2026 ᠣᠨ᠎ᠤ ᠪᠥᠬᠦ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠠᠵᠢᠯ᠎ᠤᠨ ᠬᠤᠷᠠᠯ ᠬᠤᠷᠠᠯᠳᠤᠪᠠ
2026-01-15

  1 ᠳ᠋ᠦ᠍ᠭᠡᠷ ᠰᠠᠷ᠎ᠠ᠎ᠶ᠋ᠢᠨ 15 ᠎ᠤ ᠡᠳᠦᠷ᠂ ᠪᠦᠬᠦ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠠᠵᠢᠯ᠎ᠤᠨ ᠬᠤᠷᠠᠯ ᠬᠤᠷᠠᠯᠳᠤᠪᠠ᠃ ᠬᠤᠷᠠᠯ᠎ᠨᠢ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠣᠯᠭᠠᠬᠤ ᠭᠤᠣᠯ ᠱᠢᠵᠢᠮ᠎ᠢ ᠪᠠᠲᠤ ᠡᠵᠡᠮᠳᠡᠵᠦ᠍᠂ ᠨᠠᠮ᠎ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠲᠥᠪ᠎ᠤᠨ ᠠᠵᠤ ᠠᠬᠤᠢ᠎ᠶ᠋ᠢᠨ ᠠᠵᠢᠯ᠎ᠤᠨ ᠬᠤᠷᠠᠯ᠂ ᠬᠤᠷᠢᠳᠤᠭᠠᠷ ᠬᠤᠭᠤᠴᠠᠭᠠᠨ᠎ᠤ ᠲᠥᠪ᠎ᠤᠨ ᠰᠠᠬᠢᠯᠭ᠎ᠠ ᠪᠠᠲᠤ ᠪᠠᠢᠴᠠᠭᠠᠬᠤ ᠬᠤᠷᠢᠶᠠᠨ᠎ᠤ ᠲᠠᠪᠤᠳᠤᠭᠠᠷ ᠪᠦᠬᠦᠳᠡ ᠬᠤᠷᠠᠯ᠂ ᠪᠦᠬᠦ᠌ ᠤᠯᠤᠰ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠠᠵᠢᠯ᠎ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ᠂ ᠠᠷᠪᠠᠨ ᠨᠢᠭᠡᠳᠦᠭᠡᠷ ᠤᠳᠠᠭ᠎ᠠ᠎ᠶ᠋ᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠬᠤᠭᠤᠴᠠᠭ᠎ᠠ ᠪᠣᠯᠤᠨ 2025 ᠣᠨ᠎ᠤ ᠠᠵᠢᠯ᠎ᠢ ᠱᠢᠰᠲ᠋ᠧᠮ᠎ᠲᠠᠢ ᠳ᠋ᠦᠩᠨᠡᠵᠦ᠍᠂ 《ᠠᠷᠪᠠᠨ ᠲᠠᠪᠤᠳᠤᠭᠠᠷ ᠲᠠᠪᠤᠨ ᠵᠢᠯ》 ᠎ᠤᠨ ᠬᠤᠭᠤᠴᠠᠭ᠎ᠠ ᠪᠣᠯᠤᠨ 2026 ᠣᠨ᠎ᠤ ᠠᠵᠢᠯ᠎ᠢ ᠲᠥᠯᠥᠪᠵᠢᠭᠦᠯᠦᠨ ᠪᠠᠢᠷᠢᠯᠠᠭᠤᠯᠵᠠᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠶᠣᠣ ᠶᠦᠩ ᠪᠥᠸᠧ ᠴᠣᠬᠤᠯᠠᠪᠤᠷᠢ ᠥᠭ᠌ᠴᠦ᠂ ᠪᠥᠬᠦ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠠᠵᠢᠯ᠎ᠢ ᠰᠠᠢᠲᠤᠷ ᠬᠢᠬᠦ᠌ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ᠃ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠣᠣ ᠳ᠋ᠠ ᠶᠦᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

 

 

  ᠶᠣᠣ ᠶᠦᠩ ᠪᠥᠸᠧ ᠴᠣᠬᠤᠯᠠᠪᠤᠷᠢ᠎ᠳᠠᠭᠠᠨ᠂ ᠥᠩᠭᠡᠷᠡᠭ᠌ᠰᠡᠨ ᠨᠢᠭᠡ ᠵᠢᠯ᠎ᠳᠤ᠂ ᠪᠦᠬᠦ᠌ ᠣᠷᠣᠨ᠎ᠤ ᠡᠯ᠎ᠡ ᠱᠠᠲᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠤᠨ᠎ᠬᠢᠨ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠭᠠᠵᠠᠷ ᠱᠢᠷᠣᠢ᠂ ᠠᠭᠤᠷᠬᠠᠢ᠎ᠶ᠋ᠢᠨ ᠭᠠᠷᠤᠯᠲᠠ ᠵᠡᠷᠭᠡ ᠡᠬᠢ ᠪᠠᠶᠠᠯᠢᠭ᠎ᠤᠨ ᠡᠯᠧᠮᠧᠨ᠋ᠲ᠎ᠤᠨ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠱᠢᠨ᠎ᠡ ᠨᠢᠭᠡ ᠡᠭᠡᠯᠵᠢ᠎ᠶ᠋ᠢᠨ ᠠᠭᠤᠷᠬᠠᠢ ᠡᠷᠢᠬᠦ᠌ ᠱᠢᠪᠲᠤᠯᠤᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠠᠵᠢᠯᠯᠠᠭ᠎ᠠ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠡᠯ᠎ᠡ ᠵᠦᠢᠯ᠎ᠤᠨ ᠠᠵᠢᠯ᠎ᠳᠤ ᠱᠢᠨ᠎ᠡ ᠦᠷ᠎ᠡ ᠪᠦᠲᠦᠮᠵᠢ᠂ ᠱᠢᠨ᠎ᠡ ᠱᠢᠪᠲᠤᠯᠤᠯᠲᠠ᠎ᠲᠠᠢ ᠪᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠠᠢ᠃  2026 ᠣᠨ᠎ᠳᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠠᠵᠢᠯ᠎ᠨᠢ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠵᠤ᠂ ᠨᠠᠮ᠎ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠲᠠᠢ ᠨᠢᠭ᠍ᠲᠠ ᠤᠶᠠᠯᠳᠤᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠤᠨ ᠠᠵᠢᠯ᠎ᠤᠨ ᠭᠤᠣᠯ ᠱᠤᠭᠤᠮ᠎ᠢ ᠪᠠᠲᠤ ᠴᠣᠭ᠍ᠴᠠᠯᠠᠬᠤ᠎ᠶ᠋ᠢ ᠪᠠᠷᠢᠮᠲᠠᠯᠠᠵᠤ᠂ ᠤᠯᠤᠰ᠎ᠤᠨ ᠭᠠᠵᠠᠷ ᠱᠢᠷᠣᠢ᠎ᠶ᠋ᠢᠨ ᠣᠷᠣᠨ ᠵᠠᠢ᠎ᠶ᠋ᠢᠨ ᠲᠥᠯᠥᠪᠵᠢᠭᠦᠯᠭᠡ᠎ᠶ᠋ᠢᠨ ᠬᠦᠳᠦᠯᠦᠨ ᠳᠠᠭᠠᠭᠤᠯᠬᠤ ᠦᠢᠯᠡᠳᠦᠯ᠎ᠢ ᠪᠠᠳᠠᠷᠠᠭᠤᠯᠵᠤ᠂ ᠲᠠᠷᠢᠶᠠᠨ ᠭᠠᠵᠠᠷ᠎ᠤᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠬᠦ᠌ ᠪᠠ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠠᠬᠢᠭᠤᠯᠵᠤ᠂ ᠤᠯᠤᠰ᠎ᠤᠨ ᠭᠠᠵᠠᠷ ᠱᠢᠷᠣᠢ᠎ᠶ᠋ᠢᠨ ᠣᠷᠣᠨ ᠵᠠᠢ᠎ᠶ᠋ᠢᠨ ᠠᠮᠢ ᠠᠬᠤᠢ᠎ᠶ᠋ᠢ ᠰᠡᠷᠭᠦᠭᠡᠬᠦ᠌ ᠡᠷᠴᠢᠮ᠎ᠢ ᠴᠢᠩᠭᠠᠷᠠᠭᠤᠯᠵᠤ᠂ ᠭᠠᠵᠠᠷ ᠵᠦᠢ᠎ᠶ᠋ᠢᠨ ᠮᠡᠳᠡᠭᠡ ᠵᠠᠩᠭᠢ ᠪᠣᠯᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠦᠢᠯᠡᠴᠢᠯᠡᠭᠡᠨ᠎ᠤ ᠲᠤᠯᠭᠠᠭᠤᠷᠢᠯᠠᠯ᠎ᠢ ᠴᠢᠩᠭᠠᠳᠭᠠᠵᠤ᠂ ᠲᠣᠭᠤᠷᠢᠨ ᠪᠠᠢᠴᠠᠭᠠᠵᠤ ᠬᠢᠨᠠᠨ ᠪᠤᠳᠤᠬᠤ ᠬᠢᠨᠠᠨ ᠪᠠᠢᠴᠠᠭᠠᠵᠤ ᠬᠠᠷᠢᠭᠤ ᠲᠤᠰᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠠᠬᠢᠭᠤᠯᠵᠤ᠂ ᠵᠣᠷᠢᠭ᠍ᠲᠠᠢ᠎ᠪᠠᠷ ᠤᠷᠤᠭ᠍ᠰᠢᠯᠠᠵᠤ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠍᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》 ᠎ᠤᠨ ᠰᠠᠢᠨ ᠡᠬᠢᠯᠡᠯᠲᠡ᠎ᠶ᠋ᠢ ᠪᠡᠶᠡᠯᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭ᠍ᠰᠠᠨ ᠥᠪᠥᠷ ᠮᠣᠩᠭᠤᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠤ ᠪᠠᠢᠭᠠᠯᠢ᠎ᠶ᠋ᠢᠨ ᠡᠬᠢ ᠪᠠᠶᠠᠯᠢᠭ᠎ᠤᠨ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ!

  ᠬᠤᠷᠠᠯ᠎ᠠᠴᠠ᠂ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠪᠥᠬᠦ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠱᠢᠰᠲ᠋ᠧᠮ ᠰᠢ᠎ᠶ᠋ᠢᠨ ᠫᠢᠩ᠎ᠤᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ᠎ᠶ᠋ᠢᠨ ᠫᠢᠩ᠎ᠤᠨ 《ᠭᠤᠷᠪᠠ᠎ᠶ᠋ᠢ ᠣᠢᠯᠠᠭᠠᠬᠤ》 ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ 《ᠬᠤᠶᠠᠷ ᠶᠡᠭᠡ ᠶᠠᠪᠤᠳᠠᠯ》 ᠎ᠢ ᠰᠠᠢᠲᠤᠷ ᠬᠢᠬᠦ᠂ 《ᠵᠢᠷᠭᠤᠭᠠᠨ ᠢᠨᠵᠧᠨᠧᠷᠢᠩ》 ᠎ᠢ ᠬᠡᠷᠡᠭ᠌ᠵᠢᠭᠦᠯᠬᠦ᠂ 《ᠵᠢᠷᠭᠤᠭᠠᠨ ᠠᠵᠢᠯᠯᠠᠭ᠎ᠠ》 ᠎ᠶ᠋ᠢ ᠥᠷᠨᠢᠭᠦᠯᠬᠦ᠌᠎ᠲᠠᠢ ᠨᠢᠭ᠍ᠲᠠ ᠤᠶᠠᠯᠳᠤᠭᠤᠯᠤᠨ᠂ 《ᠬᠤᠶᠠᠷ᠎ᠢ ᠨᠢᠭᠡᠳᠭᠡᠬᠦ᠌》 ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭᠠᠶ ᠭᠦᠢᠴᠡᠳᠭᠡᠵᠦ᠍᠂ ᠪᠠᠢᠭᠠᠯᠢ᠎ᠶ᠋ᠢᠨ ᠡᠬᠢ ᠪᠠᠶᠠᠯᠢᠭ᠎ᠤᠨ ᠦᠢᠯᠡᠰ᠎ᠤᠨ ᠱᠢᠨ᠎ᠡ ᠳᠡᠭ᠌ᠲᠡᠷ᠎ᠲᠤ ᠭᠠᠷᠬᠤ᠎ᠶ᠋ᠢ ᠪᠥᠬᠦ᠌ ᠲᠠᠯ᠎ᠠ᠎ᠪᠠᠷ ᠠᠬᠢᠭᠤᠯᠪᠠ᠃ ᠲᠠᠪᠤᠨ ᠵᠢᠯ᠎ᠤᠨ ᠲᠤᠷᠰᠢ᠂ ᠤᠯᠤᠰ᠎ᠤᠨ  ᠭᠠᠵᠠᠷ ᠰᠢᠷᠤᠢ᠎ᠶᠢᠨ ᠣᠷᠣᠨ ᠵᠠᠢ᠎ᠶ᠋ᠢᠨ ᠲᠥᠯᠥᠪᠵᠢᠭᠦᠯᠭᠡ᠎ᠶ᠋ᠢᠨ ᠱᠢᠰᠲ᠋ᠧᠮ᠎ᠢ ᠪᠦᠬᠦ᠌ ᠲᠠᠯ᠎ᠠ᠎ᠪᠠᠷ ᠪᠠᠢᠭᠤᠯᠵᠤ᠂ ᠡᠬᠢ ᠪᠠᠶᠠᠯᠢᠭ᠎ᠤᠨ ᠡᠯᠧᠮᠧᠨ᠋ᠲ᠎ᠤᠨ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠪᠠᠢᠭᠠᠯᠢ᠎ᠶ᠋ᠢᠨ ᠡᠬᠢ ᠪᠠᠶᠠᠯᠢᠭ᠎ᠤᠨ ᠠᠱᠢᠭ᠍ᠯᠠᠯᠲᠠ᠎ᠶ᠋ᠢᠨ ᠦᠷ᠎ᠡ ᠪᠦᠲᠦᠮᠵᠢ᠎ᠶ᠋ᠢ ᠢᠯᠡᠳᠲᠡ ᠳᠡᠭᠡᠭ᠌ᠰᠢᠯᠡᠭᠦᠯᠵᠦ᠍᠂ ᠠᠮᠢ ᠠᠬᠤᠢ᠎ᠶ᠋ᠢ ᠬᠠᠮᠠᠭᠠᠯᠠᠨ ᠰᠡᠷᠭᠦᠭᠡᠬᠦ᠌ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠦᠷᠭᠦᠯᠵᠢᠯᠡᠨ ᠴᠢᠩᠭᠠᠷᠠᠭᠤᠯᠪᠠ᠃ 2025 ᠣᠨ᠎ᠳᠤ᠂ ᠪᠥᠬᠦ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠱᠢᠰᠲ᠋ᠧᠮ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠪᠠ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠱᠢᠷᠭᠠᠭᠤ ᠬᠠᠲᠠᠭᠤᠵᠢᠯᠲᠠᠶ ᠠᠵᠢᠯᠯᠠᠵᠤ᠂ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠨ᠂ ᠣᠨ᠎ᠤ ᠡᠯ᠎ᠡ ᠵᠦᠢᠯ᠎ᠤᠨ ᠭᠤᠤᠯᠳᠠᠯᠭ᠎ᠠ᠎ᠲᠠᠢ ᠠᠵᠢᠯ᠎ᠤᠨ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭ᠎ᠠ᠎ᠶ᠋ᠢ ᠲᠡᠭᠦᠰ ᠠᠮᠵᠢᠯᠲᠠ᠎ᠲᠠᠢ ᠲᠡᠭᠦᠰᠭᠡᠬᠦ᠌ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

 

 

  ᠬᠤᠷᠠᠯ᠎ᠠᠴᠠ᠂ 《ᠠᠷᠪᠠᠨ ᠲᠠᠪᠤᠳᠤᠭᠠᠷ ᠲᠠᠪᠤᠨ ᠵᠢᠯ》 ᠎ᠤᠨ ᠬᠤᠭᠤᠴᠠᠭ᠎ᠠ ᠪᠣᠯ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠰᠠᠭᠤᠷᠢ᠎ᠶ᠋ᠢ ᠪᠠᠬᠢᠵᠢᠭᠦᠯᠵᠦ᠍᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠴᠠᠭ ᠬᠤᠭᠤᠴᠠᠭ᠎ᠠ ᠪᠣᠯᠤᠨ᠎ᠠ᠂ ᠮᠥᠨᠴᠦ᠍ ᠥᠪᠥᠷ ᠮᠣᠩᠭᠤᠯ᠎ᠤᠨ ᠴᠢᠨᠠᠷ ᠰᠠᠢᠲᠠᠢ ᠬᠥᠭ᠌ᠵᠢᠯᠲᠡ᠂ ᠱᠢᠨ᠎ᠡ ᠵᠠᠮ᠎ᠢ ᠲᠦᠷᠭᠡᠳᠭᠡᠨ ᠨᠡᠭᠡᠭᠡᠬᠦ᠌ ᠵᠠᠩᠭᠢᠯᠠᠭ᠎ᠠ᠎ᠶ᠋ᠢᠨ ᠴᠠᠭ ᠬᠤᠭᠤᠴᠠᠭ᠎ᠠ ᠪᠣᠯᠤᠨ᠎ᠠ᠃ ᠪᠥᠬᠦ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠠᠵᠢᠯ᠎ᠤᠨ ᠭᠤᠤᠯ ᠬᠠᠷᠠᠯᠲᠠ ᠡᠭᠦᠷᠭᠡ ᠪᠣᠯ᠄ ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠶ᠎ᠶ᠋ᠢᠨ ᠪᠠᠢᠷᠢᠱᠢᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠬᠦᠴᠦᠨ ᠵᠦᠢᠯ᠎ᠤᠨ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠦᠨ᠂ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ᠎ᠳᠤ ᠪᠣᠬᠢᠷᠲᠤᠯ ᠥᠬᠡᠶ ᠥᠨᠳᠥᠷ ᠪᠦᠲᠦᠮᠵᠢᠲᠡᠶ ᠪᠠᠢᠯᠭᠠᠵᠤ᠂ ᠠᠮᠢ ᠠᠬᠤᠶ᠎ᠶ᠋ᠢ ᠬᠠᠮᠠᠭᠠᠯᠠᠨ ᠰᠡᠷᠭᠦᠭᠡᠬᠦ᠌ ᠦᠷ᠎ᠡ ᠪᠦᠲᠦᠮᠵᠢ᠎ᠶ᠋ᠢ ᠢᠯᠡᠳᠲᠡ ᠳᠡᠭᠡᠭ᠌ᠰᠢᠯᠡᠭᠦᠯᠦᠨ᠂ ᠶᠡᠷᠦᠩᠬᠡᠢᠯᠡᠨ ᠵᠠᠰᠠᠬᠤ ᠬᠢᠷᠢ ᠬᠡᠮᠵᠢᠶ᠎ᠡ᠎ᠶ᠋ᠢ ᠢᠯᠡᠳᠲᠡ ᠳᠡᠭᠡᠭ᠌ᠰᠢᠯᠡᠭᠦᠯᠦᠨ᠎ᠡ᠃

  ᠬᠤᠷᠠᠯ᠎ᠠᠴᠠ᠂ 2026 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ《1571》 ᠠᠵᠢᠯ᠎ᠤᠨ ᠪᠠᠢᠷᠢᠯᠠᠭᠤᠯᠤᠯᠲᠠ ᠪᠣᠯᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ 《ᠠᠷᠪᠠ᠎ᠶ᠋ᠢ ᠦᠷᠭᠦᠯᠵᠢᠯᠡᠨ ᠠᠬᠢᠭᠤᠯᠬᠤ》 ᠠᠵᠢᠯ᠎ᠤᠨ ᠲᠤᠬᠢᠷᠠᠭᠤᠯᠤᠯᠳᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠷᠪᠠᠨ ᠲᠠᠯ᠎ᠠ᠎ᠶ᠋ᠢᠨ ᠠᠵᠢᠯ᠎ᠢ ᠭᠤᠣᠯᠳᠠᠯᠭ᠎ᠠ᠎ᠲᠠᠢ ᠰᠠᠢᠲᠤᠷ ᠠᠳᠭᠤᠬᠤ ᠬᠡᠷᠡᠭ᠌ᠲᠡᠢ ᠭᠡᠵᠦ ᠱᠠᠭ᠋ᠠᠷᠳᠠᠪᠠ᠃ ᠨᠢᠭᠡ᠎ᠳᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠬᠦᠷᠢᠶᠡᠨ᠎ᠳᠠᠬᠢ ᠬᠤᠳᠠᠯᠳᠤᠭ᠎ᠠ ᠡᠷᠭᠢᠯᠡᠬᠦ᠌ ᠣᠷᠴᠢᠨ ᠨᠦᠬᠦᠴᠡᠯ᠎ᠢ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠭᠠᠵᠠᠷ ᠬᠡᠷᠡᠭ᠌ᠯᠡᠬᠦ᠌᠎ᠶ᠋ᠢ ᠬᠢᠨᠠᠨ ᠵᠥᠪᠱᠢᠶᠡᠷᠡᠬᠦ᠌ ᠲᠦᠷᠢᠮ᠎ᠤᠨ ᠥᠭᠡᠷᠡᠴᠢᠯᠡᠯᠲᠡ᠎ᠶ᠋ᠢ ᠠᠬᠢᠭᠤᠯᠤᠨ᠂ ᠪᠠᠢᠭᠠᠯᠢ᠎ᠶ᠋ᠢᠨ ᠡᠬᠢ ᠪᠠᠶᠠᠯᠢᠭ᠎ᠤᠨ ᠬᠠᠮᠢᠶᠠᠷᠤᠯᠲᠠ ᠪᠠ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ 《ᠨᠢᠭᠡ ᠵᠢᠷᠤᠭ》 ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠠᠵᠤ ᠠᠬᠤᠶ᠎ᠶ᠋ᠢᠨ ᠲᠣᠮᠣ ᠬᠤᠲᠠ᠎ᠶ᠋ᠢᠨ ᠴᠢᠬᠤᠯᠠ ᠡᠭᠦᠷᠭᠡ ᠡᠭᠦᠷᠭᠡᠯᠡᠬᠦ᠌᠎ᠶ᠋ᠢ ᠳᠡᠮᠵᠢᠵᠦ᠍᠂ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠱᠢᠭ᠍ᠯᠠᠬᠤ᠎ᠶ᠋ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠶᠡᠭᠡ ᠲᠠᠯ᠎ᠠ᠎ᠳᠤ ᠪᠥᠬᠦ᠌ ᠬᠦᠴᠦᠨ᠎ᠢᠶᠠᠷ᠎ᠢᠶᠠᠨ ᠦᠢᠯᠡᠴᠢᠯᠡᠨ᠎ᠡ᠃ ᠬᠤᠶᠠᠷ᠎ᠲᠤ᠌᠂ ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ ᠬᠥᠲᠥᠯᠥᠨ ᠳᠠᠭᠠᠭᠤᠯᠬᠤ ᠦᠢᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠭᠤᠤᠯ ᠴᠣᠭ᠍ᠴᠠ᠎ᠶ᠋ᠢᠨ ᠴᠢᠳᠠᠮᠵᠢᠲᠤ ᠣᠷᠣᠨ᠎ᠤ ᠪᠠᠢᠯᠳᠤᠬᠤ ᠪᠣᠳᠣᠯᠭ᠎ᠠ᠎ᠶ᠋ᠢ ᠨᠠᠷᠢᠯᠢᠭ ᠣᠨᠣᠴᠠᠲᠠᠶ᠎ᠪᠠᠷ ᠨᠠᠢᠳᠠᠪᠤᠷᠢᠵᠢᠭᠤᠯᠬᠤ᠎ᠶ᠋ᠢ ᠬᠠᠮᠵᠢᠯᠴᠠᠨ ᠠᠬᠢᠭᠤᠯᠵᠤ᠂ ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠶ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠦᠨ᠂ ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ ᠬᠠᠮᠢᠶᠠᠷᠤᠯᠲᠠ᠎ᠶ᠋ᠢᠨ ᠲᠦᠷᠢᠮ᠎ᠢ ᠦᠷᠭᠦᠯᠵᠢᠯᠡᠨ ᠲᠡᠭᠦᠯᠳᠡᠷᠵᠢᠭᠦᠯᠵᠦ᠍᠂ ᠬᠠᠮᠢᠶ᠎ᠠ ᠪᠥᠬᠦᠶ ᠲᠤᠰᠭᠠᠶ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠵᠤ ᠬᠡᠷᠡᠭ᠌ᠵᠢᠭᠦᠯᠬᠦ᠌᠎ᠶ᠋ᠢ ᠪᠥᠬᠦ᠌ ᠲᠠᠯ᠎ᠠ᠎ᠪᠠᠷ ᠲᠦᠷᠭᠡᠳᠭᠡᠵᠦ᠍᠂ ᠳᠠᠪᠠᠭᠤᠯᠢᠭ ᠲᠠᠯ᠎ᠠ᠎ᠪᠠᠷ᠎ᠢᠶᠠᠨ ᠬᠠᠷᠢᠯᠴᠠᠨ ᠨᠥᠬᠦᠪᠥᠷᠢᠯᠡᠭ᠌ᠰᠡᠨ᠂ ᠴᠢᠨᠠᠷ ᠰᠠᠢᠲᠠᠶ ᠬᠥᠭ᠌ᠵᠢᠭ᠌ᠰᠡᠨ ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠶ᠎ᠶ᠋ᠢᠨ ᠱᠢᠰᠲ᠋ᠧᠮ᠎ᠢ ᠪᠥᠬᠦ᠌ ᠬᠦᠴᠦᠨ᠎ᠢᠶᠠᠷ᠎ᠢᠶᠠᠨ ᠪᠠᠢᠭᠤᠯᠤᠨ᠎ᠠ᠃ ᠭᠤᠷᠪᠠ᠎ᠳᠤ᠂ ᠲᠠᠷᠢᠶᠠᠨ ᠭᠠᠵᠠᠷ᠎ᠤᠨ 《ᠭᠤᠷᠪᠠ᠎ᠶ᠋ᠢ ᠨᠢᠭᠡ ᠴᠤᠭ᠍ᠴᠠᠵᠢᠭᠤᠯᠬᠤ》 ᠬᠠᠮᠠᠭᠠᠯᠠᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠴᠢᠩᠭ᠎ᠠ ᠰᠠᠬᠢᠵᠤ᠂ ᠲᠠᠷᠢᠶᠠᠨ ᠭᠠᠵᠠᠷ᠎ᠢ ᠬᠠᠮᠠᠭᠠᠯᠠᠬᠤ ᠪᠠ ᠤᠯᠤᠰ᠎ᠤᠨ ᠭᠠᠵᠠᠷ ᠰᠢᠷᠤᠢ᠎ᠶᠢᠨ ᠨᠣᠭᠤᠭᠠᠷᠠᠭᠤᠯᠤᠯᠲᠠ᠎ᠶ᠋ᠢᠨ ᠣᠷᠣᠨ ᠵᠠᠶ᠎ᠶ᠋ᠢᠨ ᠲᠤᠰᠭᠠᠶ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠵᠤ᠂ ᠡᠵᠡᠯᠡᠬᠦ᠌ ᠨᠥᠬᠦᠪᠥᠷᠢᠯᠡᠬᠦ᠌᠎ᠶ᠋ᠢ ᠲᠡᠩᠴᠡᠭᠦᠷᠢᠲᠡᠶ ᠬᠠᠮᠢᠶᠠᠷᠬᠤ᠎ᠶ᠋ᠢ ᠴᠢᠩᠳᠠᠯᠠᠵᠤ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠱᠢᠯᠢᠳᠡᠭ᠌ᠵᠢᠭᠦᠯᠦᠨ ᠲᠣᠬᠢᠷᠠᠭᠤᠯᠬᠤ᠎ᠶ᠋ᠢ ᠠᠬᠢᠭᠤᠯᠵᠤ᠂ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠤᠯᠤᠰ᠎ᠤᠨ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ᠎ᠶ᠋ᠢᠨ ᠦᠢᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠰᠠᠭᠤᠷᠢ᠎ᠶ᠋ᠢ ᠪᠥᠬᠦ᠌ ᠬᠦᠴᠦᠨ᠎ᠢᠶᠠᠷ᠎ᠢᠶᠠᠨ ᠪᠠᠬᠢᠵᠢᠭᠦᠯᠬᠦ᠌ ᠬᠡᠷᠡᠭ᠌ᠲᠡᠢ᠃ ᠳᠥᠷᠪᠡ᠎ᠳᠤ᠂ ᠠᠭᠤᠷᠬᠠᠢ᠎ᠶ᠋ᠢᠨ ᠡᠬᠢ ᠪᠠᠶᠠᠯᠢᠭ᠎ᠢ ᠬᠠᠢᠨ ᠪᠠᠢᠴᠠᠭᠠᠵᠤ ᠨᠡᠭᠡᠭᠡᠨ ᠠᠱᠢᠭ᠍ᠯᠠᠬᠤ ᠪᠠ ᠨᠥᠭᠡᠴᠡ᠎ᠶ᠋ᠢ ᠨᠡᠮᠡᠭ᠌ᠳᠡᠭᠦᠯᠬᠦ᠌᠎ᠶ᠋ᠢ ᠤᠯᠠᠮ ᠨᠢᠭᠡ ᠠᠯᠬᠤᠮ ᠠᠬᠢᠭᠤᠯᠵᠤ᠂ ᠱᠢᠨ᠎ᠡ ᠨᠢᠭᠡᠨ ᠡᠭᠡᠯᠵᠢ᠎ᠶ᠋ᠢᠨ ᠠᠭᠤᠷᠬᠠᠢ ᠡᠷᠢᠬᠦ᠌ ᠱᠢᠪᠲᠤᠯᠤᠯᠲᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠠᠵᠢᠯᠯᠠᠭ᠎ᠠ᠎ᠶ᠋ᠢ ᠭᠦᠨᠵᠡᠭᠡᠢ ᠬᠡᠷᠡᠭ᠌ᠵᠢᠭᠦᠯᠦᠨ᠂ ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠪᠠᠲᠤᠯᠠᠬᠤ ᠴᠢᠳᠠᠪᠤᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠬᠠᠮᠢᠶᠠᠷᠤᠯᠲᠠ᠎ᠶ᠋ᠢ ᠪᠦᠬᠦ᠌ ᠲᠠᠯ᠎ᠠ᠎ᠪᠠᠷ ᠵᠢᠷᠤᠮᠵᠢᠭᠤᠯᠤᠨ᠂ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢ ᠪᠦᠬᠦ᠌ ᠬᠦᠴᠦᠨ᠎ᠢᠶᠠᠷ ᠲᠤᠯᠭᠠᠭᠤᠷᠢᠯᠠᠨ᠎ᠠ᠃ ᠲᠠᠪᠤ᠎ᠳᠤ᠂ ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠶ᠎ᠶ᠋ᠢᠨ ᠠᠮᠢ ᠠᠬᠤᠶ᠎ᠶ᠋ᠢ ᠰᠡᠷᠭᠦᠭᠡᠬᠦ᠌ ᠡᠷᠴᠢᠮ᠎ᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠭᠤᠷᠬᠠᠶ᠎ᠶ᠋ᠢᠨ ᠠᠮᠢ ᠠᠬᠤᠶ᠎ᠶ᠋ᠢ ᠰᠡᠷᠭᠦᠭᠡᠬᠦ᠌ ᠬᠢᠨᠠᠯᠲᠠ ᠬᠠᠮᠢᠶᠠᠷᠤᠯᠲᠠ᠎ᠶ᠋ᠢ ᠦᠨᠡᠨᠬᠦ᠌ ᠴᠢᠩᠭᠠᠳᠭᠠᠵᠤ᠂ ᠲᠡᠤᠬᠡᠨ᠎ᠠᠴᠠ ᠦᠯᠡᠳᠡᠭ᠌ᠳᠡᠵᠦ᠍ ᠢᠷᠡᠭ᠌ᠰᠡᠨ ᠬᠠᠶᠠᠭ᠍ᠳᠠᠮᠠᠯ ᠠᠭᠤᠷᠬᠠᠶ᠎ᠶ᠋ᠢᠨ ᠠᠮᠢ ᠠᠬᠤᠶ᠎ᠶ᠋ᠢ ᠰᠡᠷᠭᠦᠭᠡᠬᠦ᠌᠎ᠶ᠋ᠢ ᠲᠦᠷᠭᠡᠳᠭᠡᠨ ᠠᠬᠢᠭᠤᠯᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠣᠭ᠍ᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ᠌ ᠢᠨᠵᠧᠨᠧᠷᠢᠩ᠎ᠢ ᠨᠢᠭᠡᠳᠦᠯᠲᠡᠶ ᠲᠥᠯᠥᠪᠯᠡᠨ ᠰᠦᠪᠡᠭ᠌ᠴᠢᠯᠡᠵᠦ᠍᠂ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠠᠰ ᠳᠡᠪᠱᠢᠬᠦ᠌᠎ᠶ᠋ᠢ ᠪᠥᠬᠦ᠌ ᠬᠦᠴᠦᠨ᠎ᠢᠶᠠᠷ᠎ᠢᠶᠠᠨ ᠠᠬᠢᠭᠤᠯᠵᠤ᠂ ᠪᠥᠬᠦ᠌ ᠣᠷᠣᠨ ᠪᠦᠰᠡ᠎ᠶ᠋ᠢᠨ ᠭᠠᠵᠠᠷ ᠱᠢᠷᠣᠶ᠎ᠶ᠋ᠢ ᠶᠡᠷᠦᠩᠬᠡᠢᠯᠡᠨ ᠴᠡᠭ᠌ᠴᠡᠯᠡᠨ ᠵᠠᠰᠠᠬᠤ ᠲᠤᠷᠱᠢᠯᠲᠠ᠎ᠶ᠋ᠢᠨ ᠴᠡᠭ᠎ᠢ ᠡᠮᠬᠢ ᠵᠢᠷᠤᠮ᠎ᠲᠠᠢ ᠥᠷᠨᠢᠭᠦᠯᠵᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠥᠬᠦ᠌ ᠬᠦᠴᠦᠨ᠎ᠢᠶᠠᠷ᠎ᠢᠶᠠᠨ ᠪᠠᠬᠢᠵᠢᠭᠦᠯᠦᠨ᠎ᠡ᠃  ᠵᠢᠷᠭᠤᠭ᠎ᠠ᠎ᠳᠤ᠂ ᠭᠠᠵᠠᠷ ᠵᠦᠶ᠎ᠶ᠋ᠢᠨ ᠮᠡᠳᠡᠭᠡ ᠵᠠᠩᠭᠢ ᠬᠢᠭᠡᠳ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠦᠢᠯᠡᠴᠢᠯᠡᠭᠡᠨ᠎ᠤ ᠲᠤᠯᠭᠠᠭᠤᠷᠢᠯᠠᠯ᠎ᠢ ᠤᠯᠠᠮ ᠨᠢᠭᠡ ᠠᠯᠬᠤᠮ ᠴᠢᠩᠭᠠᠳᠭᠠᠵᠤ᠂ ᠪᠣᠳᠠᠲᠤ ᠦᠵᠡᠮᠵᠢ᠎ᠶ᠋ᠢᠨ ᠭᠤᠷᠪᠠᠨ ᠬᠡᠮᠵᠢᠯᠳᠦ ᠥᠪᠥᠷ ᠮᠣᠩᠭᠤᠯ᠎ᠤᠨ ᠪᠥᠲᠥᠭᠡᠨ ᠪᠠᠢᠭᠤᠯᠤᠯᠲᠠ᠎ᠶ᠋ᠢ ᠪᠥᠬᠦ᠌ ᠲᠠᠯ᠎ᠠ᠎ᠪᠠᠷ ᠠᠬᠢᠭᠤᠯᠵᠤ᠂ ᠳᠣᠬᠢᠭᠤᠷ ᠳᠣᠯᠣᠭᠠᠨ ᠣᠲᠣ ᠳᠠᠭᠠᠭᠤᠯᠢ ᠣᠳᠣᠨ᠎ᠤ ᠵᠠᠮᠴᠢᠯᠠᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠰᠠᠭᠤᠷᠢ ᠪᠠᠷᠢᠮᠵᠢᠶᠠᠲᠤ ᠥᠷᠲᠡᠭᠡᠨ ᠲᠣᠤᠷ᠎ᠤᠨ ᠪᠥᠲᠥᠭᠡᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠴᠢᠳᠠᠪᠤᠷᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠪᠡᠶ᠎ᠡ᠎ᠪᠠᠨ ᠳᠠᠭᠠᠭᠠᠵᠤ ᠱᠢᠨ᠎ᠡ᠎ᠶ᠋ᠢ ᠡᠭᠦᠳᠬᠦ᠌᠎ᠶ᠋ᠢ ᠦᠷᠭᠦᠯᠵᠢᠯᠡᠨ ᠴᠢᠩᠭᠠᠳᠭᠠᠵᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠬᠠᠮᠢᠶᠠᠷᠤᠯᠲᠠ᠎ᠶ᠋ᠢᠨ ᠲᠣᠭᠠᠴᠢᠯᠠᠭ᠍ᠰᠠᠨ ᠬᠡᠯᠪᠡᠷᠢ᠎ᠪᠠᠨ ᠬᠤᠪᠢᠷᠠᠭᠤᠯᠬᠤ᠎ᠶ᠋ᠢ ᠪᠥᠬᠦ᠌ ᠬᠦᠴᠦᠨ᠎ᠢᠶᠠᠷ᠎ᠢᠶᠠᠨ ᠠᠬᠢᠭᠤᠯᠤᠨ᠎ᠠ᠃ ᠳᠣᠯᠤᠭ᠎ᠠ᠎ᠳᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠥᠮᠴᠢᠯᠡᠬᠦ᠌ ᠡᠷᠬᠡ᠎ᠶ᠋ᠢᠨ ᠰᠠᠭᠤᠷᠢ᠎ᠶ᠋ᠢ ᠤᠯᠠᠮ ᠨᠢᠭᠡ ᠠᠯᠬᠤᠮ ᠪᠠᠬᠢᠵᠢᠭᠦᠯᠵᠦ᠍᠂ ᠪᠠᠢᠭᠠᠯᠢ᠎ᠶ᠋ᠢᠨ ᠡᠬᠢ ᠪᠠᠶᠠᠯᠢᠭ᠎ᠢ ᠪᠠᠢᠴᠠᠭᠠᠨ ᠬᠢᠨᠠᠨ ᠬᠡᠮᠵᠢᠬᠦ᠌ ᠲᠤᠯᠭᠠᠭᠤᠷᠢᠯᠠᠯ᠎ᠢ ᠴᠢᠩᠭᠠᠳᠭᠠᠵᠤ᠂ ᠪᠠᠢᠭᠠᠯᠢ᠎ᠶ᠋ᠢᠨ ᠡᠬᠢ ᠪᠠᠶᠠᠯᠢᠭ ᠪᠠ ᠥᠯᠥ᠍ ᠬᠥᠳᠡᠯᠬᠦ᠌ ᠬᠥᠷᠥᠩᠭᠡ᠎ᠶ᠋ᠢᠨ ᠡᠷᠬᠡ᠎ᠶ᠋ᠢ ᠨᠤᠲᠠᠯᠠᠨ ᠳᠠᠩᠰᠠᠯᠠᠬᠤ ᠦᠢᠯᠡᠴᠢᠯᠡᠭᠡ᠎ᠶ᠋ᠢ ᠱᠢᠯᠢᠳᠡᠭ᠌ᠵᠢᠭᠦᠯᠵᠦ᠍᠂ ᠪᠥᠬᠦ᠌ ᠠᠷᠠᠳ᠎ᠤᠨ ᠪᠣᠶ ᠪᠥᠬᠦᠶ ᠪᠠᠢᠭᠠᠯᠢ᠎ᠶ᠋ᠢᠨ ᠡᠬᠢ ᠪᠠᠶᠠᠯᠢᠭ ᠡᠳ᠋ ᠬᠥᠷᠥᠩᠭᠡ᠎ᠶ᠋ᠢᠨ ᠥᠮᠴᠢᠯᠡᠭ᠌ᠴᠢ᠎ᠶ᠋ᠢᠨ ᠡᠷᠬᠡ ᠠᠱᠢᠭ᠎ᠢ ᠪᠥᠬᠦ᠌ ᠬᠦᠴᠦᠨ᠎ᠢᠶᠠᠷ᠎ᠢᠶᠠᠨ ᠬᠠᠮᠠᠭᠠᠯᠠᠨ᠎ᠠ᠃ ᠨᠠᠢ᠍ᠮᠠ᠎ᠳᠤ᠂ ᠪᠠᠢᠭᠠᠯᠢ᠎ᠶ᠋ᠢᠨ ᠡᠬᠢ ᠪᠠᠶᠠᠯᠢᠭ᠎ᠢ ᠬᠢᠨᠠᠨ ᠪᠠᠢᠴᠠᠭᠠᠵᠤ ᠬᠠᠤᠯᠢ ᠬᠡᠷᠡᠭ᠌ᠵᠢᠭᠦᠯᠬᠦ᠌᠎ᠶ᠋ᠢ ᠤᠯᠠᠮ ᠨᠢᠭᠡ ᠠᠯᠬᠤᠮ ᠴᠢᠩᠳᠠᠯᠠᠵᠤ᠂ ᠬᠠᠤᠯᠢ᠎ᠠᠴᠠ ᠵᠥᠷᠢᠴᠡᠭ᠌ᠰᠡᠨ ᠠᠵᠢᠯᠯᠠᠭ᠎ᠠ᠎ᠳᠤ ᠴᠣᠬᠢᠯᠲᠠ ᠥᠭ᠌ᠬᠦ ᠠᠵᠢᠯ᠎ᠤᠨ ᠵᠠᠭ᠍ᠪᠤᠷ᠎ᠢ ᠲᠡᠭᠦᠯᠳᠡᠷᠵᠢᠭᠦᠯᠵᠦ᠍᠂ ᠵᠤᠷᠱᠢᠯᠲᠤ ᠬᠢᠨᠠᠨ ᠪᠠᠢᠴᠠᠭᠠᠯᠲᠠ᠎ᠶ᠋ᠢᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠴᠢᠩᠭᠠᠳᠭᠠᠵᠤ᠂ ᠴᠢᠬᠤᠯᠠ ᠶᠡᠭᠡ ᠲᠤᠰᠭᠠᠶ ᠴᠡᠭ᠌ᠴᠡᠯᠡᠨ ᠵᠠᠰᠠᠬᠤ ᠠᠵᠢᠯᠯᠠᠭ᠎ᠠ᠎ᠶ᠋ᠢ ᠠᠬᠢᠭᠤᠯᠵᠤ᠂ ᠬᠠᠮᠵᠢᠯᠴᠠᠨ ᠬᠥᠳᠡᠯᠦᠯᠴᠡᠵᠦ᠍ ᠬᠢᠨᠠᠨ ᠬᠠᠮᠢᠶᠠᠷᠬᠤ ᠡᠷᠴᠢᠮ᠎ᠢᠶᠠᠨ ᠴᠢᠩᠭᠠᠷᠠᠭᠤᠯᠵᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠬᠠᠮᠢᠶᠠᠷᠤᠯᠲᠠ᠎ᠶ᠋ᠢᠨ ᠡᠮᠬᠢ ᠳᠢᠭ᠌ᠯᠢᠮ᠎ᠢ ᠪᠥᠬᠦ᠌ ᠬᠦᠴᠦᠨ᠎ᠢᠶᠠᠷ᠎ᠢᠶᠠᠨ ᠵᠢᠷᠤᠮᠵᠢᠭᠤᠯᠤᠨ᠎ᠠ᠃ ᠶᠢᠰᠦ᠎ᠳᠤ᠂ ᠲᠣᠭᠤᠷᠢᠨ ᠪᠠᠢᠴᠠᠭᠠᠬᠤ ᠬᠢᠨᠠᠨ ᠪᠤᠳᠤᠯᠳᠠ᠎ᠶ᠋ᠢᠨ ᠬᠢᠨᠠᠨ ᠪᠠᠢᠴᠠᠭᠠᠯᠲᠠ᠎ᠶ᠋ᠢᠨ ᠬᠠᠷᠢᠭᠤ ᠲᠤᠰᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠴᠢᠨᠠᠭ᠍ᠰᠢᠳᠠ ᠠᠬᠢᠭᠤᠯᠵᠤ᠂ ᠲᠥᠪ᠎ᠤᠨ ᠲᠣᠭᠤᠷᠢᠨ ᠪᠠᠢᠴᠠᠭᠠᠯᠲᠠ᠎ᠶ᠋ᠢᠨ ᠬᠠᠷᠢᠭᠤ ᠲᠤᠰᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠬᠢᠨᠠᠨ ᠪᠤᠳᠤᠯᠳᠠ᠎ᠶ᠋ᠢᠨ ᠬᠠᠷᠢᠭᠤ ᠲᠤᠰᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠦᠷᠭᠦᠯᠵᠢᠯᠡᠨ ᠠᠬᠢᠭᠤᠯᠵᠤ᠂ ᠭᠤᠷᠪᠠᠳᠤᠭᠠᠷ ᠡᠭᠡᠯᠵᠢ᠎ᠶ᠋ᠢᠨ ᠲᠥᠪ᠎ᠤᠨ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢ ᠬᠢᠨᠠᠨ ᠪᠠᠢᠴᠠᠭᠠᠵᠤ ᠬᠠᠷᠢᠭᠤ ᠲᠤᠰᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠪᠦᠬᠦ᠌ ᠬᠦᠴᠦᠨ᠎ᠢᠶᠠᠷ ᠠᠬᠢᠭᠤᠯᠵᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠪᠦᠬᠦ᠌ ᠬᠦᠴᠦᠨ᠎ᠢᠶᠠᠷ ᠳᠡᠭᠡᠭ᠌ᠰᠢᠯᠡᠭᠦᠯᠬᠦ᠌ ᠬᠡᠷᠡᠭ᠌ᠲᠡᠢ᠃ ᠠᠷᠪᠠ᠎ᠳᠤ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠬᠠᠱᠢᠯᠭ᠎ᠠ᠎ᠶ᠋ᠢ ᠤᠯᠠᠮ ᠨᠢᠭᠡ ᠠᠯᠬᠤᠮ ᠪᠠᠬᠢᠵᠢᠭᠦᠯᠵᠦ᠍᠂ ᠵᠠᠬᠢᠳᠠᠯ ᠰᠤᠷᠪᠤᠯᠵᠢᠯᠠᠯ᠎ᠤᠨ ᠲᠣᠭ᠍ᠲᠠᠭᠤᠨ᠎ᠢ ᠬᠠᠮᠠᠭᠠᠯᠠᠬᠤ ᠠᠵᠢᠯ᠎ᠢ ᠬᠢᠨᠠᠮᠠᠭᠠᠶ ᠰᠠᠢᠲᠤᠷ ᠬᠢᠵᠦ᠍᠂ ᠵᠠᠰᠠᠭ ᠵᠠᠬᠢᠷᠭᠠᠨ᠎ᠤ ᠮᠠᠷᠭᠤᠯᠳᠤᠭᠠᠨ᠎ᠢ ᠨᠠᠮᠳᠠᠭᠤᠯᠬᠤ᠎ᠶ᠋ᠢ ᠢᠳᠡᠪᠬᠢᠲᠡᠶ ᠳᠥᠯᠭᠢᠨ ᠠᠬᠢᠭᠤᠯᠵᠤ᠂ ᠭᠠᠵᠠᠷ᠎ᠤᠨ ᠭᠠᠶ ᠭᠠᠮᠱᠢᠭ᠎ᠢ ᠰᠡᠷᠭᠡᠢᠯᠡᠨ ᠵᠠᠰᠠᠬᠤ ᠠᠵᠢᠯ᠎ᠢ ᠦᠨᠡᠨᠬᠦ᠌ ᠰᠠᠢᠲᠤᠷ ᠬᠢᠵᠦ᠍᠂ ᠠᠶᠤᠯ ᠥᠬᠡᠶ ᠦᠢᠯᠡᠳᠪᠦᠷᠢᠯᠡᠯ᠎ᠤᠨ ᠬᠠᠮᠢᠶᠠᠷᠤᠯᠲᠠ᠎ᠶ᠋ᠢ ᠪᠥᠬᠦ᠌ ᠲᠠᠯ᠎ᠠ᠎ᠪᠠᠷ ᠴᠢᠩᠭᠠᠷᠠᠭᠤᠯᠤᠨ᠂ ᠪᠠᠢᠭᠠᠯᠢ᠎ᠶ᠋ᠢᠨ ᠡᠬᠢ ᠪᠠᠶᠠᠯᠢᠭ᠎ᠤᠨ ᠱᠢᠰᠲ᠋ᠧᠮ᠎ᠤᠨ ᠠᠮᠤᠷ ᠲᠦᠪᠱᠢᠨ ᠲᠣᠭ᠍ᠲᠠᠭᠤᠨ᠎ᠢᠶᠠᠷ ᠠᠵᠢᠯᠯᠠᠬᠤ᠎ᠶ᠋ᠢ ᠪᠥᠬᠦ᠌ ᠬᠦᠴᠦᠨ᠎ᠢᠶᠠᠷ᠎ᠢᠶᠠᠨ ᠪᠠᠲᠤᠯᠠᠨ᠎ᠠ᠃

  ᠬᠤᠷᠠᠯ᠎ᠠᠴᠠ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠠᠵᠢᠯ ᠦᠢᠯᠡᠰ᠎ᠤᠨ ᠬᠥᠭ᠌ᠵᠢᠯᠲᠡ᠎ᠶ᠋ᠢ ᠬᠦᠳᠦᠯᠦᠨ ᠳᠠᠭᠠᠭᠤᠯᠵᠤ᠂ ᠤᠯᠤᠰ ᠲᠦᠷᠦ᠍᠎ᠪᠠᠷ ᠬᠦᠳᠦᠯᠦᠨ ᠳᠠᠭᠠᠭᠤᠯᠬᠤ᠎ᠶ᠋ᠢ ᠪᠠᠷᠢᠮᠲᠠᠯᠠᠵᠤ᠂ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠢᠷᠡᠯ᠎ᠢ ᠡᠰᠡᠷᠭᠦᠴᠡᠵᠦ᠍᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠴᠢᠩᠭᠠᠳᠭᠠᠵᠤ᠂ ᠠᠵᠢᠯ᠎ᠤᠨ ᠰᠤᠷᠲᠠᠯ᠎ᠢᠶᠠᠨ ᠦᠨᠡᠨᠬᠦ᠌ ᠬᠤᠪᠢᠷᠠᠭᠤᠯᠵᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠠᠵᠢᠯ᠎ᠤᠨ ᠱᠢᠨ᠎ᠡ ᠪᠠᠢᠳᠠᠯ᠎ᠢ ᠴᠢᠷᠮᠠᠢᠨ ᠡᠭᠦᠳᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃

  ᠬᠤᠷᠠᠯ᠎ᠠᠴᠠ᠂ ᠪᠦᠬᠦ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠱᠢᠰᠲ᠋ᠧᠮ᠎ᠤᠨ᠎ᠬᠢᠨ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠪᠣᠯᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠡᠩ ᠡᠷᠡᠰ ᠪᠠᠲᠤ ᠢᠲᠡᠭᠡᠯ ᠵᠣᠷᠢᠭ᠂ ᠨᠡᠩ ᠴᠤᠭ ᠪᠠᠳᠠᠷᠠᠩᠭᠤᠢ ᠲᠡᠮᠡᠴᠡᠯ᠎ᠤᠨ ᠵᠣᠷᠢᠭ᠎ᠢᠶᠠᠷ ᠡᠷᠴᠢ ᠵᠣᠷᠢᠭ᠎ᠢᠶᠠᠨ ᠬᠥᠪᠴᠢᠯᠡᠵᠦ᠍᠂ ᠵᠣᠭ᠍ᠰᠣᠯ ᠦᠭᠡᠢ ᠴᠢᠷᠮᠠᠢᠨ ᠠᠵᠢᠯᠯᠠᠵᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠦᠢᠯᠡᠰ᠎ᠤᠨ 《ᠠᠷᠪᠠᠨ ᠲᠠᠪᠤᠳᠤᠭᠠᠷ ᠲᠠᠪᠤᠨ ᠵᠢᠯ》 ᠎ᠤᠨ ᠰᠠᠢᠨ ᠡᠬᠢᠯᠡᠯᠲᠡ᠎ᠶ᠋ᠢ ᠪᠦᠬᠦ᠌ ᠬᠦᠴᠦᠨ᠎ᠢᠶᠠᠷ᠎ᠢᠶᠠᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭ᠍ᠰᠠᠨ ᠥᠪᠥᠷ ᠮᠣᠩᠭᠤᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠤ ᠨᠡᠩ ᠶᠡᠭᠡ ᠱᠢᠨ᠎ᠡ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ ᠭᠡᠵᠦ᠍ ᠱᠠᠭᠠᠷᠳᠠᠪᠠ᠃

  ᠬᠤᠷᠠᠯ᠎ᠠᠴᠠ ᠪᠠᠰᠠ ᠭᠤᠣᠯᠳᠠᠯᠭ᠎ᠠ᠎ᠲᠠᠢ ᠠᠵᠢᠯ᠎ᠤᠨ ᠢᠯᠡᠷᠡᠯ᠎ᠢᠶᠠᠷ ᠲᠤᠪᠤᠢᠮ᠎ᠠ ᠨᠢᠭᠡᠴᠢ᠎ᠶ᠋ᠢ ᠬᠥᠬᠢᠭᠦᠯᠦᠨ ᠰᠠᠢᠱᠢᠶᠠᠪᠠ᠃ ᠬᠤᠷᠠᠯ ᠳᠡᠭᠡᠷ᠎ᠡ᠂ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ ᠲᠣᠪᠴᠢᠶ᠎ᠠ᠂ ᠭᠠᠵᠠᠷ ᠱᠢᠨᠵᠢᠯᠡᠭᠡᠨ᠎ᠤ ᠬᠠᠢᠨ ᠪᠠᠢᠴᠠᠭᠠᠯᠲᠠ᠎ᠶ᠋ᠢᠨ ᠬᠠᠮᠢᠶᠠᠷᠤᠯᠲᠠ᠎ᠶ᠋ᠢᠨ ᠭᠠᠵᠠᠷ᠂ ᠬᠢᠩᠭᠠᠨ ᠠᠢᠮᠠᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠂ ᠣᠷᠳᠣᠰ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠶ᠋ᠢᠨ ᠲᠥᠯᠥᠭᠡᠯᠡᠭ᠌ᠴᠢ ᠲᠠᠰ ᠳᠠᠷᠠᠭᠠᠯᠠᠨ ᠠᠵᠢᠯ᠎ᠤᠨ ᠲᠤᠷᠱᠢᠯᠭ᠎ᠠ᠎ᠪᠠᠨ ᠰᠣᠯᠢᠯᠴᠠᠵᠤ᠂ ᠪᠥᠬᠦ᠌ ᠱᠢᠰᠲ᠋ᠧᠮ᠎ᠤᠨ ᠰᠣᠯᠢᠯᠴᠠᠭ᠎ᠠ ᠬᠢᠵᠦ᠍ ᠬᠠᠷᠢᠯᠴᠠᠨ ᠲᠣᠯᠢᠯᠠᠬᠤ᠂ ᠬᠠᠮᠲᠤ᠎ᠪᠠᠷ ᠳᠡᠭᠡᠭ᠌ᠰᠢᠯᠡᠭᠦᠯᠬᠦ᠌᠎ᠳᠤ ᠯᠠᠪᠯᠠᠯᠲᠠ ᠬᠠᠩᠭᠠᠪᠠ᠃

  ᠲᠢᠩᠬᠢᠮ᠎ᠤᠨ ᠤᠳᠤᠷᠢᠳᠤᠯᠭ᠎ᠠ᠂ ᠶᠡᠷᠦᠩᠬᠡᠶ ᠲᠥᠯᠥᠪᠵᠢᠭᠦᠯᠦᠭ᠌ᠴᠢ᠂ ᠶᠡᠷᠦᠩᠬᠡᠶ ᠢᠨᠵᠧᠨᠧᠷ᠂ ᠲᠢᠩᠬᠢᠮ᠎ᠤᠨ ᠪᠠᠢᠭᠤᠯᠭ᠎ᠠ᠎ᠶ᠋ᠢᠨ ᠡᠯ᠎ᠡ ᠭᠠᠵᠠᠷ ᠠᠯᠪᠠᠨ ᠲᠠᠰᠤᠭ ᠲᠣᠪᠴᠢᠶ᠎ᠠ᠎ᠶ᠋ᠢᠨ ᠪᠥᠬᠦ᠌ ᠺᠠᠳ᠋ᠷ᠂ ᠲᠢᠩᠬᠢᠮ᠎ᠤᠨ ᠬᠠᠷᠢᠶ᠎ᠠ ᠡᠯ᠎ᠡ ᠨᠢᠭᠡᠴᠢ᠎ᠶ᠋ᠢᠨ ᠤᠳᠤᠷᠢᠳᠭᠤ ᠪᠠᠭ᠎ᠤᠨ ᠭᠡᠰᠢᠭᠦᠨ ᠪᠠ ᠠᠯᠪᠠᠨ ᠬᠡᠷ᠎ᠤᠨ ᠡᠷᠬᠢᠯᠡᠭ᠌ᠴᠢ ᠭᠤᠤᠯ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ; ᠡᠯ᠎ᠡ ᠠᠢᠮᠠᠭ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠶ᠋ᠢᠨ ᠤᠳᠤᠷᠢᠳᠭᠤ ᠪᠠᠭ᠎ᠤᠨ ᠭᠡᠰᠢᠭᠦᠨ ᠵᠢᠴᠢ ᠰᠠᠯᠠᠭ᠎ᠠ ᠠᠯᠪᠠᠨ ᠲᠠᠰᠤᠭ᠎ᠤᠨ ᠬᠠᠷᠢᠭᠤᠴᠠᠯᠭᠠᠲᠠᠨ ᠸᠢᠳᠢᠤ᠋᠎ᠶ᠋ᠢᠨ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ