ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠬᠠᠮᠠᠭ᠋ᠠᠯᠠᠯᠲᠠ ᠬᠢᠭᠡᠳ ᠠᠰᠢᠭᠯᠠᠯᠲᠠ᠎ᠶᠢᠨ ᠰᠤᠳᠤᠯᠭᠠᠨ᠎ᠤ ᠲᠥᠪ ᠲᠤᠷᠱᠢᠯᠲᠠ᠎ᠶ᠋ᠢᠨ ᠭᠠᠵᠠᠷ ᠣᠷᠣᠨ᠎ᠳᠤ ᠪᠥᠬᠦ᠌ ᠣᠷᠣᠨ ᠪᠦᠰᠡ᠎ᠶ᠋ᠢᠨ ᠭᠠᠵᠠᠷ ᠱᠢᠷᠣᠶ᠎ᠶ᠋ᠢ ᠶᠡᠷᠦᠩᠬᠡᠢᠯᠡᠨ ᠴᠡᠭ᠌ᠴᠡᠯᠡᠨ ᠵᠠᠰᠠᠬᠤ ᠮᠡᠷᠭᠡᠵᠢᠯ᠎ᠤᠨ ᠵᠢᠯᠣᠭᠤᠳᠭᠤ ᠠᠵᠢᠯ᠎ᠢ ᠥᠷᠨᠢᠭᠦᠯᠪᠡ
2025-11-28

  ᠪᠥᠬᠦ᠌ ᠣᠷᠣᠨ ᠪᠦᠰᠡ᠎ᠶ᠋ᠢᠨ ᠭᠠᠵᠠᠷ ᠱᠢᠷᠣᠶ᠎ᠶ᠋ᠢ ᠶᠡᠷᠦᠩᠬᠡᠢᠯᠡᠨ ᠴᠡᠭ᠌ᠴᠡᠯᠡᠨ ᠵᠠᠰᠠᠬᠤ ᠠᠵᠢᠯ᠎ᠢ ᠯᠠᠪᠳᠠᠭᠤᠨ ᠪᠥᠭᠡᠳ ᠡᠮᠬᠢ ᠵᠢᠷᠤᠮ᠎ᠲᠠᠢ ᠥᠷᠨᠢᠭᠦᠯᠬᠦ᠌᠎ᠶ᠋ᠢ ᠠᠬᠢᠭᠤᠯᠬᠤ᠎ᠶ᠋ᠢᠨ ᠲᠤᠰᠠᠳᠠ᠂ ᠠᠩᠬᠠᠨ᠎ᠤ ᠪᠦᠯᠦᠭ ᠲᠤᠷᠱᠢᠯᠲᠠ᠎ᠶ᠋ᠢᠨ ᠭᠠᠵᠠᠷ ᠣᠷᠣᠨ᠎ᠤ ᠮᠡᠷᠭᠡᠵᠢᠯ᠎ᠤᠨ ᠵᠢᠭᠠᠨ ᠵᠢᠯᠣᠭᠤᠳᠭᠤ ᠦᠢᠯᠡᠴᠢᠯᠡᠭᠡᠨ᠎ᠤ ᠡᠭᠦᠷᠭᠡ᠎ᠶ᠋ᠢ ᠪᠡᠶᠡᠯᠡᠭᠦᠯᠦᠭ᠌ᠰᠡᠨ᠎ᠤ ᠳᠠᠷᠠᠭ᠎ᠠ᠂ 11 ᠳ᠋ᠦ᠍ᠭᠡᠷ ᠰᠠᠷ᠎ᠠ᠎ᠶ᠋ᠢᠨ 11 ᠎ᠤ ᠡᠳᠦᠷ᠎ᠠᠴᠠ 24 ᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠬᠠᠮᠠᠭ᠋ᠠᠯᠠᠯᠲᠠ ᠬᠢᠭᠡᠳ ᠠᠰᠢᠭᠯᠠᠯᠲᠠ᠎ᠶᠢᠨ ᠰᠤᠳᠤᠯᠭᠠᠨ᠎ᠤ ᠲᠥᠪ ᠤᠷᠢᠳ ᠬᠤᠵᠢᠳ ᠪᠤᠭᠤᠲᠤ ᠬᠤᠲᠠ᠂ ᠬᠥᠯᠥᠨ ᠪᠤᠢᠷ ᠬᠤᠲᠠ᠎ᠶ᠋ᠢᠨ ᠬᠤᠶᠠᠳᠤᠭᠠᠷ ᠪᠦᠯᠦᠭ᠎ᠤᠨ ᠲᠤᠷᠱᠢᠯᠲᠠ᠎ᠶ᠋ᠢᠨ ᠭᠠᠵᠠᠷ ᠣᠷᠣᠨ᠎ᠳᠤ ᠬᠦᠷᠴᠦ᠍ ᠲᠤᠬᠠᠶ᠎ᠶ᠋ᠢᠨ ᠭᠠᠵᠠᠷ᠎ᠤᠨ ᠮᠡᠷᠭᠡᠵᠢᠯ᠎ᠤᠨ ᠵᠢᠯᠣᠭᠤᠳᠣᠯᠭ᠎ᠠ ᠪᠠ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ ᠬᠢᠬᠦ᠌ ᠦᠢᠯᠡᠴᠢᠯᠡᠭᠡ ᠥᠷᠨᠢᠭᠦᠯᠵᠦ᠍᠂ ᠴᠡᠭ᠌ᠴᠡᠯᠡᠨ ᠵᠠᠰᠠᠬᠤ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠬᠦ᠌᠎ᠳᠤ ᠬᠦᠴᠦᠨ ᠨᠡᠮᠡᠷᠢᠯᠡᠪᠡ᠃

  ᠵᠢᠯᠣᠭᠤᠳᠭᠤ ᠳᠤᠭᠤᠢᠯᠠᠩ᠎ᠨᠢ ᠲᠤᠬᠠᠶ᠎ᠶ᠋ᠢᠨ ᠭᠠᠵᠠᠷ᠎ᠲᠤᠨᠢ ᠬᠠᠢᠨ ᠱᠢᠨᠵᠢᠬᠦ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠲᠤᠬᠠᠶ᠎ᠶ᠋ᠢᠨ ᠭᠠᠵᠠᠷ᠎ᠤᠨ ᠠᠵᠢᠯ᠎ᠤᠨ ᠪᠠᠢᠳᠠᠯ᠂ ᠡᠬᠢ ᠪᠠᠶᠠᠯᠢᠭ᠎ᠤᠨ ᠳᠠᠪᠠᠭᠤᠯᠢᠭ ᠪᠠ ᠣᠷᠣᠱᠢᠨ ᠰᠠᠭᠤᠬᠤ ᠨᠥᠬᠦᠴᠡᠯ᠎ᠢ ᠪᠥᠬᠦ᠌ ᠲᠠᠯ᠎ᠠ᠎ᠪᠠᠷ ᠣᠢᠯᠠᠭᠠᠵᠤ᠂ ᠬᠡᠷᠡᠭ᠌ᠵᠢᠭᠦᠯᠬᠦ᠌ ᠲᠥᠰᠦᠯ᠎ᠢ ᠨᠠᠢᠷᠠᠭᠤᠯᠤᠨ ᠵᠣᠬᠢᠶᠠᠬᠤ ᠳᠤᠮᠳᠠ ᠣᠷᠣᠱᠢᠵᠤ ᠪᠠᠢᠭ᠎ᠠ ᠳᠠᠯᠳᠠ ᠬᠦᠴᠦᠨ᠎ᠤ ᠵᠠᠳᠠᠯᠤᠯᠲᠠ᠎ᠪᠠᠷ ᠬᠦᠷᠦᠯᠴᠡᠬᠦ᠌ ᠥᠬᠡᠶ᠂ ᠲᠥᠷᠥᠯ ᠵᠦᠢᠯ᠎ᠤᠨ ᠵᠢᠷᠤᠭ ᠲᠥᠯᠥᠪᠯᠡᠭᠡ᠎ᠶ᠋ᠢᠨ ᠲᠣᠬᠢᠷᠠᠭᠤᠯᠤᠯᠲᠠ᠎ᠨᠢ ᠵᠦᠶ ᠵᠣᠬᠢᠰ ᠥᠬᠡᠶ᠂ ᠪᠠᠯᠠ ᠮᠥᠩᠭᠦ᠎ᠶ᠋ᠢᠨ ᠲᠡᠩᠴᠡᠭᠦᠷᠢ᠎ᠶ᠋ᠢᠨ ᠵᠠᠳᠠᠯᠤᠯᠲᠠ᠎ᠨᠢ ᠯᠠᠪᠳᠠᠭᠤᠨ ᠪᠠᠲᠤᠲᠠᠶ ᠪᠢᠰᠢ ᠵᠡᠷᠭᠡ ᠠᠰᠠᠭᠤᠳᠠᠯ᠎ᠤᠨ ᠲᠣᠭᠤᠷᠢᠨ᠎ᠳᠤ ᠭᠤᠤᠯᠳᠠᠯᠭ᠎ᠠ᠎ᠲᠠᠢ᠎ᠪᠠᠷ ᠲᠠᠢᠯᠤᠮᠵᠢ ᠪᠠ ᠵᠢᠯᠣᠭᠤᠳᠣᠯᠭ᠎ᠠ ᠬᠢᠪᠠ᠃ ᠬᠤᠶᠠᠷ ᠲᠠᠯ᠎ᠠ᠎ᠪᠠᠷ᠎ᠢᠶᠠᠨ ᠪᠠᠰᠠ ᠪᠦᠬᠦ᠌ ᠣᠷᠣᠨ ᠪᠦᠰᠡ᠎ᠶ᠋ᠢᠨ ᠭᠠᠵᠠᠷ ᠱᠢᠷᠣᠢ᠎ᠶ᠋ᠢ ᠶᠡᠷᠦᠩᠬᠡᠢᠯᠡᠨ ᠴᠡᠭ᠌ᠴᠡᠯᠡᠨ ᠵᠠᠰᠠᠬᠤ ᠲᠦᠷᠦᠯ ᠵᠦᠢᠯ᠎ᠤᠨ ᠠᠵᠢᠯᠯᠠᠭᠠᠨ᠎ᠤ ᠵᠠᠭ᠍ᠪᠤᠷ᠂ ᠰᠡᠭᠦᠯᠴᠢ᠎ᠶ᠋ᠢᠨ ᠬᠤᠭᠤᠴᠠᠭᠠᠨ᠎ᠤ ᠠᠵᠢᠯᠯᠠᠭᠤᠯᠵᠤ ᠬᠠᠮᠠᠭᠠᠯᠠᠬᠤ ᠲᠣᠭ᠍ᠲᠠᠴᠠ ᠵᠡᠷᠭᠡ ᠬᠦᠴᠢᠷ ᠠᠰᠠᠭᠤᠳᠠᠯ᠂ ᠲᠦᠭ᠌ᠵᠢᠷᠡᠯ᠎ᠤᠨ ᠠᠰᠠᠭᠤᠳᠠᠯ᠎ᠤᠨ ᠲᠣᠭᠤᠷᠢᠨ᠎ᠳᠤ ᠭᠦᠨᠵᠡᠭᠡᠢ ᠰᠤᠳᠤᠯᠤᠨ ᠶᠠᠷᠢᠯᠴᠠᠪᠠ᠃

  ᠲᠣᠰ ᠤᠳᠠᠭᠠᠨ᠎ᠤ ᠮᠡᠷᠭᠡᠵᠢᠯ᠎ᠤᠨ ᠵᠢᠯᠣᠭᠤᠳᠭᠤ ᠦᠢᠯᠡᠴᠢᠯᠡᠭᠡ᠎ᠨᠢ ᠬᠤᠶᠠᠳᠤᠭᠠᠷ ᠪᠦᠯᠦᠭ᠎ᠤᠨ ᠲᠤᠷᠱᠢᠯᠲᠠ᠎ᠶ᠋ᠢᠨ ᠴᠡᠭ᠎ᠤᠨ ᠭᠠᠵᠠᠷ ᠣᠷᠣᠨ᠎ᠤ ᠪᠥᠬᠦ᠌ ᠣᠷᠣᠨ ᠪᠦᠰᠡ᠎ᠶ᠋ᠢᠨ ᠭᠠᠵᠠᠷ ᠱᠢᠷᠣᠶ᠎ᠶ᠋ᠢ ᠶᠡᠷᠦᠩᠬᠡᠢᠯᠡᠨ ᠴᠡᠭ᠌ᠴᠡᠯᠡᠨ ᠵᠠᠰᠠᠬᠤ ᠠᠵᠢᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠣᠢᠯᠠᠭᠠᠯᠲᠠ᠎ᠶ᠋ᠢᠨ ᠭᠦᠨᠴᠡ᠎ᠶ᠋ᠢ ᠪᠦᠲᠦᠮᠵᠢᠲᠡᠶ ᠳᠡᠭᠡᠭ᠌ᠰᠢᠯᠡᠭᠦᠯᠵᠦ᠍᠂ ᠠᠵᠢᠯ᠎ᠤᠨ ᠰᠡᠳᠭᠢᠮᠵᠢ᠎ᠪᠠᠨ ᠤᠯᠠᠮ ᠨᠢᠭᠡ ᠠᠯᠬᠤᠮ ᠲᠣᠳᠣᠷᠬᠠᠢᠯᠠᠨ᠂ ᠬᠡᠷᠡᠭ᠌ᠵᠢᠭᠦᠯᠬᠦ᠌ ᠭᠤᠤᠯᠳᠠᠯᠭ᠎ᠠ᠎ᠪᠠᠨ ᠲᠣᠳᠣᠷᠬᠠᠢᠯᠠᠵᠤ᠂ ᠲᠥᠷᠥᠯ ᠵᠦᠶ᠋ᠯ᠎ᠤᠨ ᠵᠢᠷᠤᠮᠵᠢᠯ᠎ᠲᠠᠢ ᠡᠮᠬᠢ ᠵᠢᠷᠤᠮ᠎ᠲᠠᠢ ᠬᠡᠷᠡᠭ᠌ᠵᠢᠭᠦᠯᠬᠦ᠌᠎ᠳᠤ ᠪᠠᠲᠤ ᠪᠠᠬᠢ ᠰᠠᠭᠤᠷᠢ᠎ᠶᠢ ᠲᠠᠯᠪᠢᠵᠤ ᠥᠭ᠌ᠴᠡᠶ᠃

  ᠳᠠᠷᠠᠭᠠᠴᠢ᠎ᠶ᠋ᠢᠨ ᠠᠯᠬᠤᠮ᠎ᠳᠤ᠂ ᠰᠤᠳᠤᠯᠭᠠᠨ᠎ᠤ ᠲᠥᠪ᠎ᠠᠴᠠ ᠲᠦᠷᠦ᠍᠎ᠶ᠋ᠢᠨ ᠪᠤᠳᠤᠯᠭ᠎ᠠ ᠮᠡᠷᠭᠡᠵᠢᠯ᠎ᠤᠨ ᠵᠢᠯᠣᠭᠤᠳᠭᠤ ᠦᠢᠯᠡᠴᠢᠯᠡᠭᠡ᠎ᠶ᠋ᠢ ᠦᠷᠭᠦᠯᠵᠢᠯᠡᠨ ᠪᠠᠢᠩᠭᠤᠵᠢᠭᠤᠯᠤᠨ ᠥᠷᠨᠢᠭᠦᠯᠵᠦ᠍᠂ ᠤᠷᠢᠳᠴᠢᠯᠠᠨ ᠲᠥᠯᠥᠪᠵᠢᠭᠦᠯᠵᠦ᠍᠂ ᠤᠷᠢᠳᠴᠢᠯᠠᠨ ᠣᠷᠣᠯᠴᠠᠵᠤ᠂ ᠲᠤᠯᠭᠠᠭᠤᠷᠢᠯᠠᠵᠤ ᠪᠠᠲᠤᠯᠠᠬᠤ ᠦᠢᠯᠡᠳᠦᠯ᠎ᠢ ᠭᠦᠢᠴᠡᠳ ᠪᠠᠳᠠᠷᠠᠭᠤᠯᠤᠨ᠎ᠠ᠃ ᠡᠭᠦᠨ᠎ᠤ ᠬᠠᠮᠲᠤ᠌᠂ ᠴᠡᠭ᠌ᠴᠡᠯᠡᠨ ᠵᠠᠰᠠᠬᠤ ᠠᠵᠢᠯ᠎ᠳᠤ ᠰᠠᠭᠤᠷᠢᠯᠠᠨ᠂ ᠲᠦᠷᠢᠮ᠎ᠤᠨ ᠪᠠᠢᠭᠤᠯᠤᠯᠲᠠ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠱᠢᠨ᠎ᠡ᠎ᠶ᠋ᠢ ᠡᠭᠦᠳᠬᠦ᠂ ᠮᠡᠳᠡᠭᠡ ᠵᠠᠩᠭᠢᠵᠢᠯᠲᠠ᠎ᠶ᠋ᠢᠨ ᠴᠢᠳᠠᠪᠤᠷᠢ ᠵᠡᠷᠭᠡ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠰᠡᠳᠦᠪ᠎ᠤᠨ ᠰᠤᠳᠤᠯᠭᠠᠨ᠎ᠢ ᠥᠷᠨᠢᠭᠦᠯᠵᠦ᠍᠂ ᠪᠥᠬᠦ᠌ ᠣᠷᠣᠨ ᠪᠦᠰᠡ᠎ᠶ᠋ᠢᠨ ᠭᠠᠵᠠᠷ ᠱᠢᠷᠣᠶ᠎ᠶ᠋ᠢ ᠶᠡᠷᠦᠩᠬᠡᠢᠯᠡᠨ ᠴᠡᠭ᠌ᠴᠡᠯᠡᠨ ᠵᠠᠰᠠᠬᠤ ᠲᠠᠪᠴᠠᠩ᠎ᠤᠨ ᠦᠢᠯᠡᠳᠦᠯ᠎ᠢ ᠪᠠᠳᠠᠷᠠᠭᠤᠯᠤᠨ᠂ ᠪᠥᠬᠦ᠌ ᠣᠷᠣᠨ ᠪᠦᠰᠡ᠎ᠶ᠋ᠢᠨ ᠲᠥᠯᠥᠪᠵᠢᠭᠦᠯᠭᠡ᠂ ᠪᠥᠬᠦ᠌ ᠡᠯᠸᠮᠸᠨ᠋ᠲ᠎ᠢ ᠨᠢᠭᠡᠳᠦᠯᠲᠡᠶ ᠲᠥᠯᠥᠪᠵᠢᠭᠦᠯᠵᠦ᠍᠂ ᠪᠥᠬᠦ᠌ ᠬᠡᠯᠬᠢᠶ᠎ᠡ᠎ᠪᠠᠷ ᠬᠦᠴᠦᠯᠡᠵᠦ᠍᠂ ᠥᠪᠡᠷᠲᠡᠭᠡᠨ ᠵᠠᠰᠠᠬᠤ ᠣᠷᠣᠨ᠎ᠤ ᠪᠥᠬᠦ᠌ ᠣᠷᠣᠨ ᠪᠦᠰᠡ᠎ᠶ᠋ᠢᠨ ᠭᠠᠵᠠᠷ ᠱᠢᠷᠣᠶ᠎ᠶ᠋ᠢ ᠶᠡᠷᠦᠩᠬᠡᠢᠯᠡᠨ ᠴᠡᠭ᠌ᠴᠡᠯᠡᠨ ᠵᠠᠰᠠᠬᠤ ᠠᠵᠢᠯ᠎ᠳᠤ ᠬᠦᠴᠦᠨ ᠴᠢᠳᠠᠯ᠎ᠢᠶᠠᠨ ᠡᠷᠭᠦᠨ᠎ᠡ᠃  

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠬᠠᠮᠠᠭ᠋ᠠᠯᠠᠯᠲᠠ ᠬᠢᠭᠡᠳ ᠠᠰᠢᠭᠯᠠᠯᠲᠠ᠎ᠶᠢᠨ ᠰᠤᠳᠤᠯᠭᠠᠨ᠎ᠤ ᠲᠥᠪ