠡᠭᠡ ᠬᠡᠰᠡᠭ ᠲᠦᠷᠦᠯ ᠬᠤᠪᠢᠶᠠᠭᠰᠠᠨ ᠪᠠᠷᠢᠯᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ 37 ᠳ᠋ᠤᠭᠠᠷ ᠲᠣᠭᠠᠲᠤ ᠵᠠᠷᠯᠢᠭ︶᠂ ︽ᠪᠠᠷᠢᠯᠭ᠎ᠠ ᠪᠠᠷᠢᠬᠤ ᠠᠮᠤᠷ ᠲᠦᠪᠰᠢᠨ ᠤ ᠲᠤᠰᠬᠠᠶ ᠮᠡᠷᠭᠡᠵᠢᠯ ᠤᠨ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠭᠡᠰᠢᠭᠦᠨ ᠢ ᠲᠠᠨᠢᠯᠴᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠪᠠᠶᠢᠭᠤᠯᠤᠯᠲᠠ ᠴᠢᠨᠠᠷ ᠵᠠᠬᠢᠳᠠᠯ ﹇2024 ﹈ 236 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠪᠢ ᠬᠥᠮᠦᠨ ᠤ ᠭᠤᠶᠤᠴᠢᠯᠠᠯ ᠪᠠ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠩᠬᠠᠨ ᠤ ᠬᠢᠨᠠᠯᠲᠠ ᠪᠠᠷ ᠳᠡᠮᠵᠢᠨ᠂ ᠮᠠᠨ ᠤ ᠲᠢᠩᠬᠢᠮ ᠠᠴᠠ ᠲᠠᠨᠢᠯᠴᠠᠭᠤᠯᠣᠭᠰᠠᠨ ᠮᠠᠲ᠋ᠧᠷᠢᠶᠠᠯ ᠳᠤ ᠳᠠᠬᠢᠨ ᠬᠢᠨᠠᠯᠲᠠ ᠬᠢᠵᠦ ᠂ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠤ ᠲᠤᠰᠬᠠᠶ ᠮᠡᠷᠭᠡᠵᠢᠯ ᠤᠨ ᠲᠤᠰᠬᠠᠶ ᠮᠡᠷᠭᠡᠵᠢᠯᠲᠡᠨ ᠤ ᠬᠥᠮᠥᠷᠭᠡ ᠶᠢᠨ  ᠭᠡᠰᠢᠭᠦᠨ ᠤ ᠨᠡᠷᠡᠰ ᠢ ᠰᠤᠳᠤᠯᠤᠨ ᠲᠣᠭᠲᠠᠭᠠᠬᠤ ᠪᠠᠷ ᠳᠡᠮᠵᠢᠨ᠂ ᠡᠳᠦᠭᠡ ᠳᠠᠬᠢᠨᠲᠠ ᠢᠯᠡ ᠨᠡᠶᠢᠲᠡᠯᠡᠶ᠎ᠡ ᠂ ᠢᠯᠡ ᠨᠡᠶᠢᠲᠡᠯᠡᠬᠦ ᠡᠳᠦᠷ ᠬᠤᠭᠤᠴᠠᠭ᠎ᠠ ᠶᠢᠨ ᠳᠠᠭᠤᠰᠬᠤ ᠴᠠᠭ ᠨᠢ 2025 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠪᠣᠯᠣᠨ᠎ᠠ ᠃    ᠢᠯᠡ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠢᠯᠡ ᠨᠡᠶᠢᠲᠡᠯᠡᠬᠦ ᠲᠥᠷᠥᠯ ᠵᠦᠢᠯ ᠳᠤ ᠣᠨᠳᠣᠤ ᠰᠠᠨᠠᠯ ᠲᠠᠢ ᠪᠠᠶᠢᠪᠠᠯ᠂ ᠴᠥᠮ ᠮᠠᠨ ᠤ ᠲᠢᠩᠬᠢᠮ ᠳᠤ ᠲᠤᠰᠬᠠᠵᠤ ᠪᠣᠯᠤᠨ᠎ᠠ᠂ ᠲᠤᠰᠬᠠᠭᠰᠠᠨ ᠪᠠᠶᠢᠳᠠᠯ ᠨᠢ ᠦᠨᠡᠨ ᠠᠴᠠ ᠵᠥᠪ ᠢ ᠡᠷᠢᠬᠦ ᠬᠡᠷᠡᠭᠲᠡᠶ᠃ ᠨᠢᠭᠡᠴᠢ ᠶᠢᠨ ᠨᠡᠷ᠎ᠡ ᠪᠠᠷ ᠪᠠᠶᠢᠳᠠᠯ ᠢ ᠲᠤᠰᠬᠠᠭᠰᠠᠨ ᠪᠠᠶᠢᠪᠠᠯ᠂ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠶ ᠂ ᠬᠤᠪᠢ ᠬᠥᠮᠦᠨ ᠤ ᠨᠡᠷ᠎ᠡ ᠪᠠᠷ ᠪᠠᠶᠢᠳᠠᠯ ᠢ ᠲᠤᠰᠬᠠᠭᠰᠠᠨ ᠪᠠᠶᠢᠪᠠᠯ᠂ ᠦᠨᠡᠨ ᠪᠣᠳᠠᠲᠠᠶ ᠣᠪᠣᠭ ᠨᠡᠷ᠎ᠡ ᠳᠤ ᠭᠠᠷ ᠤᠨ ᠦᠰᠦᠭ ᠵᠢᠷᠤᠬᠤ ᠶᠢᠨ ᠬᠠᠮᠲᠤ ᠬᠠᠷᠢᠯᠴᠠᠬᠤ ᠣᠲᠠᠰᠣ ᠪᠠᠨ ᠦᠯᠡᠳᠡᠭᠡᠬᠦ ᠬᠡᠷᠡᠭᠲᠡᠶ᠃    ᠬᠠᠷᠢᠯᠴᠠᠬᠤ ᠤᠲᠠᠰᠤ᠄ 0471 - 6610269    ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠴᠢᠩᠭᠢᠰ ᠬᠠᠭᠠᠨ ᠶᠡᠭᠡ ᠵᠡᠭᠡᠯᠢ ᠶᠢᠨ 15 ᠳ᠋ᠤᠭᠠᠷ ᠨᠣᠮᠧᠷ ᠤᠨ ᠪᠥᠲᠥᠭᠡᠨ ᠪᠠᠶᠢᠭᠤᠯᠤᠯᠲᠠ ᠶᠢᠨ ᠲᠣᠮᠣ ᠠᠰᠠᠷ ᠤᠨ 609 ᠲᠠᠰᠤᠭ     ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠪᠠᠷᠢᠬᠤ ᠠᠮᠤᠷ ᠲᠦᠪᠰᠢᠨ ᠤ ᠲᠤᠰᠬᠠᠶ ᠮᠡᠷᠭᠡᠵᠢᠯ ᠤᠨ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠭᠡᠰᠢᠭᠦᠨ ᠤ ᠨᠡᠷᠡᠰ    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ                    2025 ᠣᠨ ᠤ 3 ᠳ᠋ᠤᠭᠠᠷ ᠰᠠᠷ᠎ᠠ ᠶᠢᠨ 26 ᠤ ᠡᠳᠦᠷ

 

ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ