2025 ᠣᠨ᠎ᠤ ᠬᠤᠶᠠᠳᠤᠭᠠᠷ ᠬᠤᠭᠤᠴᠠᠭᠠᠨ᠎ᠤ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠬᠠᠳᠠᠭᠠᠯᠠᠭ᠍ᠳᠠᠴᠠ᠎ᠶ᠋ᠢᠨ ᠬᠠᠮᠢᠶᠠᠷᠤᠯᠲᠠ᠎ᠶ᠋ᠢᠨ ᠬᠠᠮᠢᠶ᠎ᠠ ᠪᠥᠬᠦᠶ ᠲᠤᠬᠠᠢᠯᠠᠭ᠍ᠰᠠᠨ ᠠᠵᠢᠯ᠎ᠤᠨ ᠲᠤᠰᠭᠠᠶ ᠮᠡᠷᠭᠡᠵᠢᠯᠲᠡᠨ᠎ᠤ ᠪᠣᠯᠪᠠᠰᠤᠷᠠᠯ᠎ᠤᠨ ᠠᠩᠭᠢ ᠵᠢᠩᠬᠢᠨᠢ᠎ᠪᠠᠷ ᠡᠬᠢᠯᠡᠪᠡ
2025-11-26

  ᠪᠥᠬᠦ᠌ ᠣᠷᠣᠨ᠎ᠤ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠬᠠᠳᠠᠭᠠᠯᠠᠭ᠍ᠳᠠᠴᠠ᠎ᠶ᠋ᠢᠨ ᠬᠠᠮᠢᠶᠠᠷᠤᠯᠲᠠ᠎ᠶ᠋ᠢᠨ ᠠᠵᠢᠯ᠎ᠢ ᠵᠢᠷᠤᠮᠵᠢᠭᠤᠯᠵᠤ᠂ ᠠᠵᠢᠯ ᠡᠷᠭᠢᠯᠡᠭ᠌ᠰᠡᠳ᠎ᠤᠨ ᠲᠤᠬᠠᠢᠯᠠᠭ᠍ᠰᠠᠨ ᠠᠵᠢᠯ᠎ᠤᠨ ᠴᠢᠳᠠᠪᠤᠷᠢ ᠬᠢᠭᠡᠳ ᠲᠤᠰᠭᠠᠶ ᠮᠡᠷᠭᠡᠵᠢᠯ᠎ᠤᠨ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠦᠨ᠂ ᠬᠠᠮᠤᠭ᠎ᠤᠨ ᠱᠢᠨ᠎ᠡ ᠲᠥᠷᠥ᠎ᠶ᠋ᠢᠨ ᠪᠣᠳᠣᠯᠭ᠎ᠠ᠎ᠶ᠋ᠢᠨ ᠪᠠᠷᠢᠮᠵᠢᠶ᠎ᠠ ᠵᠢᠴᠢ ᠮᠡᠷᠭᠡᠵᠢᠯ᠎ᠤᠨ ᠱᠠᠭᠠᠷᠳᠠᠯᠭ᠎ᠠ᠎ᠶ᠋ᠢ ᠨᠠᠷᠢᠯᠢᠭ ᠣᠨᠣᠴᠠᠲᠠᠶ᠎ᠪᠠᠷ ᠨᠠᠢᠳᠠᠪᠤᠷᠢᠵᠢᠭᠤᠯᠵᠤ᠂ ᠬᠢᠨᠠᠨ ᠲᠣᠭ᠍ᠲᠠᠭᠠᠬᠤ ᠲᠤᠰᠭᠠᠶ ᠮᠡᠷᠭᠡᠵᠢᠯᠲᠡᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠬᠤ᠎ᠶ᠋ᠢᠨ ᠲᠥᠯᠥᠭᠡ᠂ 11 ᠳ᠋ᠦ᠍ᠭᠡᠷ ᠰᠠᠷ᠎ᠠ᠎ᠶ᠋ᠢᠨ 26 ᠎ᠤ ᠡᠳᠦᠷ᠎ᠠᠴᠠ 28 ᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠨᠠᠢᠳᠠᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢᠨ ᠰᠤᠳᠤᠯᠭᠠᠨ᠎ᠤ ᠬᠦᠷᠢᠶᠡᠯᠡᠩ ᠬᠥᠬᠡᠬᠤᠲᠠ᠎ᠳᠤ 《2025 ᠣᠨ᠎ᠤ ᠬᠤᠶᠠᠳᠤᠭᠠᠷ ᠬᠤᠭᠤᠴᠠᠭᠠᠨ᠎ᠤ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠬᠠᠳᠠᠭᠠᠯᠠᠭ᠍ᠳᠠᠴᠠ᠎ᠶ᠋ᠢᠨ ᠬᠠᠮᠢᠶᠠᠷᠤᠯᠲᠠ᠎ᠶ᠋ᠢᠨ ᠬᠠᠮᠢᠶ᠎ᠠ ᠪᠥᠬᠦᠶ ᠲᠤᠬᠠᠢᠯᠠᠭ᠍ᠰᠠᠨ ᠠᠵᠢᠯ᠎ᠤᠨ ᠲᠤᠰᠭᠠᠶ ᠮᠡᠷᠭᠡᠵᠢᠯᠲᠡᠨ᠎ᠤ ᠪᠣᠯᠪᠠᠰᠤᠷᠠᠯ᠎ᠤᠨ ᠠᠩᠭᠢ》 ᠎ᠶᠢ ᠡᠷᠭᠢᠯᠡᠪᠡ᠃

  ᠲᠣᠰ ᠤᠳᠠᠭᠠᠨ᠎ᠤ ᠪᠣᠯᠪᠠᠰᠤᠷᠠᠯ᠎ᠨᠢ ᠣᠯᠠᠨ ᠲᠠᠯᠠᠲᠤ ᠪᠣᠳᠠᠲᠤ ᠶᠠᠪᠤᠳᠠᠯ᠎ᠤᠨ ᠠᠭᠤᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠡᠷᠬᠡ ᠰᠦᠷᠲᠦ ᠲᠤᠰᠭᠠᠶ ᠮᠡᠷᠭᠡᠵᠢᠯᠲᠡᠨ᠎ᠤ ᠬᠢᠴᠢᠶᠡᠯᠯᠡᠬᠦ᠌ ᠪᠦᠯᠬᠦᠮ᠎ᠢ ᠵᠡᠷᠭᠡᠪᠡᠷ ᠳᠣᠭᠢᠷᠠᠭᠤᠯᠤᠨ᠂ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠬᠠᠳᠠᠭᠠᠯᠠᠭ᠍ᠳᠠᠴᠠ᠎ᠶ᠋ᠢ ᠬᠢᠨᠠᠨ ᠲᠣᠭ᠍ᠲᠠᠭᠠᠬᠤ ᠲᠥᠪ᠂ ᠱᠢᠲᠠᠮᠠᠬᠠᠶ ᠬᠡᠶ᠎ᠶ᠋ᠢᠨ ᠡᠬᠢ ᠪᠠᠶᠠᠯᠢᠭ᠎ᠤᠨ ᠪᠠᠢᠯᠳᠤᠬᠤ ᠪᠣᠳᠣᠯᠭ᠎ᠠ᠎ᠶ᠋ᠢᠨ ᠰᠤᠳᠤᠯᠭᠠᠨ᠎ᠤ ᠲᠥᠪ᠂ ᠳᠤᠮᠳᠠᠳᠤ ᠤᠯᠤᠰ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠠᠵᠤ ᠠᠬᠤᠶ᠎ᠶ᠋ᠢᠨ ᠰᠤᠳᠤᠯᠭᠠᠨ᠎ᠤ ᠬᠦᠷᠢᠶᠡᠯᠡᠩ ᠵᠢᠴᠢ ᠥᠪᠡᠷᠲᠡᠭᠡᠨ ᠵᠠᠰᠠᠬᠤ ᠣᠷᠣᠨ᠎ᠤ ᠨᠠᠷᠠᠲᠤ ᠲᠤᠰᠭᠠᠶ ᠮᠡᠷᠭᠡᠵᠢᠯᠲᠡᠨ᠎ᠢ ᠲᠤᠰᠭᠠᠢᠯᠠᠨ ᠤᠷᠢᠵᠤ᠂ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ᠂ ᠮᠡᠷᠭᠡᠵᠢᠯ᠎ᠤᠨ ᠪᠠᠷᠢᠮᠵᠢᠶ᠎ᠠ᠂ ᠪᠣᠳᠠᠲᠤ ᠲᠠᠮᠢᠷ᠎ᠤᠨ ᠬᠡᠷᠡᠭ᠎ᠤᠨ ᠵᠢᠱ᠌ᠢᠶ᠎ᠡ ᠵᠡᠷᠭᠡ ᠲᠠᠯ᠎ᠠ᠎ᠶ᠋ᠢᠨ ᠲᠣᠭᠤᠷᠢᠨ᠎ᠳᠤ ᠪᠣᠯᠪᠠᠰᠤᠷᠠᠭᠤᠯᠤᠯ᠎ᠳᠤ ᠣᠷᠣᠯᠴᠠᠭᠰᠠᠳ᠎ᠲᠤ ᠲᠤᠰᠬᠠᠢ ᠮᠡᠷᠭᠡᠵᠢᠯ᠎ᠦᠨ ᠡᠮᠦᠨ᠎ᠡ ᠵᠠᠬ᠎ᠠ᠎ᠶᠢᠨ ᠰᠢᠰᠲᠧᠮ᠎ᠲᠠᠢ ᠬᠢᠴᠢᠶᠡᠯᠯᠡᠬᠦ᠎ᠶᠢ ᠬᠠᠩᠭᠠᠪᠠ᠃ ᠪᠣᠯᠪᠠᠰᠤᠷᠠᠯ᠎ᠤᠨ ᠠᠭᠤᠯᠭ᠎ᠠ᠎ᠨᠢ ᠭᠤᠤᠯᠯᠠᠬᠤ ᠲᠤᠬᠠᠢᠯᠠᠭ᠍ᠰᠠᠨ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠭᠤᠷᠬᠠᠶ᠎ᠶ᠋ᠢᠨ ᠨᠦᠬᠡ᠎ᠶ᠋ᠢᠨ ᠭᠠᠵᠠᠷ ᠱᠢᠨᠵᠢᠯᠡᠭᠡᠨ᠎ᠤ ᠮᠡᠳᠡᠭᠦᠯᠦᠯᠲᠡ᠎ᠶ᠋ᠢ ᠨᠠᠢᠷᠠᠭᠤᠯᠤᠨ ᠵᠣᠬᠢᠶᠠᠬᠤ᠂ ᠬᠠᠳᠠᠭᠠᠯᠠᠭ᠍ᠳᠠᠴᠠ᠎ᠶ᠋ᠢᠨ ᠣᠨ᠎ᠤ ᠮᠡᠳᠡᠭᠦᠯᠦᠯᠲᠡ᠎ᠶ᠋ᠢᠨ ᠵᠢᠷᠤᠮᠵᠢᠯ᠂ ᠱᠢᠨ᠎ᠡ ᠠᠭᠤᠷᠬᠠᠶ᠎ᠶ᠋ᠢᠨ ᠬᠠᠤᠯᠢ᠎ᠶ᠋ᠢᠨ ᠪᠣᠷᠣ ᠲᠥᠯᠥᠪ᠎ᠤᠨ ᠳᠣᠤᠷᠠᠬᠢ ᠬᠠᠢᠨ ᠪᠠᠢᠴᠠᠭᠠᠬᠤ ᠲᠥᠰᠦᠯ᠎ᠢ ᠨᠠᠢᠷᠠᠭᠤᠯᠤᠨ ᠵᠣᠬᠢᠶᠠᠵᠤ ᠬᠢᠨᠠᠨ ᠪᠠᠢᠴᠠᠭᠠᠵᠤ ᠦᠨᠡᠯᠡᠬᠦ᠌ ᠵᠡᠷᠭᠡ ᠭᠤᠤᠯ ᠲᠤᠬᠠᠢᠯᠠᠭ᠍ᠰᠠᠨ ᠠᠵᠢᠯ᠎ᠢ ᠬᠠᠮᠤᠷᠴᠤ᠌᠂ ᠬᠢᠨᠠᠨ ᠲᠣᠭ᠍ᠲᠠᠭᠠᠬᠤ ᠠᠵᠢᠯ᠎ᠤᠨ ᠠᠩᠬᠠᠷᠬᠤ ᠵᠦᠢᠯᠡᠰ᠂ ᠱᠢᠢᠳᠪᠦᠷᠢᠯᠡᠬᠦ᠌ ᠰᠠᠨᠠᠯ ᠵᠢᠴᠢ ᠰᠠᠬᠢᠯᠭ᠎ᠠ ᠪᠠᠲᠤ᠎ᠶ᠋ᠢᠨ ᠱᠠᠭᠠᠷᠳᠠᠯᠭ᠎ᠠ᠎ᠶ᠋ᠢ ᠲᠣᠳᠣᠷᠬᠠᠢᠯᠠᠵᠤ᠂ ᠪᠣᠯᠪᠠᠰᠤᠷᠠᠯ᠎ᠳᠤ ᠣᠷᠣᠯᠴᠠᠭ᠍ᠰᠠᠳ᠎ᠲᠤ ᠬᠦᠴᠦᠨ ᠨᠡᠮᠡᠷᠢᠯᠡᠵᠦ᠍᠂ ᠲᠤᠬᠠᠢᠯᠠᠭ᠍ᠰᠠᠨ ᠠᠵᠢᠯ᠎ᠤᠨ ᠭᠤᠤᠯᠳᠠᠯᠭ᠎ᠠ᠎ᠶ᠋ᠢ ᠣᠨᠣᠪᠴᠢᠲᠠᠶ ᠡᠵᠡᠮᠱᠢᠵᠦ᠍᠂ ᠪᠣᠳᠠᠲᠠᠶ ᠬᠢᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ᠃

  ᠲᠣᠰ ᠤᠳᠠᠭᠠᠨ᠎ᠤ ᠪᠣᠯᠪᠠᠰᠤᠷᠠᠯ᠎ᠨᠢ ᠬᠥᠮᠥᠷᠭᠡ᠎ᠳᠤ ᠪᠠᠢᠭ᠎ᠠ ᠲᠤᠰᠭᠠᠶ ᠮᠡᠷᠭᠡᠵᠢᠯᠲᠡᠳ᠎ᠢ ᠵᠡᠷᠭᠡ᠎ᠪᠠᠷ ᠲᠥᠷᠥ᠎ᠶ᠋ᠢᠨ ᠪᠣᠳᠣᠯᠭ᠎ᠠ ᠬᠢᠭᠡᠳ ᠮᠡᠷᠭᠡᠵᠢᠯ᠎ᠤᠨ ᠪᠠᠷᠢᠮᠵᠢᠶ᠎ᠠ᠎ᠶ᠋ᠢᠨ ᠲᠠᠨᠢᠨ ᠮᠡᠳᠡᠬᠦᠶ᠎ᠶ᠋ᠢ ᠱᠢᠨᠡᠳᠭᠡᠵᠦ᠍᠂ ᠬᠢᠨᠠᠨ ᠲᠣᠭ᠍ᠲᠠᠭᠠᠬᠤ ᠪᠠᠷᠢᠮᠵᠢᠶ᠎ᠠ᠎ᠶ᠋ᠢ ᠨᠢᠭᠡᠳᠦᠯᠲᠡᠶ ᠪᠣᠯᠭᠠᠨ᠂ ᠬᠢᠨᠠᠨ ᠲᠣᠭ᠍ᠲᠠᠭᠠᠬᠤ ᠠᠵᠢᠯ᠎ᠤᠨ ᠡᠷᠬᠡ ᠰᠦᠷᠲᠦ ᠴᠢᠨᠠᠷ ᠬᠢᠭᠡᠳ ᠨᠢᠭᠡᠳᠦᠯᠲᠦ ᠴᠢᠨᠠᠷ᠎ᠢ ᠴᠢᠩᠭᠠᠷᠠᠭᠤᠯᠵᠤ᠂ ᠬᠢᠨᠠᠨ ᠲᠣᠭ᠍ᠲᠠᠭᠠᠬᠤ ᠶᠠᠪᠤᠴᠠ᠎ᠳᠠᠬᠢ ᠲᠤᠰᠭᠠᠶ ᠮᠡᠷᠭᠡᠵᠢᠯᠲᠡᠨ᠎ᠤ ᠲᠦᠭ᠌ᠰᠢᠭᠦᠷᠢ᠎ᠶ᠋ᠢ ᠢᠯᠭᠠᠨ ᠲᠠᠨᠢᠬᠤ᠂ ᠲᠤᠰᠭᠠᠶ ᠮᠡᠷᠭᠡᠵᠢᠯ᠎ᠤᠨ ᠰᠤᠳᠤᠯᠤᠨ ᠮᠠᠭᠠᠳᠯᠠᠬᠤ ᠴᠢᠳᠠᠪᠤᠷᠢ᠎ᠶ᠋ᠢ ᠦᠨᠡᠨ ᠬᠦ᠌ ᠳᠡᠭᠡᠭ᠌ᠰᠢᠯᠡᠭᠦᠯᠪᠡ᠃ ᠡᠭᠦᠨ᠎ᠠᠴᠠ ᠭᠠᠳᠠᠨ᠎ᠠ᠂ ᠬᠠᠨᠳᠤᠯᠭᠠᠲᠤ ᠴᠢᠨᠠᠷᠲᠠᠶ ᠠᠭᠤᠯᠭ᠎ᠠ᠎ᠶ᠋ᠢᠨ ᠭᠠᠷᠭᠠᠯᠲᠠ᠎ᠨᠢ ᠠᠵᠢᠯ ᠲᠥᠷᠥᠯ᠎ᠤᠨ ᠲᠤᠰᠭᠠᠶ ᠮᠡᠷᠭᠡᠵᠢᠯ᠎ᠤᠨ ᠰᠣᠯᠢᠯᠴᠠᠭᠠᠨ᠎ᠤ ᠲᠠᠪᠴᠠᠩ᠎ᠢ ᠪᠠᠢᠭᠤᠯᠤᠭ᠍ᠰᠠᠨ ᠪᠥᠭᠡᠳ ᠪᠠᠰᠠ ᠪᠥᠬᠦ᠌ ᠣᠷᠣᠨ᠎ᠤ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠬᠠᠳᠠᠭᠠᠯᠠᠭ᠍ᠳᠠᠴᠠ᠎ᠶ᠋ᠢᠨ ᠬᠠᠮᠢᠶᠠᠷᠤᠯᠲᠠ᠎ᠶ᠋ᠢᠨ ᠠᠵᠢᠯ᠎ᠢ ᠲᠤᠰᠭᠠᠢᠵᠢᠭᠤᠯᠬᠤ᠂ ᠵᠢᠷᠤᠮᠵᠢᠭᠤᠯᠬᠤ᠂ ᠨᠠᠷᠢᠯᠢᠬ᠍ᠵᠢᠭᠤᠯᠬᠤ ᠴᠢᠭ᠌ᠯᠡᠯ ᠲᠡᠢ᠌ᠰᠢ ᠬᠥᠭ᠌ᠵᠢᠭᠦᠯᠬᠦ᠌᠎ᠶ᠋ᠢ ᠠᠬᠢᠭᠤᠯᠵᠤ᠂ ᠠᠵᠤ ᠠᠬᠤᠢᠯᠠᠯ᠎ᠤᠨ ᠵᠢᠷᠤᠮᠵᠢᠯ᠎ᠤᠨ ᠮᠡᠳᠡᠭᠦᠯᠦᠯᠲᠡ᠎ᠶ᠋ᠢ ᠨᠠᠢᠷᠠᠭᠤᠯᠤᠨ ᠵᠣᠬᠢᠶᠠᠬᠤ᠂ ᠠᠵᠢᠯ ᠲᠥᠷᠥᠯ᠎ᠤᠨ ᠮᠡᠷᠭᠡᠵᠢᠯ᠎ᠤᠨ ᠪᠠᠷᠢᠮᠵᠢᠶ᠎ᠠ᠎ᠶ᠋ᠢ ᠨᠠᠷᠢᠯᠢᠭ ᠣᠨᠣᠴᠠᠲᠠᠶ᠎ᠪᠠᠷ ᠵᠣᠯᠭᠠᠭᠤᠯᠬᠤ᠎ᠳᠤ ᠬᠦᠴᠦᠨ ᠨᠡᠮᠡᠷᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠵᠦᠶ ᠵᠣᠬᠢᠰᠲᠠᠶ ᠨᠡᠭᠡᠭᠡᠨ ᠠᠱᠢᠭ᠍ᠯᠠᠬᠤ ᠪᠠ ᠥᠨᠳᠥᠷ ᠪᠦᠲᠦᠮᠵᠢᠲᠡᠶ᠎ᠪᠠᠷ ᠠᠱᠢᠭ᠍ᠯᠠᠬᠤ᠎ᠳᠤ ᠪᠠᠲᠤ ᠪᠠᠬᠢ ᠰᠠᠭᠤᠷᠢ᠎ᠶ᠋ᠢ ᠲᠠᠯᠪᠢᠵᠤ ᠦᠭᠪᠡ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢᠨ ᠰᠤᠳᠤᠯᠭᠠᠨ᠎ᠤ ᠬᠦᠷᠢᠶᠡᠯᠡᠩ