ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ 2025 ᠣᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ᠎ᠶ᠋ᠢᠨ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠠᠳᠭᠤᠭ᠍ᠰᠠᠨ ᠲᠤᠱᠢᠶᠠᠯ᠎ᠤᠨ ᠮᠡᠳᠡᠭᠦᠯᠦᠯᠲᠡ᠎ᠶ᠋ᠢ ᠦᠨᠡᠯᠡᠬᠦ᠌ ᠶᠡᠭᠡ ᠬᠤᠷᠠᠯ ᠬᠤᠷᠠᠯᠳᠤᠭᠤᠯᠪᠠ
2026-01-07

  1 ᠳ᠋ᠦ᠍ᠭᠡᠷ ᠰᠠᠷ᠎ᠠ᠎ᠶ᠋ᠢᠨ 7 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ 2025 ᠣᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ᠎ᠶ᠋ᠢᠨ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠠᠳᠭᠤᠭ᠍ᠰᠠᠨ ᠲᠤᠱᠢᠶᠠᠯ᠎ᠤᠨ ᠮᠡᠳᠡᠭᠦᠯᠦᠯᠲᠡ᠎ᠶ᠋ᠢ ᠦᠨᠡᠯᠡᠬᠦ᠌ ᠶᠡᠭᠡ ᠬᠤᠷᠠᠯ ᠬᠤᠷᠠᠯᠳᠤᠭᠤᠯᠵᠤ᠂ ᠲᠢᠩᠬᠢᠮ᠎ᠤᠨ ᠪᠠᠢᠭᠤᠯᠭ᠎ᠠ ᠪᠠ ᠲᠢᠩᠬᠢᠮ᠎ᠤᠨ ᠬᠠᠷᠢᠶ᠎ᠠ ᠨᠢᠭᠡᠴᠢ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ᠎ᠶ᠋ᠢᠨ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠠᠳᠭᠤᠭ᠍ᠰᠠᠨ ᠲᠤᠱᠢᠶᠠᠯ᠎ᠤᠨ ᠮᠡᠳᠡᠭᠦᠯᠦᠯᠲᠡ᠎ᠶ᠋ᠢ ᠰᠣᠨᠣᠰᠤᠭ᠍ᠰᠠᠨ ᠪᠥᠭᠡᠳ ᠦᠨᠡᠯᠡᠯᠲᠡ ᠬᠢᠪᠡ᠃ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠣᠣ ᠳ᠋ᠠ ᠶᠦᠩ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠠᠶ᠃

 

 

  ᠬᠤᠷᠠᠯ ᠳᠡᠭᠡᠷ᠎ᠡ᠂ ᠡᠯ᠎ᠡ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ ᠨᠢᠭᠡᠳ ᠨᠢᠭᠡ᠎ᠪᠠᠷ ᠠᠬᠤᠢ ᠲᠠᠯᠠᠪᠠᠢ᠎ᠶ᠋ᠢᠨ ᠲᠤᠱᠢᠶᠠᠯ᠎ᠤᠨ ᠮᠡᠳᠡᠭᠦᠯᠦᠯᠲᠡ ᠬᠢᠵᠡᠢ᠃ ᠬᠤᠷᠠᠯ᠎ᠠᠴᠠ 《ᠨᠢᠭᠡ ᠮᠡᠳᠡᠭᠦᠯᠦᠯᠲᠡ ᠨᠢᠭᠡ ᠦᠨᠡᠯᠡᠯᠲᠡ》 ᠎ᠶ᠋ᠢᠨ ᠠᠷᠭ᠎ᠠ ᠬᠡᠯᠪᠡᠷᠢ᠎ᠪᠠᠷ ᠦᠨᠡᠯᠡᠯᠲᠡ ᠬᠢᠵᠦ᠍᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠠᠳᠭᠤᠭ᠍ᠰᠠᠨ ᠦᠷ᠎ᠡ ᠪᠦᠲᠦᠮᠵᠢ ᠪᠠ ᠬᠢᠯᠠᠰ ᠴᠡᠭ᠎ᠢ ᠨᠤᠲᠠᠯᠠᠭ᠍ᠰᠠᠨ ᠪᠥᠭᠡᠳ ᠣᠷᠣᠱᠢᠵᠤ ᠪᠠᠢᠭ᠎ᠠ ᠳᠤᠲᠠᠭᠤᠳᠠᠯ᠎ᠢ ᠪᠤᠰᠤᠳᠴᠢ ᠪᠥᠭᠡᠳ ᠣᠨᠣᠪᠴᠢᠲᠠᠶ ᠵᠢᠭᠠᠵᠤ ᠭᠠᠷᠭᠠᠬᠤ᠎ᠶ᠋ᠢᠨ ᠬᠠᠮᠲᠤ ᠴᠢᠩᠭᠠᠳᠭᠠᠨ ᠰᠠᠢᠵᠢᠷᠠᠭᠤᠯᠬᠤ ᠴᠢᠭ᠌ᠯᠡᠯ᠎ᠢ ᠳᠤᠷᠠᠳᠤᠨ ᠭᠠᠷᠭᠠᠪᠠ᠃

  ᠬᠤᠷᠠᠯ᠎ᠠᠴᠠ᠂ 2025 ᠣᠨ᠎ᠳᠤ ᠪᠦᠬᠦ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠱᠢᠰᠲ᠋ᠧᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤᠳᠭᠠᠬᠤ᠎ᠪᠠᠷ ᠠᠵᠢᠯ᠎ᠤᠨ ᠭᠤᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ ᠨᠢᠭᠡᠳᠦᠭᠡᠷ ᠬᠠᠷᠢᠭᠤᠴᠠᠯᠭᠠᠲᠠᠨ᠎ᠤ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠬᠤ᠂ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠵᠡᠷᠭᠡ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠯᠤᠰ ᠲᠦᠷᠦ᠍᠎ᠶ᠋ᠢᠨ ᠪᠠᠢᠭᠤᠯᠭ᠎ᠠ᠎ᠶ᠋ᠢᠨ ᠪᠠᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠨᠠᠮ᠎ᠤᠨ ᠪᠠᠢᠭᠤᠯᠤᠯᠲᠠ᠎ᠪᠠᠷ ᠲᠤᠬᠠᠢᠯᠠᠭ᠍ᠰᠠᠨ ᠠᠵᠢᠯ᠎ᠤᠨ ᠬᠥᠭ᠌ᠵᠢᠯᠲᠡ᠎ᠶ᠋ᠢ ᠬᠦᠳᠦᠯᠦᠨ ᠳᠠᠭᠠᠭᠤᠯᠬᠤ ᠴᠢᠳᠠᠪᠤᠷᠢ ᠱᠢᠨ᠎ᠡ ᠳᠡᠭᠡᠭ᠌ᠰᠢᠯᠡᠯᠲᠡ᠎ᠲᠠᠢ ᠪᠣᠯᠵᠠᠢ ᠭᠡᠵᠦ᠍ ᠵᠢᠭᠠᠵᠤ ᠭᠠᠷᠭᠠᠪᠠ᠃

  ᠬᠤᠷᠠᠯ᠎ᠠᠴᠠ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠤᠳᠤᠷᠢᠳᠭᠤ ᠪᠠᠭ᠎ᠤᠨ ᠭᠡᠰᠢᠭᠦᠨ ᠭᠤᠣᠯ ᠡᠭᠦᠷᠭᠡ᠎ᠶ᠋ᠢᠨ ᠲᠣᠭᠤᠷᠢᠨ᠎ᠳᠤ 《ᠨᠢᠭᠡ ᠠᠵᠢᠯ᠎ᠤᠨ ᠪᠠᠢᠷᠢ᠎ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠌》 ᠎ᠶ᠋ᠢ ᠰᠠᠢᠲᠤᠷ ᠨᠠᠢᠳᠠᠪᠤᠷᠢᠵᠢᠭᠤᠯᠵᠤ᠂ ᠨᠠᠮ᠎ᠤᠨ ᠪᠠᠢᠭᠤᠯᠤᠯᠲᠠ ᠪᠣᠯᠤᠨ ᠲᠤᠬᠠᠢᠯᠠᠭ᠍ᠰᠠᠨ ᠠᠵᠢᠯ᠎ᠢ ᠬᠠᠮᠲᠤ᠎ᠳᠤᠨᠢ ᠲᠥᠯᠥᠪᠵᠢᠭᠦᠯᠵᠦ᠍᠂ ᠬᠠᠮᠲᠤ᠎ᠳᠤᠨᠢ ᠪᠠᠢᠷᠢᠯᠠᠭᠤᠯᠵᠤ᠂ ᠬᠠᠮᠲᠤ᠎ᠳᠤᠨᠢ ᠨᠠᠢᠳᠠᠪᠤᠷᠢᠵᠢᠭᠤᠯᠵᠤ᠂ ᠬᠠᠮᠲᠤ᠎ᠳᠤᠨᠢ ᠪᠠᠢᠴᠠᠭᠠᠬᠤ᠎ᠶ᠋ᠢ ᠦᠨᠡᠨᠬᠦ᠌ ᠠᠬᠢᠭᠤᠯᠬᠤ ᠬᠡᠷᠡᠭ᠌ᠲᠡᠢ᠃ ᠪᠠᠢᠭᠠᠯᠢ᠎ᠶ᠋ᠢᠨ ᠡᠬᠢ ᠪᠠᠶᠠᠯᠢᠭ᠎ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ᠎ᠳᠤ ᠰᠠᠭᠤᠷᠢᠯᠠᠵᠤ᠂ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠠᠴᠢᠶᠠᠯᠠᠪᠤᠷᠢ ᠪᠣᠯᠤᠨ ᠠᠷᠭ᠎ᠠ ᠬᠡᠯᠪᠡᠷᠢ᠎ᠶ᠋ᠢᠨ ᠱᠢᠨ᠎ᠡ᠎ᠶ᠋ᠢ ᠲᠠᠰᠤᠷᠠᠯᠲᠠ ᠦᠭᠡᠢ ᠡᠭᠦᠳᠴᠦ᠍᠂ 《ᠨᠢᠭᠡ ᠡᠭᠦᠷ ᠨᠢᠭᠡ ᠨᠡᠷᠡᠲᠦ ᠲᠡᠮᠳᠡᠭ》 ᠎ᠢ ᠡᠭᠦᠳᠦᠨ ᠪᠠᠢᠭᠤᠯᠬᠤ ᠠᠵᠢᠯ᠎ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠪᠠᠢᠭᠠᠯᠢ᠎ᠶ᠋ᠢᠨ ᠡᠬᠢ ᠪᠠᠶᠠᠯᠢᠭ᠎ᠤᠨ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃

  ᠲᠢᠩᠬᠢᠮ᠎ᠤᠨ ᠤᠳᠤᠷᠢᠳᠤᠯᠭ᠎ᠠ᠂ ᠶᠡᠷᠦᠩᠬᠡᠶ ᠲᠥᠯᠥᠪᠵᠢᠭᠦᠯᠦᠭ᠌ᠴᠢ᠂ ᠶᠡᠷᠦᠩᠬᠡᠶ ᠢᠨᠵᠧᠨᠧᠷ᠂ ᠲᠢᠩᠬᠢᠮ᠎ᠤᠨ ᠪᠠᠢᠭᠤᠯᠭ᠎ᠠ᠎ᠶ᠋ᠢᠨ ᠡᠯ᠎ᠡ ᠭᠠᠵᠠᠷ ᠠᠯᠪᠠᠨ ᠲᠠᠰᠤᠭ ᠲᠣᠪᠴᠢᠶ᠎ᠠ᠂ ᠲᠢᠩᠬᠢᠮ᠎ᠤᠨ ᠬᠠᠷᠢᠶ᠎ᠠ ᠡᠯ᠎ᠡ ᠨᠢᠭᠡᠴᠢ᠂ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠶᠡᠷᠦᠩᠬᠡᠶ ᠠᠩᠭᠢ ᠪᠣᠯᠤᠨ ᠳᠤᠮᠳᠠᠳᠤ ᠤᠯᠤᠰ᠎ᠤᠨ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠬᠦᠷᠢᠶᠡᠯᠡᠩ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ ᠬᠤᠷᠠᠯ᠎ᠳᠤ ᠣᠷᠣᠯᠴᠠᠪᠠ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ