ᠥᠪᠡᠷᠲᠡᠭᠡᠨ ᠵᠠᠰᠠᠬᠤ ᠣᠷᠣᠨ᠎ᠤ 《ᠬᠤᠶᠠᠷ ᠲᠥᠯᠥᠪᠵᠢᠭᠦᠯᠭᠡ ᠨᠢᠭᠡ ᠲᠥᠰᠦᠯ》᠎ᠤᠨ ᠬᠢᠨᠠᠨ ᠲᠣᠭ᠍ᠲᠠᠭᠠᠬᠤ ᠬᠤᠷᠠᠯ ᠬᠤᠷᠠᠯᠳᠤᠪᠠ
2025-11-24

  ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠭᠤᠤᠯ ᠬᠠᠷᠠᠯᠲᠠ᠎ᠶ᠋ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠱᠢᠨᠵᠢᠯᠡᠬᠦ᠌ ᠤᠬᠠᠭᠠᠨᠴᠢ ᠴᠢᠨᠠᠷ᠂ ᠪᠣᠯᠤᠮᠵᠢᠲᠤ ᠴᠢᠨᠠᠷ᠂ ᠵᠦᠶ ᠶᠣᠰᠣᠴᠢ ᠴᠢᠨᠠᠷ᠎ᠢ ᠤᠯᠠᠮ ᠨᠢᠭᠡ ᠠᠯᠬᠤᠮ ᠱᠢᠯᠢᠳᠡᠭ᠌ᠵᠢᠭᠦᠯᠬᠦ᠌᠎ᠶ᠋ᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠪᠠᠢᠷᠢᠯᠠᠭᠤᠯᠤᠯᠲᠠ ᠶᠣᠰᠣᠭᠠᠷ᠂ 11 ᠳ᠋ᠤᠭᠡᠷ ᠰᠠᠷ᠎ᠠ᠎ᠶ᠋ᠢᠨ 20 ᠎ᠤ ᠡᠳᠦᠷ᠎ᠠᠴᠠ 22 ᠎ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢᠨ ᠰᠤᠳᠤᠯᠭᠠᠨ᠎ᠤ ᠬᠦᠷᠢᠶᠡᠯᠡᠩ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠱᠢᠨᠵᠢᠯᠡᠭᠡᠨ᠎ᠤ ᠭᠠᠮᠱᠢᠭ᠎ᠢ ᠰᠡᠷᠭᠡᠢᠯᠡᠨ ᠵᠠᠰᠠᠬᠤ ᠲᠥᠯᠥᠪᠵᠢᠭᠦᠯᠭᠡ (2026 - 2030 ᠣᠨ)》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢᠨ 〈ᠠᠷᠪᠠᠨ ᠲᠠᠪᠤᠳᠤᠭᠠᠷ ᠲᠠᠪᠤᠨ ᠵᠢᠯ〉 ᠎ᠤᠨ ᠲᠥᠯᠥᠪᠵᠢᠭᠦᠯᠭᠡ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨ᠎ᠡ ᠨᠢᠭᠡ ᠡᠭᠡᠯᠵᠢ᠎ᠶ᠋ᠢᠨ ᠠᠭᠤᠷᠬᠠᠶ ᠡᠷᠢᠵᠦ᠍ ᠱᠢᠪᠲᠤᠯᠬᠤ ᠪᠠᠢᠯᠳᠤᠬᠤ ᠪᠣᠳᠣᠯᠭ᠎ᠠ᠎ᠶ᠋ᠢᠨ ᠠᠵᠢᠯᠯᠠᠭ᠎ᠠ᠎ᠶ᠋ᠢᠨ ᠬᠡᠷᠡᠭ᠌ᠵᠢᠭᠦᠯᠬᠦ᠌ ᠲᠥᠰᠦᠯ》 ᠎ᠤᠨ ᠬᠢᠨᠠᠨ ᠲᠣᠭ᠍ᠲᠠᠭᠠᠬᠤ ᠬᠤᠷᠠᠯ ᠬᠤᠷᠠᠯᠳᠤᠭᠤᠯᠪᠠ᠃

  ᠬᠤᠷᠠᠯ᠎ᠠᠴᠠ᠂ 《ᠬᠤᠶᠠᠷ ᠲᠥᠯᠥᠪᠵᠢᠭᠦᠯᠭᠡ ᠨᠢᠭᠡ ᠲᠥᠰᠦᠯ》 ᠎ᠨᠢ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ 《ᠲᠠᠪᠤᠨ ᠶᠡᠭᠡ ᠡᠭᠦᠷᠭᠡ》 ᠎ᠶ᠋ᠢᠨ ᠱᠠᠭᠠᠷᠳᠠᠯᠭ᠎ᠠ᠎ᠲᠠᠢ ᠨᠢᠭ᠍ᠲᠠ ᠵᠣᠯᠭᠠᠭᠤᠯᠵᠤ᠂ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠭᠠᠵᠠᠷ ᠵᠢᠴᠢ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢᠨ ᠪᠠᠢᠷᠢ ᠲᠣᠭ᠍ᠲᠠᠭᠠᠯᠲᠠ᠎ᠳᠤ ᠰᠠᠭᠤᠷᠢᠯᠠᠨ᠂ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠢᠯ᠎ᠤᠨ ᠦᠷ᠎ᠡ ᠪᠦᠲᠦᠮᠵᠢ᠎ᠶ᠋ᠢ ᠱᠢᠰᠲ᠋ᠧᠮ᠎ᠲᠠᠢ ᠦᠨᠡᠯᠡᠨ ᠵᠢᠱ᠌ᠢᠵᠦ᠍᠂ ᠱᠢᠨ᠎ᠡ ᠪᠠᠢᠳᠠᠯ ᠳᠣᠤᠷᠠᠬᠢ ᠡᠬᠢ ᠪᠠᠶᠠᠯᠢᠭ᠎ᠤᠨ ᠪᠠᠲᠤᠯᠠᠭ᠎ᠠ᠂ ᠭᠠᠮᠱᠢᠭ᠎ᠢ ᠰᠡᠷᠭᠡᠢᠯᠡᠨ ᠡᠵᠡᠮᠳᠡᠬᠦ᠂ ᠠᠮᠢ ᠠᠬᠤᠶ᠎ᠶ᠋ᠢᠨ ᠬᠠᠮᠠᠭᠠᠯᠠᠯᠲᠠ ᠵᠡᠷᠭᠡ ᠪᠣᠳᠠᠲᠤ ᠬᠡᠷᠡᠭ᠌ᠴᠡᠭᠡ ᠱᠠᠭᠠᠷᠳᠠᠯᠭ᠎ᠠ᠎ᠳᠤ ᠴᠢᠭ᠌ᠯᠡᠭᠦᠯᠦᠨ᠂ 《ᠠᠷᠪᠠᠨ ᠲᠠᠪᠤᠳᠤᠭᠠᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠭᠤᠤᠯ ᠬᠠᠷᠠᠯᠲᠠᠲᠤ ᠬᠦᠢᠴᠡᠳᠭᠡᠯ ᠲᠤᠭ᠎ᠠ ᠪᠠ ᠠᠵᠢᠯ᠎ᠤᠨ ᠪᠠᠢᠷᠢᠯᠠᠭᠤᠯᠤᠯᠲᠠ᠎ᠶ᠋ᠢ ᠲᠣᠳᠣᠷᠬᠠᠢᠯᠠᠵᠤ᠂ ᠤᠯᠤᠰ᠎ᠤᠨ ᠱᠠᠭᠠᠷᠳᠠᠯᠭ᠎ᠠ᠎ᠶ᠋ᠢ ᠬᠠᠩᠭᠠᠭ᠍ᠰᠠᠨ ᠮᠥᠷᠲᠡᠭᠡᠨ ᠪᠠᠰᠠ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠳᠤ ᠨᠡᠢᠴᠡᠵᠦ᠍᠂ ᠥᠪᠡᠷᠲᠡᠭᠡᠨ ᠵᠠᠰᠠᠬᠤ ᠣᠷᠣᠨ᠎ᠤ ᠣᠨᠴᠠᠯᠢᠭ᠎ᠢ ᠨᠠᠩ ᠳᠣᠪᠤᠢᠯᠭᠠᠵᠤ᠂ ᠥᠪᠡᠷᠲᠡᠭᠡᠨ ᠵᠠᠰᠠᠬᠤ ᠣᠷᠣᠨ᠎ᠤ ᠭᠠᠵᠠᠷ᠎ᠤᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠴᠢᠬᠤᠯᠠ ᠠᠴᠢ ᠬᠤᠯᠪᠣᠭ᠍ᠳᠠᠯ᠎ᠲᠠᠢ ᠭᠡᠵᠦ ᠵᠢᠭ᠋ᠠᠵᠤ ᠭᠠᠷᠭ᠋ᠠᠪᠠ᠃

  ᠬᠤᠷᠠᠯ᠎ᠠᠴᠠ᠂ ᠲᠤᠰᠭᠠᠢ ᠮᠡᠷᠭᠡᠵᠢᠯᠲᠡᠨ᠎ᠤ ᠰᠠᠨᠠᠯ᠎ᠢ ᠨᠠᠷᠢᠨ ᠬᠢᠨᠠᠮᠠᠭᠠᠢ ᠱᠢᠩᠭᠡᠭᠡᠨ ᠠᠪᠴᠤ᠌᠂ 《ᠬᠤᠶᠠᠷ ᠲᠥᠯᠥᠪᠵᠢᠭᠦᠯᠭᠡ ᠨᠢᠭᠡ ᠲᠥᠰᠥᠯ》 ᠎ᠢ ᠴᠢᠨᠠᠭ᠍ᠰᠢᠳᠠ ᠱᠢᠯᠢᠳᠡᠭ᠌ᠵᠢᠭᠦᠯᠵᠦ᠍᠂ ᠭᠤᠣᠯᠳᠠᠯᠭ᠎ᠠ᠎ᠲᠠᠢ ᠣᠷᠣᠨ ᠪᠦᠰᠡ᠎ᠶ᠋ᠢᠨ ᠠᠵᠢᠯ᠎ᠤᠨ ᠡᠭᠦᠷᠭᠡ᠎ᠶ᠋ᠢ ᠨᠠᠷᠢᠯᠢᠭ᠍ᠵᠢᠭᠤᠯᠵᠤ᠂ ᠲᠥᠯᠥᠪᠵᠢᠭᠦᠯᠭᠡ᠎ᠶ᠋ᠢᠨ ᠬᠤᠭᠤᠷᠣᠨᠳᠣᠬᠢ ᠵᠣᠯᠭᠠᠯᠴᠠᠭ᠎ᠠ ᠬᠠᠮᠵᠢᠯᠴᠠᠭ᠎ᠠ᠎ᠶ᠋ᠢ ᠴᠢᠩᠭᠠᠳᠭᠠᠵᠤ᠂ ᠱᠢᠨ᠎ᠡ ᠨᠢᠭᠡ ᠡᠭᠡᠯᠵᠢ᠎ᠶ᠋ᠢᠨ ᠠᠭᠤᠷᠬᠠᠢ ᠡᠷᠢᠬᠦ᠌ ᠪᠠᠢᠯᠳᠤᠬᠤ ᠪᠤᠳᠤᠯᠭ᠎ᠠ᠎ᠶ᠋ᠢᠨ ᠠᠵᠢᠯᠯᠠᠭ᠎ᠠ᠎ᠶ᠋ᠢ ᠭᠦᠨᠵᠡᠭᠡᠢᠷᠡᠭᠦᠯᠵᠦ᠍᠂ ᠤᠯᠤᠰ᠎ᠤᠨ ᠡᠨᠧᠷᠭᠢ᠎ᠶ᠋ᠢᠨ ᠡᠬᠢ ᠪᠠᠶᠠᠯᠢᠭ᠎ᠤᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠬᠢᠵᠢᠭᠦᠯᠵᠦ᠍᠂ ᠭᠠᠵᠠᠷ᠎ᠤᠨ ᠭᠠᠮᠱᠢᠭ᠎ᠢ ᠶᠡᠷᠦᠩᠬᠡᠢᠯᠡᠨ ᠰᠡᠷᠭᠡᠢᠯᠡᠨ ᠵᠠᠰᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠤᠨ ᠴᠢᠨᠠᠷ ᠰᠠᠢᠲᠠᠢ ᠬᠥᠭ᠌ᠵᠢᠯᠲᠡ᠎ᠳᠤ ᠪᠠᠲᠤ ᠴᠢᠩᠭ᠎ᠠ ᠭᠠᠵᠠᠷ ᠱᠢᠨᠵᠢᠯᠡᠭᠡᠨ᠎ᠤ ᠪᠠᠲᠤᠯᠠᠭ᠎ᠠ ᠬᠠᠩᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠡᠭᠦᠨ᠎ᠤ ᠬᠠᠮᠲᠤ᠌᠂ 2026 ᠣᠨ᠎ᠳᠤ ᠲᠥᠯᠥᠪᠯᠡᠭᠡ᠎ᠶ᠋ᠢ ᠬᠡᠷᠡᠭ᠌ᠵᠢᠭᠦᠯᠬᠦ᠌ ᠲᠥᠷᠥᠯ ᠵᠦᠢᠯ᠎ᠲᠠᠢ ᠤᠶᠠᠯᠳᠤᠭᠤᠯᠤᠨ᠂ 《ᠬᠤᠶᠠᠷ ᠲᠥᠯᠥᠪᠵᠢᠭᠦᠯᠭᠡ ᠨᠢᠭᠡ ᠲᠥᠰᠦᠯ》 ᠎ᠤᠨ ᠣᠨᠣᠪᠴᠢᠲᠤ ᠴᠢᠨᠠᠷ ᠪᠠ ᠨᠠᠢᠳᠠᠪᠤᠷᠢᠵᠢᠭᠤᠯᠬᠤ ᠴᠢᠨᠠᠷ᠎ᠢ ᠳᠡᠭᠡᠭ᠌ᠰᠢᠯᠡᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》 ᠎ᠤᠨ ᠭᠠᠵᠠᠷ ᠱᠢᠨᠵᠢᠯᠡᠭᠡᠨ᠎ᠤ ᠠᠵᠢᠯ᠎ᠢ ᠰᠠᠢᠲᠤᠷ ᠡᠬᠢᠯᠡᠭᠦᠯᠬᠦ᠌᠎ᠳᠤ ᠪᠠᠲᠤ ᠪᠠᠬᠢ ᠰᠠᠭᠤᠷᠢ ᠲᠠᠯᠪᠢᠪᠠ᠃

  ᠳᠤᠮᠳᠠᠳᠤ ᠤᠯᠤᠰ᠎ᠤᠨ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢᠨ ᠲᠣᠪᠴᠢᠶ᠎ᠠ᠎ᠶ᠋ᠢᠨ ᠱᠧᠨᠶᠠᠩ᠎ᠤᠨ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢᠨ ᠲᠥᠪ᠂ ᠲᠢᠶᠠᠨᠵᠢᠨ᠎ᠤ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢᠨ ᠲᠥᠪ᠂ ᠰᠢ ᠠᠨ᠎ᠤ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢᠨ ᠲᠥᠪ᠂ ᠳᠤᠮᠳᠠᠳᠤ ᠤᠯᠤᠰ᠎ᠤᠨ ᠭᠠᠵᠠᠷ ᠱᠢᠨᠵᠢᠯᠡᠭᠡᠨ᠎ᠤ ᠣᠷᠴᠢᠨ ᠲᠣᠭᠤᠷᠢᠨ᠎ᠤ ᠬᠢᠨᠠᠨ ᠬᠡᠮᠵᠢᠯᠲᠡ᠎ᠶ᠋ᠢᠨ ᠬᠦᠷᠢᠶᠡᠯᠡᠩ ᠵᠢᠴᠢ ᠥᠪᠡᠷᠲᠡᠭᠡᠨ ᠵᠠᠰᠠᠬᠤ ᠣᠷᠣᠨ᠎ᠤ ᠭᠠᠵᠠᠷ ᠱᠢᠨᠵᠢᠯᠡᠭᠡᠨ᠎ᠤ ᠬᠠᠢᠨ ᠪᠠᠢᠴᠠᠭᠠᠯᠲᠠ᠂ ᠭᠠᠵᠠᠷ ᠱᠢᠨᠵᠢᠯᠡᠭᠡᠨ᠎ᠤ ᠭᠠᠮᠱᠢᠭ᠂ ᠡᠬᠢ ᠪᠠᠶᠠᠯᠢᠭ᠎ᠤᠨ ᠲᠥᠯᠥᠪᠵᠢᠭᠦᠯᠭᠡ ᠵᠡᠷᠭᠡ ᠬᠦᠷᠢᠶᠡᠨ᠎ᠤ ᠲᠤᠰᠭᠠᠶ ᠮᠡᠷᠭᠡᠵᠢᠯᠲᠡᠨ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠬᠤᠯᠪᠣᠭ᠍ᠳᠠᠯ ᠪᠥᠬᠦᠶ ᠭᠠᠵᠠᠷ ᠠᠯᠪᠠᠨ ᠲᠠᠰᠤᠭ᠎ᠤᠨ ᠬᠠᠷᠢᠭᠤᠴᠠᠯᠭᠠᠲᠠᠨ ᠵᠢᠴᠢ ᠬᠠᠮᠢᠶ᠎ᠠ ᠪᠥᠬᠦᠶ ᠮᠡᠷᠭᠡᠵᠢᠯ᠎ᠤᠨ ᠠᠵᠢᠯᠲᠠᠨ ᠬᠤᠷᠠᠯ᠎ᠳᠤ ᠣᠷᠣᠯᠴᠠᠪᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢᠨ ᠰᠤᠳᠤᠯᠭᠠᠨ᠎ᠤ ᠬᠦᠷᠢᠶᠡᠯᠡᠩ