ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠱᠢᠰᠲ᠋ᠧᠮ᠎ᠤᠨ ᠭᠤᠷᠪᠠᠳᠤᠭᠠᠷ ᠬᠤᠭᠤᠴᠠᠭᠠᠨ᠎ᠤ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠤᠷ᠎ᠠ ᠴᠢᠳᠠᠪᠤᠷᠢ᠎ᠶ᠋ᠢᠨ ᠤᠷᠤᠯᠳᠤᠭᠠᠨ ᠲᠡᠭᠦᠰ ᠠᠮᠵᠢᠯᠲᠠ᠎ᠲᠠᠢ ᠲᠡᠭᠦᠰᠪᠡ
2025-11-21

  ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠵᠡᠩᠨᠡᠬᠦ᠌ ᠣᠷᠴᠢᠨ ᠲᠣᠭᠤᠷᠢᠨ᠎ᠢ ᠱᠢᠯᠢᠳᠡᠭ᠌ᠵᠢᠭᠦᠯᠬᠦ᠌ ᠠᠵᠢᠯ᠎ᠤᠨ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠨᠳᠥᠷ ᠬᠡᠪ ᠴᠢᠨᠠᠷ ᠪᠦᠬᠦᠢ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠡᠩᠨᠡᠭᠡ᠎ᠶ᠋ᠢ ᠳᠠᠪᠲᠠᠨ ᠪᠣᠯᠪᠠᠰᠤᠷᠠᠭᠤᠯᠵᠤ᠂ ᠭᠠᠵᠠᠷ ᠱᠢᠷᠣᠶ ᠬᠡᠷᠡᠭ᠌ᠯᠡᠬᠦ᠌ ᠠᠭᠤᠷᠬᠠᠢ᠎ᠶ᠋ᠢᠨ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠦᠢᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ᠎ᠶ᠋ᠢ ᠦᠨᠡᠨ ᠬᠦ᠌ ᠳᠡᠭᠡᠭ᠌ᠰᠢᠯᠡᠭᠦᠯᠬᠦ᠌᠎ᠶ᠋ᠢᠨ ᠲᠤᠰᠠᠳᠠ᠂ 11 ᠳ᠋ᠤᠭᠡᠷ ᠰᠠᠷ᠎ᠠ᠎ᠶ᠋ᠢᠨ 20 ᠎ᠤ ᠡᠳᠦᠷ᠎ᠠᠴᠠ 21 ᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠱᠢᠰᠲ᠋ᠧᠮ᠎ᠤᠨ ᠭᠤᠷᠪᠠᠳᠤᠭᠠᠷ ᠬᠤᠭᠤᠴᠠᠭᠠᠨ᠎ᠤ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠮᠡᠷᠭᠡᠵᠢᠯ ᠴᠢᠳᠠᠪᠤᠷᠢ᠎ᠶ᠋ᠢᠨ ᠤᠷᠤᠯᠳᠤᠭᠠᠨ ᠬᠥᠬᠡᠬᠤᠲᠠ᠎ᠳᠤ ᠠᠮᠵᠢᠯᠲᠠ᠎ᠲᠠᠢ ᠶᠠᠪᠤᠭ᠍ᠳᠠᠪᠠ᠃ ᠪᠥᠬᠦ᠌ ᠣᠷᠣᠨ᠎ᠤ 12 ᠠᠢᠮᠠᠭ ᠬᠤᠲᠠ ᠵᠢᠴᠢ 2 ᠲᠤᠰᠠᠭ᠋ᠠᠷ ᠲᠦᠯᠦᠪᠡᠯᠭᠡᠲᠦ ᠬᠤᠲᠠ᠎ᠶ᠋ᠢᠨ 14 ᠲᠥᠯᠥᠭᠡᠯᠡᠭ᠌ᠴᠢ᠎ᠶ᠋ᠢᠨ ᠠᠩᠭᠢ᠂ 112 ᠨᠡᠷ᠎ᠡ ᠲᠤᠬᠠᠢᠯᠠᠭ᠍ᠰᠠᠨ ᠠᠵᠢᠯ᠎ᠤᠨ ᠭᠤᠤᠯᠯᠠᠭ᠍ᠴᠢ ᠬᠦᠴᠦᠨ ᠨᠢᠭᠡ ᠲᠠᠩᠬᠢᠮ᠎ᠳᠤ ᠴᠤᠭ᠍ᠯᠠᠷᠠᠵᠤ᠂ ᠬᠠᠮᠲᠤ᠎ᠪᠠᠷ ᠤᠷᠤᠯᠳᠤᠭᠠᠨ᠎ᠳᠤ ᠣᠷᠣᠯᠴᠠᠵᠤ᠂ ᠪᠠᠢᠭᠠᠯᠢ᠎ᠶᠢᠨ ᠡᠬᠢ ᠪᠠᠶᠠᠯᠢᠭ᠋᠎ᠤᠨ ᠰᠢᠰᠲᠧᠮ᠎ᠦᠨ ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠬᠦ ᠡᠩᠨᠡᠭᠡ᠎ᠶᠢᠨ ᠲᠤᠰᠬᠠᠢ ᠮᠡᠷᠭᠡᠵᠢᠯ᠎ᠦᠨ ᠬᠡᠪ ᠪᠣᠯᠪᠠᠰᠤᠷᠠᠯ ᠪᠠ ᠪᠣᠳᠠᠲᠠᠢ ᠠᠵᠢᠯᠯᠠᠬᠤ ᠳᠦᠷᠢ ᠲᠥᠷᠬᠦ᠎ᠶᠢ ᠭᠦᠢᠴᠡᠳ ᠢᠯᠡᠷᠡᠭᠦᠯᠪᠡ᠃ 

 

 

  ᠲᠣᠰ ᠤᠳᠠᠭᠠᠨ᠎ᠤ ᠤᠷᠤᠯᠳᠤᠭᠠᠨ᠎ᠨᠢ 《ᠦᠢᠯᠡᠴᠢᠯᠡᠭᠡ᠎ᠶ᠋ᠢ ᠬᠢᠨᠠᠨ ᠵᠥᠪᠱᠢᠶᠡᠷᠡᠬᠦ᠌ ᠴᠤᠭ ᠵᠢᠪᠬᠤᠭ᠎ᠠ᠎ᠶ᠋ᠢ ᠪᠠᠳᠠᠷᠠᠭᠤᠯᠵᠤ᠂ ᠡᠬᠢ ᠪᠠᠶᠠᠯᠢᠭ᠎ᠢ ᠰᠦᠪᠡᠭ᠌ᠴᠢᠯᠡᠨ ᠶᠡᠭᠡ ᠲᠠᠯ᠎ᠠ᠎ᠶ᠋ᠢ ᠪᠠᠲᠤᠯᠠᠬᠤ》 ᠭᠤᠤᠯ ᠰᠡᠳᠦᠪ᠎ᠤᠨ ᠲᠣᠭᠤᠷᠢᠨ᠎ᠳᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠭᠤᠤᠯ ᠬᠠᠷᠢᠭᠤᠴᠠᠯᠭ᠎ᠠ ᠭᠤᠤᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠭᠤᠷᠬᠠᠶ ᠬᠡᠷᠡᠭ᠌ᠯᠡᠬᠦ᠂ ᠭᠠᠵᠠᠷ ᠬᠡᠷᠡᠭ᠌ᠯᠡᠬᠦ᠌ ᠬᠤᠶᠠᠷ ᠶᠡᠭᠡ ᠲᠤᠰᠭᠠᠶ ᠲᠠᠯᠠᠪᠤᠷ ᠬᠤᠪᠢᠶᠠᠵᠤ᠂ 《ᠳᠦᠷᠪᠡᠨ ᠬᠡᠮᠵᠢᠯᠲᠦ ᠮᠦᠷᠦᠢ᠌ᠴᠡᠬᠦ》 ᠭᠤᠭ᠍ᠴᠤᠭ᠎ᠠ᠎ᠶ᠋ᠢ ᠲᠣᠬᠢᠷᠠᠭᠤᠯᠬᠤ᠎ᠪᠠᠷ ᠳᠠᠮᠵᠢᠭᠤᠯᠤᠨ᠂ 《ᠣᠨᠣᠯ + ᠦᠢᠯᠡᠳᠦᠯᠭᠡ》᠂ 《ᠬᠤᠪᠢ ᠬᠥᠮᠦᠨ + ᠪᠦᠯᠬᠦᠮ ᠨᠡᠢᠲᠡ》 ᠎ᠶ᠋ᠢᠨ ᠶᠡᠷᠦᠩᠬᠡᠢᠯᠡᠭ᠌ᠰᠡᠨ ᠦᠨᠡᠯᠡᠯᠲᠡ᠎ᠶ᠋ᠢᠨ ᠱᠢᠰᠲ᠋ᠧᠮ᠎ᠢ ᠪᠠᠢᠭᠤᠯᠵᠤ᠂ 《ᠤᠷᠤᠯᠳᠤᠭᠠᠨ᠎ᠢᠶᠠᠷ ᠰᠤᠷᠤᠯᠴᠠᠯᠭ᠎ᠠ᠎ᠶ᠋ᠢ ᠠᠬᠢᠭᠤᠯᠬᠤ᠂ ᠤᠷᠤᠯᠳᠤᠭᠠᠨ᠎ᠢᠶᠠᠷ ᠪᠣᠯᠪᠠᠰᠤᠷᠠᠯ᠎ᠢ ᠠᠬᠢᠭᠤᠯᠬᠤ᠂ ᠤᠷᠤᠯᠳᠤᠭᠠᠨ᠎ᠢᠶᠠᠷ ᠠᠵᠢᠯᠯᠠᠬᠤ᠎ᠶ᠋ᠢ ᠠᠬᠢᠭᠤᠯᠬᠤ》 ᠎ᠶ᠋ᠢ ᠪᠡᠶᠡᠯᠡᠭᠦᠯᠪᠡ᠃ ᠠᠬᠤᠢ ᠲᠠᠯᠠᠪᠠᠢ᠎ᠶᠢᠨ ᠮᠡᠳᠡᠯᠭᠡ᠎ᠶ᠋ᠢᠨ ᠥᠷᠢᠰᠥᠯᠳᠦᠭᠡᠨ᠎ᠤ ᠬᠠᠷᠢᠭᠤᠯᠲᠠ᠎ᠨᠢ ᠵᠠᠪᠠᠯ ᠬᠠᠷᠢᠭᠤᠯᠬᠤ ᠪᠠ ᠵᠠᠪᠳᠤᠨ ᠬᠠᠷᠢᠭᠤᠯᠬᠤ ᠭᠤᠭ᠍ᠴᠤᠭ᠎ᠠ᠎ᠶ᠋ᠢ ᠬᠠᠮᠤᠷᠴᠤ᠌᠂ ᠲᠠᠮᠢᠷᠴᠢᠳ᠎ᠤᠨ ᠲᠤᠰᠭᠠᠶ ᠮᠡᠷᠭᠡᠵᠢᠯ᠎ᠤᠨ ᠦᠨᠳᠦᠰᠦᠨ ᠪᠣᠯᠪᠠᠰᠤᠷᠠᠯ ᠪᠠ ᠠᠷᠭᠠᠴᠠᠭᠠᠬᠤ ᠴᠢᠳᠠᠪᠤᠷᠢ᠎ᠶ᠋ᠢ ᠪᠥᠬᠦ᠌ ᠲᠠᠯ᠎ᠠ᠎ᠪᠠᠷ ᠱᠢᠨᠵᠢᠯᠡᠨ ᠪᠠᠢᠴᠠᠭᠠᠪᠠ᠃ ᠣᠨᠣᠯ᠎ᠤᠨ ᠮᠡᠳᠡᠯᠭᠡ᠎ᠶ᠋ᠢᠨ ᠱᠢᠯᠭᠠᠯᠲᠠ᠎ᠨᠢ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ ᠬᠢᠭᠡᠳ ᠲᠤᠬᠠᠢᠯᠠᠭ᠍ᠰᠠᠨ ᠠᠵᠢᠯ᠎ᠤᠨ ᠴᠤᠪᠤᠷᠠᠯ᠎ᠲᠠᠢ ᠨᠢᠭ᠍ᠲᠠ ᠤᠶᠠᠯᠳᠤᠭᠤᠯᠤᠨ᠂ ᠣᠨᠣᠯ᠎ᠢ ᠪᠣᠳᠠᠲᠠᠶ᠎ᠲᠠᠢ ᠤᠶᠠᠯᠳᠤᠭᠤᠯᠬᠤ ᠬᠢᠷᠢ ᠲᠦᠪᠱᠢᠨ᠎ᠢ ᠱᠢᠯᠭᠠᠨ ᠪᠠᠢᠴᠠᠭᠠᠨ᠎ᠠ᠃ ᠪᠦᠯᠬᠦᠮ᠎ᠤᠨ ᠳᠦᠷᠰᠦ ᠪᠠᠢᠳᠠᠯ᠎ᠢᠶᠠᠷ ᠭᠤᠤᠯ ᠰᠡᠳᠦᠪᠲᠦ ᠶᠠᠷᠢᠶ᠎ᠠ ᠢᠯᠡᠳᠭᠡᠯ ᠪᠣᠯᠤᠨ ᠴᠤᠭ ᠵᠢᠪᠬᠤᠭ᠎ᠠ᠎ᠶ᠋ᠢ ᠳᠡᠯᠭᠡᠨ ᠦᠵᠡᠭᠦᠯᠵᠦ᠍᠂ ᠤᠮᠠᠷᠠᠲᠤ ᠬᠢᠯᠢ᠎ᠶ᠋ᠢᠨ ᠡᠬᠢ ᠪᠠᠶᠠᠯᠢᠭ᠎ᠢ ᠬᠠᠮᠠᠭᠠᠯᠠᠭ᠍ᠴᠢᠳ᠎ᠤᠨ ᠡᠭᠦᠷᠭᠡ ᠬᠠᠷᠢᠭᠤᠴᠠᠯᠭ᠎ᠠ ᠪᠣᠯᠤᠨ ᠪᠦᠯᠬᠦᠮ᠎ᠤᠨ ᠵᠣᠷᠢᠭ ᠰᠠᠨᠠᠭ᠎ᠠ᠎ᠶ᠋ᠢ ᠠᠮᠢᠳᠤᠯᠢᠭ᠎ᠢᠶᠠᠷ ᠢᠯᠡᠷᠡᠭᠦᠯᠪᠡ᠃ ᠠᠩᠬ᠎ᠠ ᠤᠳᠠᠭ᠎ᠠ ᠰᠦᠯᠵᠢᠶᠡᠨ ᠳᠡᠭᠡᠷ᠎ᠡ ᠣᠯᠠᠨ ᠨᠡᠢᠲᠡ᠎ᠶ᠋ᠢᠨ ᠪᠢᠯᠧᠲ ᠥᠭ᠌ᠬᠦ ᠭᠤᠭ᠍ᠴᠤᠭ᠎ᠠ᠎ᠶ᠋ᠢ ᠨᠡᠢᠲᠡ 13.5 ᠲᠦᠮᠡᠨ ᠬᠥᠮᠦᠨ ᠤᠳᠠᠭ᠎ᠠ ᠠᠩᠬᠠᠷᠴᠤ᠌᠂ ᠤᠷᠤᠯᠳᠤᠭᠠᠨ᠎ᠳᠤ ᠣᠯᠠᠨ ᠨᠡᠢᠲᠡ᠎ᠶ᠋ᠢᠨ ᠣᠷᠣᠯᠴᠠᠬᠤ ᠬᠡᠮᠵᠢᠶ᠎ᠡ ᠪᠠ ᠨᠡᠢᠭᠡᠮ᠎ᠤᠨ ᠨᠥᠯᠥᠭᠡᠯᠡᠬᠦ᠌ ᠬᠦᠴᠦᠨ᠎ᠢ ᠪᠥᠬᠦ᠌ ᠲᠠᠯ᠎ᠠ᠎ᠪᠠᠷ ᠳᠡᠭᠡᠭ᠌ᠰᠢᠯᠡᠭᠦᠯᠪᠡ᠃ ᠤᠷᠤᠯᠳᠤᠭᠠᠨ᠎ᠤ ᠪᠥᠬᠦ᠌ ᠶᠠᠪᠤᠴᠠ᠎ᠶ᠋ᠢ ᠴᠠᠭ ᠲᠤᠬᠠᠶ᠎ᠳᠤᠨᠢ ᠱᠢᠭᠤᠳ ᠨᠡᠪᠲᠡᠷᠡᠭᠦᠯᠵᠦ᠍᠂ ᠪᠠᠢᠭᠠᠯᠢ᠎ᠶ᠋ᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠤᠨ 《ᠲᠥᠷᠥ᠎ᠶ᠋ᠢᠨ ᠪᠣᠳᠣᠯᠭ᠎ᠠ᠎ᠶ᠋ᠢ ᠣᠢᠯᠠᠭᠠᠬᠤ᠂ ᠲᠤᠬᠠᠢᠯᠠᠭ᠍ᠰᠠᠨ ᠠᠵᠢᠯ᠎ᠳᠠᠭᠠᠨ ᠴᠠᠭᠠᠷᠠᠭ᠍ᠰᠠᠨ᠂ ᠦᠢᠯᠡᠴᠢᠯᠡᠭᠡ᠎ᠳᠤ ᠴᠢᠳᠠᠮᠠᠭᠠᠶ》 ᠪᠠᠢᠬᠤ ᠰᠠᠢᠨ ᠰᠠᠢᠬᠠᠨ ᠳᠦᠷᠢ ᠲᠥᠷᠬᠦ᠌᠎ᠶ᠋ᠢ ᠭᠦᠢᠴᠡᠳ ᠢᠯᠡᠷᠡᠭᠦᠯᠪᠡ᠃

  ᠬᠤᠷᠴᠠ ᠱᠢᠷᠦᠭᠦᠨ ᠥᠷᠢᠰᠥᠯᠳᠦᠭᠡᠨ᠎ᠢᠶᠠᠷ ᠳᠡᠮᠵᠢᠨ᠂ ᠬᠥᠯᠥᠨ ᠪᠤᠢᠷ ᠬᠤᠲᠠ᠎ᠶ᠋ᠢᠨ ᠲᠥᠯᠥᠭᠡᠯᠡᠭ᠌ᠴᠢᠳ᠎ᠤᠨ ᠠᠩᠭᠢ᠂ ᠬᠢᠩᠭᠠᠨ ᠠᠢᠮᠠᠭ᠎ᠤᠨ ᠲᠥᠯᠥᠭᠡᠯᠡᠭ᠌ᠴᠢᠳ᠎ᠤᠨ ᠠᠩᠭᠢ ᠲᠣᠰ ᠲᠣᠰ ᠠᠭᠤᠷᠬᠠᠶ ᠬᠡᠷᠡᠭ᠌ᠯᠡᠬᠦ᠌᠎ᠶ᠋ᠢ ᠬᠢᠨᠠᠨ ᠵᠥᠪᠱᠢᠶᠡᠷᠡᠬᠦ᠂ ᠭᠠᠵᠠᠷ ᠬᠡᠷᠡᠭ᠌ᠯᠡᠬᠦ᠌᠎ᠶ᠋ᠢ ᠬᠢᠨᠠᠨ ᠵᠥᠪᠱᠢᠶᠡᠷᠡᠬᠦ᠌ ᠨᠢᠭᠡᠳᠦᠭᠡᠷ ᠳᠡᠰ᠎ᠤᠨ ᠱᠠᠩᠨᠠᠯ ᠭᠥᠷᠳᠡᠵᠦ᠍᠂ ᠤᠷᠤᠯᠳᠤᠭᠠᠨ᠎ᠳᠤ ᠬᠤᠶᠠᠳᠤᠭᠠᠷ ᠳᠡᠰ᠎ᠤᠨ ᠱᠠᠩᠨᠠᠯ 4᠂ ᠭᠤᠷᠪᠠᠳᠤᠭᠠᠷ ᠳᠡᠰ᠎ᠤᠨ ᠱᠠᠩᠨᠠᠯ 6᠂ ᠬᠤᠪᠢ ᠬᠥᠮᠦᠨ᠎ᠤ ᠴᠢᠳᠠᠪᠤᠷᠢ᠎ᠶ᠋ᠢᠨ ᠱᠠᠩᠨᠠᠯ 10 ᠪᠣᠶ᠃

  ᠤᠷᠤᠯᠳᠤᠭᠠᠨ᠎ᠤ ᠬᠤᠭᠤᠴᠠᠭ᠎ᠠ ᠎ᠲᠠᠢ᠂ ᠦᠢᠯᠡᠴᠢᠯᠡᠭᠡ ᠬᠢᠵᠠᠭᠠᠷ ᠦᠭᠡᠢ᠃ ᠪᠥᠬᠦ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠱᠢᠰᠲ᠋ᠧᠮ᠎ᠤᠨ᠎ᠬᠢᠨ ᠲᠣᠰ ᠤᠳᠠᠭᠠᠨ᠎ᠤ ᠤᠷᠤᠯᠳᠤᠭᠠᠨ᠎ᠢᠶᠠᠷ ᠱᠢᠨ᠎ᠡ ᠡᠬᠢᠯᠡᠯᠲᠡ ᠪᠣᠯᠭᠠᠵᠤ᠂ ᠤᠷᠤᠯᠳᠤᠭᠠᠨ᠎ᠤ ᠲᠠᠯᠠᠪᠤᠷ᠎ᠲᠠᠬᠢ ᠲᠤᠰᠭᠠᠶ ᠮᠡᠷᠭᠡᠵᠢᠯ᠎ᠤᠨ ᠪᠠᠷᠢᠮᠵᠢᠶ᠎ᠠ᠎ᠶ᠋ᠢ ᠴᠣᠩᠬᠤᠪᠴᠢ ᠦᠢᠯᠡᠴᠢᠯᠡᠭᠡᠨ᠎ᠤ ᠡᠳᠦᠷ ᠲᠤᠲᠤᠮ᠎ᠤᠨ ᠵᠢᠷᠤᠮᠵᠢᠯ ᠪᠣᠯᠭᠠᠨ ᠬᠤᠪᠢᠷᠠᠭᠤᠯᠵᠤ᠂ ᠤᠷᠤᠯᠳᠤᠭᠠᠨ᠎ᠤ ᠳᠤᠮᠳᠠᠬᠢ ᠪᠣᠳᠠᠲᠠᠶ ᠠᠵᠢᠯᠯᠠᠬᠤ ᠵᠣᠷᠢᠭ ᠰᠠᠨᠠᠭ᠎ᠠ᠎ᠶ᠋ᠢ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠪᠥᠬᠦ᠌ ᠶᠠᠪᠤᠴᠠ᠎ᠳᠤ ᠠᠭᠤᠰᠭᠠᠬᠤ ᠪᠣᠯᠤᠨ᠎ᠠ᠃ ᠲᠠᠷᠠᠭᠠᠴᠢ᠎ᠶ᠋ᠢᠨ ᠠᠯᠬᠤᠮ᠎ᠳᠤ᠂ ᠪᠥᠬᠦ᠌ ᠱᠢᠰᠲ᠋ᠧᠮ᠎ᠢᠶᠠᠷ᠎ᠢᠶᠠᠨ ᠶᠠᠪᠤᠴᠠ᠎ᠪᠠᠨ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠦᠷ᠎ᠡ ᠪᠦᠲᠦᠮᠵᠢ᠎ᠪᠠᠨ ᠳᠡᠭᠡᠭ᠌ᠰᠢᠯᠡᠭᠦᠯᠦᠨ᠂ ᠬᠢᠨᠠᠯᠲᠠ ᠬᠠᠮᠢᠶᠠᠷᠤᠯᠲᠠ᠎ᠪᠠᠨ ᠴᠢᠩᠭᠠᠳᠭᠠᠵᠤ᠂ ᠤᠯᠤᠰ ᠲᠥᠷᠥ᠎ᠶ᠋ᠢᠨ ᠲᠠᠯ᠎ᠠ᠎ᠪᠠᠷ ᠪᠠᠲᠤ ᠴᠢᠩᠭ᠎ᠠ᠂ ᠲᠤᠬᠠᠢᠯᠠᠭ᠍ᠰᠠᠨ ᠠᠵᠢᠯ᠎ᠳᠠᠭᠠᠨ ᠴᠠᠭᠠᠷᠠᠭ᠍ᠰᠠᠨ᠂ ᠣᠪᠣᠷ ᠰᠤᠷᠲᠠᠯ᠎ᠢᠶᠠᠷ ᠪᠠᠲᠤ ᠴᠢᠩᠭ᠎ᠠ ᠲᠤᠰᠭᠠᠶ ᠮᠡᠷᠭᠡᠵᠢᠯ᠎ᠤᠨ ᠡᠩᠨᠡᠭᠡ᠎ᠶ᠋ᠢ ᠴᠢᠷᠮᠠᠢᠨ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠬᠤᠶᠠᠷ ᠬᠠᠯᠬᠠᠪᠴᠢ》᠂ 《ᠬᠤᠶᠠᠷ ᠰᠠᠭᠤᠷᠢᠨ ᠭᠠᠵᠠᠷ》᠂ 《ᠨᠢᠭᠡ ᠬᠦᠭᠦᠷᠭᠡᠨ ᠪᠠᠬᠢᠯᠡᠯᠲᠡ》 ᠎ᠶ᠋ᠢ ᠪᠥᠲᠥᠭᠡᠨ ᠪᠠᠢᠭᠤᠯᠵᠤ᠂ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠪᠠᠲᠤ ᠪᠠᠬᠢ ᠪᠠᠢᠭᠠᠯᠢ᠎ᠶ᠋ᠢᠨ ᠡᠬᠢ ᠪᠠᠶᠠᠯᠢᠭ᠎ᠤᠨ ᠪᠠᠲᠤᠯᠠᠭ᠎ᠠ ᠬᠠᠩᠭᠠᠵᠤ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠬᠠᠯᠠᠭᠤᠨ ᠳᠤᠯᠠᠭᠠᠨ ᠴᠡᠴᠡᠭ᠎ᠢ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠭᠤᠢᠳᠠ ᠰᠠᠢᠬᠠᠨ ᠳᠡᠯᠭᠡᠷᠡᠭᠦᠯᠦᠨ᠎ᠡ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ