ᠺᠠᠳ᠋ᠷ᠎ᠤᠨ ᠡᠩᠨᠡᠭᠡᠨ᠎ᠤ ᠠᠯᠪᠠᠨ ᠪᠢᠴᠢᠭ ᠵᠣᠬᠢᠶᠠᠨ ᠪᠢᠴᠢᠬᠦ᠌ ᠴᠢᠳᠠᠪᠤᠷᠢ ᠬᠡᠪ ᠴᠢᠨᠠᠷ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠠᠵᠢᠯ᠎ᠤᠨ ᠴᠢᠳᠠᠪᠤᠷᠢ᠎ᠪᠠᠨ ᠪᠠᠲᠤᠳᠭᠠᠨ᠂ ᠠᠵᠢᠯ᠎ᠤᠨ ᠦᠷ᠎ᠡ ᠪᠦᠲᠦᠮᠵᠢ᠎ᠪᠠᠨ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠋᠎ᠤᠨ ᠬᠢᠨᠠᠨ ᠪᠠᠢᠴᠠᠭᠠᠯᠲᠠ᠎ᠶᠢ ᠪᠠᠲᠤᠯᠠᠬᠤ ᠲᠥᠪ᠎ᠤᠨ ᠬᠡᠪ ᠴᠢᠨᠠᠷ᠎ᠢ ᠳᠡᠭᠡᠭ᠌ᠰᠢᠯᠡᠭᠦᠯᠬᠦ᠌ ᠰᠠᠷ᠎ᠠ᠎ᠶ᠋ᠢᠨ ᠠᠵᠢᠯᠯᠠᠭ᠎ᠠ᠎ᠶ᠋ᠢᠨ ᠱᠠᠭᠠᠷᠳᠠᠯᠭ᠎ᠠ᠎ᠲᠠᠢ ᠤᠶᠠᠯᠳᠤᠭᠤᠯᠤᠨ᠂ 11 ᠳ᠋ᠦ᠍ᠭᠡᠷ ᠰᠠᠷ᠎ᠠ᠎ᠶ᠋ᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠋᠎ᠤᠨ ᠬᠢᠨᠠᠨ ᠪᠠᠢᠴᠠᠭᠠᠯᠲᠠ᠎ᠶᠢ ᠪᠠᠲᠤᠯᠠᠬᠤ ᠲᠥᠪ᠎ᠠᠴᠠ 《ᠰᠣᠶᠣᠯ᠎ᠢᠶᠠᠷ ᠵᠠᠰᠠᠭ᠎ᠢ ᠲᠤᠰᠠᠯᠠᠬᠤ ᠬᠠᠲᠠᠭᠤ ᠴᠥᠮ᠎ᠡ᠎ᠶᠢᠨ ᠴᠢᠳᠠᠪᠤᠷᠢ᠎ᠶᠢ ᠳᠠᠪᠲᠠᠨ ᠪᠣᠯᠪᠠᠰᠤᠷᠠᠭᠤᠯᠬᠤ》 ᠲᠤᠰᠭᠠᠶ ᠰᠡᠳᠦᠪᠲᠦ ᠪᠣᠯᠪᠠᠰᠤᠷᠠᠯ᠎ᠢ ᠵᠣᠬᠢᠶᠠᠨ ᠪᠠᠢᠭᠤᠯᠤᠨ ᠥᠷᠨᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠬᠤᠯᠪᠣᠭ᠍ᠳᠠᠯ ᠪᠦᠬᠦᠢ ᠲᠤᠰᠭᠠᠶ ᠮᠡᠷᠭᠡᠵᠢᠯᠲᠡᠨ᠎ᠢ ᠤᠷᠢᠵᠤ ᠲᠤᠰᠭᠠᠶ ᠰᠡᠳᠦᠪ᠎ᠢᠶᠠᠷ ᠬᠢᠴᠢᠶᠡᠯᠯᠡᠭᠦᠯᠪᠡ᠃
ᠲᠣᠰ ᠤᠳᠠᠭᠠᠨ᠎ᠤ ᠪᠣᠯᠪᠠᠰᠤᠷᠠᠯ᠎ᠨᠢ ᠲᠠᠪᠤᠨ ᠠᠳᠡᠭᠦᠷᠡᠯᠢ ᠲᠣᠳᠣᠷᠬᠠᠢᠯᠠᠬᠤ᠂ ᠭᠤᠷᠪᠠᠨ ᠪᠠᠢᠷᠢ ᠲᠣᠭ᠍ᠲᠠᠭᠠᠯᠲᠠ᠎ᠶ᠋ᠢ ᠣᠨᠣᠪᠴᠢᠲᠠᠶ ᠣᠯᠬᠤ᠂ ᠭᠤᠷᠪᠠᠨ ᠬᠠᠷᠢᠴᠠᠭ᠎ᠠ᠎ᠶ᠋ᠢ ᠱᠢᠢᠳᠪᠦᠷᠢᠯᠡᠬᠦ᠌ ᠵᠡᠷᠭᠡ ᠬᠠᠷᠠᠭᠠᠰᠤ᠎ᠠᠴᠠ ᠤᠯᠤᠰ ᠲᠥᠷᠥ᠎ᠶ᠋ᠢᠨ ᠪᠣᠭᠤᠮᠲᠠ᠂ ᠦᠰᠦᠭ ᠪᠢᠴᠢᠭ᠎ᠤᠨ ᠪᠣᠭᠤᠮᠲᠠ᠂ ᠬᠡᠯᠪᠡᠷᠢᠱᠢᠯᠤᠨ ᠪᠣᠭᠤᠮᠲᠠ᠂ ᠯᠣᠭᠢᠭ᠎ᠤᠨ ᠪᠣᠭᠤᠮᠲᠠ ᠪᠠ ᠬᠠᠤᠯᠢ ᠴᠠᠭᠠᠵᠠ᠎ᠶ᠋ᠢᠨ ᠪᠣᠭᠤᠮᠲᠠ ᠵᠡᠷᠭᠡ ᠲᠠᠪᠤᠨ ᠲᠠᠯ᠎ᠠ᠎ᠠᠴᠠ ᠠᠯᠪᠠᠨ ᠪᠢᠴᠢᠭ ᠪᠢᠴᠢᠬᠦ᠌ 《ᠦᠨᠳᠦᠰᠦᠨ ᠴᠢᠳᠠᠪᠤᠷᠢ》 ᠪᠠ 《 ᠠᠮᠢᠨ ᠰᠤᠳᠠᠰᠤ》 ᠶ᠋ᠢ ᠱᠢᠰᠲ᠋ᠧᠮ᠎ᠲᠠᠢ ᠲᠠᠢᠯᠪᠤᠷᠢᠯᠠᠵᠤ᠂ ᠠᠯᠪᠠᠨ ᠪᠢᠴᠢᠭ ᠶᠠᠪᠤᠭᠤᠯᠬᠤ ᠴᠢᠭ᠌ᠯᠡᠯ᠎ᠤᠨ ᠴᠢᠬᠤᠯᠠ ᠴᠢᠨᠠᠷ᠎ᠢ ᠵᠥᠪ ᠣᠨᠣᠪᠴᠢᠲᠠᠶ ᠡᠵᠡᠮᠱᠢᠬᠦ᠌᠎ᠶ᠋ᠢᠨ ᠬᠠᠮᠲᠤ᠌᠂ ᠳᠡᠭᠡᠭᠰᠢ ᠪᠠ ᠳᠣᠷᠣᠭ᠍ᠰᠢ ᠬᠠᠷᠢᠴᠠᠭ᠎ᠠ᠂ ᠳᠣᠲᠣᠭᠠᠳᠤ ᠪᠠ ᠭᠠᠳᠠᠭᠠᠳᠤ᠎ᠯᠤᠭ᠎ᠠ᠎ᠶ᠋ᠢᠨ ᠬᠠᠷᠢᠴᠠᠭ᠎ᠠ ᠵᠢᠴᠢ ᠨᠡᠢᠲᠡᠯᠢᠭ ᠵᠢᠱ᠌ᠢᠶ᠎ᠡ ᠪᠠ ᠨᠡᠢᠲᠡᠯᠢᠭ ᠪᠤᠰᠤ ᠬᠠᠷᠢᠴᠠᠭ᠎ᠠ᠎ᠶ᠋ᠢ ᠬᠡᠷᠬᠢᠨ ᠰᠠᠢᠲᠤᠷ ᠱᠢᠢᠳᠪᠦᠷᠢᠯᠡᠬᠦ᠌ ᠲᠤᠬᠠᠶ ᠲᠣᠳᠣᠷᠬᠠᠢᠯᠠᠯᠲᠠ ᠬᠢᠪᠠ᠃ ᠡᠭᠦᠨ᠎ᠤ ᠬᠠᠮᠲᠤ᠌᠂ AI ᠶᠢᠨ ᠬᠠᠪᠰᠤᠷᠤᠭ᠍ᠴᠢ᠎ᠶ᠋ᠢᠨ ᠦᠶ᠋ᠯᠡᠳᠦᠯ᠎ᠢ ᠬᠡᠷᠬᠢᠨ ᠵᠥᠪ ᠬᠡᠷᠡᠭ᠌ᠯᠡᠬᠦ᠌᠎ᠶ᠋ᠢ ᠲᠣᠳᠣᠷᠬᠠᠢᠯᠠᠵᠤ᠂ ᠬᠡᠷᠡᠭ᠌ᠯᠡᠭ᠌ᠴᠢ᠎ᠶ᠋ᠢᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠴᠢᠩᠭᠠᠷᠠᠭᠤᠯᠤᠨ᠂ ᠡᠭᠦᠷᠭᠡ ᠴᠢᠳᠠᠪᠤᠷᠢ᠎ᠶ᠋ᠢᠨ ᠵᠣᠬᠢᠶᠠᠨ ᠪᠢᠴᠢᠬᠦ᠌ ᠠᠵᠢᠯ᠎ᠢ ᠬᠢᠯᠢ ᠳᠠᠪᠠᠭ᠍ᠤ ᠥᠬᠡᠶ᠂ ᠠᠯᠳᠠᠬᠤ ᠥᠬᠡᠶ ᠪᠠᠢᠬᠤ᠎ᠶ᠋ᠢ ᠦᠨᠡᠨᠬᠦ᠌ ᠪᠠᠲᠤᠯᠠᠬᠤ ᠬᠡᠷᠡᠭ᠌ᠲᠡᠶ᠃
ᠲᠣᠰ ᠤᠳᠠᠭᠠᠨ᠎ᠤ ᠪᠣᠯᠪᠠᠰᠤᠷᠠᠯ᠎ᠨᠢ ᠣᠨᠣᠯ᠎ᠤᠨ ᠦᠨᠳᠦᠷᠴᠡ᠎ᠲᠠᠢ ᠪᠥᠭᠡᠳ ᠭᠤᠤᠯ ᠬᠠᠤᠯᠢ ᠬᠡᠷᠡᠭ᠌ᠵᠢᠭᠦᠯᠦᠯᠲᠡ᠎ᠶ᠋ᠢ ᠬᠢᠨᠠᠨ ᠪᠠᠢᠴᠠᠭᠠᠬᠤ ᠪᠣᠳᠠᠲᠤ ᠪᠠᠢᠳᠠᠯ᠎ᠲᠠᠢ ᠨᠢᠭ᠍ᠲᠠ ᠤᠶᠠᠯᠳᠤᠭᠤᠯᠵᠤ᠂ ᠺᠠᠳ᠋ᠷ ᠠᠵᠢᠯᠲᠠᠨ ᠠᠵᠢᠯᠴᠢᠨ᠎ᠤ ᠠᠯᠪᠠᠨ ᠪᠢᠴᠢᠭ ᠪᠢᠴᠢᠬᠦ᠌ ᠰᠠᠭᠤᠷᠢ᠎ᠶ᠋ᠢ ᠪᠠᠲᠤᠳᠭᠠᠪᠠ᠃ ᠲᠠᠷᠠᠭᠠᠴᠢ᠎ᠶ᠋ᠢᠨ ᠠᠯᠬᠤᠮ᠎ᠳᠤ᠂ ᠲᠥᠪ᠎ᠠᠴᠠ ᠲᠣᠰ ᠤᠳᠠᠭᠠᠨ᠎ᠤ ᠪᠣᠯᠪᠠᠰᠤᠷᠠᠯ᠎ᠢᠶᠠᠷ ᠠᠵᠠ ᠲᠣᠬᠢᠶᠠᠯ ᠪᠣᠯᠭᠠᠵᠤ᠂ ᠠᠯᠪᠠᠨ ᠪᠢᠴᠢᠭ ᠬᠠᠭᠤᠯᠤᠨ ᠢᠯᠡᠭᠡᠬᠦ᠌᠎ᠶ᠋ᠢ ᠲᠤᠰᠭᠠᠶ ᠴᠡᠭ᠌ᠴᠡᠯᠡᠨ ᠵᠠᠰᠠᠬᠤ ᠱᠠᠭᠠᠷᠳᠠᠯᠭ᠎ᠠ᠎ᠲᠠᠢ ᠤᠶᠠᠯᠳᠤᠭᠤᠯᠤᠨ᠂ 《ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠵᠦ᠍᠂ ᠪᠣᠳᠠᠲᠤ ᠦᠷ᠎ᠡ ᠪᠦᠲᠦᠮᠵᠢ᠎ᠶ᠋ᠢ ᠴᠢᠬᠤᠯᠠᠴᠢᠯᠠᠬᠤ》 ᠵᠣᠬᠢᠶᠠᠨ ᠪᠢᠴᠢᠬᠦ᠌ ᠣᠢᠯᠠᠭᠠᠭ᠍ᠳᠠᠬᠤᠨ᠎ᠢ ᠪᠣᠶ ᠪᠣᠯᠭᠠᠵᠤ᠂ ᠠᠯᠪᠠᠨ ᠪᠢᠴᠢᠭ ᠨᠢᠭᠡᠪᠦᠷᠢ᠎ᠶ᠋ᠢ ᠴᠥᠮ ᠲᠤᠩᠭᠠᠨ ᠪᠣᠳᠣᠯᠬᠢᠯᠠᠬᠤ ᠪᠠ ᠱᠢᠯᠭᠠᠨ ᠪᠠᠢᠴᠠᠭᠠᠬᠤ᠎ᠶ᠋ᠢ ᠳᠠᠭᠠᠭᠠᠵᠤ ᠳᠡᠢᠯᠬᠦ᠌᠎ᠶ᠋ᠢ ᠦᠨᠡᠨᠬᠦ᠌ ᠪᠠᠲᠤᠯᠠᠨ᠎ᠠ᠃