ᠰᠢ᠎ᠶ᠋ᠢᠨ ᠫᠢᠩ᠎ᠤᠨ ᠬᠠᠥᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠲᠥᠪ᠎ᠤᠨ ᠪᠥᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ᠎ᠶ᠋ᠢᠨ ᠫᠢᠩ᠎ᠤᠨ ᠪᠥᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠠᠵᠢᠯ᠎ᠳᠤ ᠭᠠᠷᠭᠠᠭ᠍ᠰᠠᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠪᠥᠬᠦ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠱᠢᠰᠲ᠋ᠧᠮ᠎ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ᠎ᠶ᠋ᠢ ᠪᠥᠬᠦ᠌ ᠲᠠᠯ᠎ᠠ᠎ᠪᠠᠷ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ 11 ᠳ᠋ᠦ᠍ᠭᠡᠷ ᠰᠠᠷ᠎ᠠ᠎ᠶ᠋ᠢᠨ 26 ᠤ ᠡᠳᠦᠷ᠎ᠠᠴᠠ 28 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠪᠥᠬᠦ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠱᠢᠰᠲ᠋ᠧᠮ᠎ᠤᠨ ᠬᠠᠥᠯᠢ᠎ᠪᠠᠷ ᠵᠠᠰᠠᠬᠤ ᠪᠠᠢᠭᠤᠯᠤᠯᠲᠠ᠎ᠶ᠋ᠢᠨ ᠠᠵᠢᠯ᠎ᠤᠨ ᠪᠣᠯᠪᠠᠰᠤᠷᠠᠯ᠎ᠤᠨ ᠠᠩᠭᠢ ᠡᠷᠭᠢᠯᠡᠪᠡ᠃ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠪᠠᠶ ᠬᠤᠶ ᠵᠢᠶᠦ᠋ᠨ ᠪᠣᠯᠪᠠᠰᠤᠷᠠᠯ᠎ᠳᠤ ᠣᠷᠣᠯᠴᠠᠭ᠍ᠰᠠᠨ ᠪᠥᠭᠡᠳ ᠶᠠᠷᠢᠶ᠎ᠠ ᠲᠠᠯᠪᠢᠪᠠ᠃
ᠪᠣᠯᠪᠠᠰᠤᠷᠠᠯ᠎ᠤᠨ ᠬᠤᠯᠪᠣᠭ᠍ᠳᠠᠯ ᠪᠥᠬᠦᠶ ᠲᠤᠰᠭᠠᠶ ᠮᠡᠷᠭᠡᠵᠢᠯᠲᠡᠨ᠎ᠢ ᠤᠷᠢᠵᠤ ᠪᠠᠢᠭᠠᠯᠢ᠎ᠶ᠋ᠢᠨ ᠡᠬᠢ ᠪᠠᠶᠠᠯᠢᠭ᠎ᠤᠨ ᠬᠠᠮᠢᠶᠠᠷᠤᠯᠲᠠ᠎ᠶ᠋ᠢᠨ ᠬᠦᠷᠢᠶᠡᠨ᠎ᠳᠠᠬᠢ ᠬᠠᠥᠯᠢ᠎ᠪᠠᠷ ᠵᠠᠰᠠᠬᠤ ᠪᠠᠢᠭᠤᠯᠤᠯᠲᠠ᠎ᠶ᠋ᠢᠨ ᠭᠤᠤᠯᠳᠠᠯᠭ᠎ᠠ᠎ᠲᠠᠢ ᠬᠦᠴᠢᠷᠳᠡᠯ᠎ᠲᠠᠢ ᠨᠢᠭ᠍ᠲᠠ ᠤᠶᠠᠯᠳᠤᠭᠤᠯᠤᠨ᠂ 《ᠣᠨᠣᠯ᠎ᠢᠶᠠᠷ ᠵᠡᠪᠰᠡᠭ᠌ᠯᠡᠬᠦ᠌᠎ᠶ᠋ᠢ ᠭᠦᠨᠵᠡᠭᠡᠢ᠌ᠷᠡᠬᠦᠯᠬᠦ + ᠪᠣᠳᠠᠲᠤ ᠶᠠᠪᠤᠳᠠᠯ᠎ᠤᠨ ᠱᠢᠪᠲᠤᠯᠤᠯᠲᠠ + ᠲᠤᠬᠠᠢᠯᠠᠭ᠍ᠰᠠᠨ ᠠᠵᠢᠯ᠎ᠤᠨ ᠰᠣᠯᠢᠯᠴᠠᠭ᠎ᠠ᠎ᠶ᠋ᠢ ᠳᠡᠭᠡᠭ᠌ᠰᠢᠯᠡᠭᠦᠯᠬᠦ᠌》 ᠭᠤᠷᠪᠠᠨ ᠬᠡᠮᠵᠢᠯᠳᠦ ᠬᠢᠴᠢᠶᠡᠯ᠎ᠤᠨ ᠱᠢᠰᠲ᠋ᠧᠮ᠎ᠢ ᠴᠢᠨᠠᠷ ᠰᠠᠢᠲᠠᠶ ᠥᠷᠨᠢᠭᠦᠯᠪᠡ᠃ ᠤᠨᠤᠯ᠎ᠢᠶᠠᠷ ᠵᠡᠪᠰᠡᠭ᠌ᠯᠡᠬᠦ᠌᠎ᠶ᠋ᠢ ᠭᠦᠨᠵᠡᠭᠡᠢᠷᠡᠭᠦᠯᠬᠦ᠌ ᠲᠠᠯ᠎ᠠ᠎ᠪᠠᠷ᠂ ᠰᠢ᠎ᠶ᠋ᠢᠨ ᠫᠢᠩ᠎ᠤᠨ ᠬᠠᠥᠯᠢ᠎ᠪᠠᠷ ᠵᠠᠰᠠᠬᠤ ᠦᠵᠡᠯ ᠰᠠᠨᠠᠭᠠᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠬᠦᠷᠢᠶᠡᠨ᠎ᠳᠠᠬᠢ ᠬᠠᠥᠯᠢ᠎ᠪᠠᠷ ᠵᠠᠰᠠᠬᠤ ᠦᠷᠳᠡᠭ ᠪᠣᠯᠤᠨ ᠦᠢᠯᠡᠳᠦᠯᠭᠡ᠎ᠶ᠋ᠢᠨ ᠠᠷᠭ᠎ᠠ ᠵᠠᠮ᠎ᠢ ᠭᠦᠨᠵᠡᠭᠡᠢ ᠲᠣᠳᠣᠷᠬᠠᠢᠯᠠᠨ ᠥᠭᠦᠯᠡᠵᠦ᠍᠂ ᠪᠠᠢᠭᠠᠯᠢ᠎ᠶ᠋ᠢᠨ ᠡᠬᠢ ᠪᠠᠶᠠᠯᠢᠭ᠎ᠤᠨ ᠱᠢᠰᠲ᠋ᠧᠮ᠎ᠤᠨ ᠺᠠᠳ᠋ᠷ᠎ᠤᠨ ᠬᠠᠥᠯᠢ᠎ᠪᠠᠷ ᠵᠠᠰᠠᠬᠤ ᠰᠡᠳᠭᠢᠬᠦᠢ᠂ ᠬᠠᠥᠯᠢ᠎ᠪᠠᠷ ᠵᠠᠰᠠᠬᠤ ᠠᠷᠭ᠎ᠠ ᠬᠡᠯᠪᠡᠷᠢ᠎ᠪᠠᠷ ᠠᠵᠢᠯ᠎ᠢᠶᠠᠨ ᠲᠥᠯᠥᠪᠵᠢᠭᠦᠯᠵᠦ᠍ ᠤᠶᠤᠨ ᠤᠬᠠᠭᠠᠨ ᠬᠤᠷᠠᠮᠳᠤᠭᠤᠯᠤᠨ ᠬᠦᠴᠦᠨ ᠣᠯᠭᠤᠬᠤ᠎ᠶ᠋ᠢ ᠲᠥᠯᠥᠪᠵᠢᠭᠦᠯᠪᠡ᠃ ᠪᠣᠳᠠᠲᠤ ᠶᠠᠪᠤᠳᠠᠯ᠎ᠤᠨ ᠪᠡᠷᠬᠡ ᠰᠡᠳᠦᠪ᠎ᠢ ᠱᠢᠢᠳᠪᠦᠷᠢᠯᠡᠬᠦ᠌ ᠲᠠᠯ᠎ᠠ᠎ᠪᠠᠷ᠂ ᠪᠠᠢᠭᠠᠯᠢ᠎ᠶ᠋ᠢᠨ ᠡᠬᠢ ᠪᠠᠶᠠᠯᠢᠭ᠎ᠤᠨ ᠬᠠᠮᠢᠶᠠᠷᠤᠯᠲᠠ᠎ᠶ᠋ᠢᠨ ᠬᠠᠤᠯᠢ᠎ᠪᠠᠷ ᠵᠠᠰᠠᠬᠤ ᠪᠠ ᠵᠠᠰᠠᠭ ᠵᠠᠬᠢᠷᠭᠠᠨ᠎ᠤ ᠳᠠᠬᠢᠨ ᠵᠥᠪᠯᠡᠬᠦ᠌ ᠵᠠᠷᠭᠤ᠎ᠶ᠋ᠢᠨ ᠪᠣᠳᠠᠲᠤ ᠪᠠᠢᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠬᠠᠤᠯᠢ》 ᠶ᠋ᠢᠨ ᠭᠤᠤᠯ ᠠᠭᠤᠯᠭ᠎ᠠ ᠪᠠ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠶ ᠲᠠᠢᠯᠪᠤᠷᠢᠯᠠᠵᠤ᠂ 《ᠵᠠᠰᠠᠭ ᠵᠠᠬᠢᠷᠭᠠᠨ᠎ᠤ ᠳᠠᠬᠢᠨ ᠵᠥᠪᠯᠡᠬᠦ᠌ ᠬᠠᠤᠯᠢ ᠬᠢᠭᠡᠳ ᠪᠠᠢᠭᠠᠯᠢ᠎ᠶ᠋ᠢᠨ ᠡᠬᠢ ᠪᠠᠶᠠᠯᠢᠭ᠎ᠤᠨ ᠵᠠᠰᠠᠭ ᠵᠠᠬᠢᠷᠭᠠᠨ᠎ᠤ ᠳᠠᠬᠢᠨ ᠵᠥᠪᠯᠡᠬᠦ᠌ ᠪᠣᠳᠠᠲᠤ ᠶᠠᠪᠤᠳᠠᠯ》᠂ 《ᠵᠠᠰᠠᠭ ᠵᠠᠬᠢᠷᠭᠠᠨ᠎ᠤ ᠵᠠᠷᠭᠤ᠎ᠶ᠋ᠢᠨ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠪᠠ ᠮᠠᠷᠭᠤᠯᠳᠤᠭᠠᠨ᠎ᠢ ᠡᠶᠡᠳᠡᠭᠦᠯᠬᠦ᠌ ᠪᠣᠳᠠᠲᠤ ᠶᠠᠪᠤᠳᠠᠯ》᠂ 《ᠢᠷᠭᠡᠨ᠎ᠤ ᠵᠠᠷᠭᠤ᠎ᠶ᠋ᠢ ᠠᠷᠭ᠋ᠠᠴᠠᠭ᠋ᠠᠬᠤ ᠪᠣᠳᠠᠲᠤ ᠶᠠᠪᠤᠳᠠᠯ》 ᠵᠡᠷᠭᠡ ᠠᠭᠤᠯᠭ᠎ᠠ᠎ᠶ᠋ᠢ ᠭᠦᠨᠵᠡᠭᠡᠶ ᠵᠠᠳᠠᠯᠵᠤ᠂ ᠬᠡᠷᠡᠭ᠎ᠢᠶᠠᠷ ᠬᠠᠤᠯᠢ᠎ᠶ᠋ᠢ ᠲᠠᠢᠯᠪᠤᠷᠢᠯᠠᠵᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠺᠠᠳ᠋ᠷ᠎ᠤᠨ ᠭᠠᠵᠠᠷ ᠱᠢᠷᠣᠶ᠂ ᠠᠭᠤᠷᠬᠠᠶ᠎ᠶ᠋ᠢᠨ ᠡᠷᠬᠡ᠎ᠶ᠋ᠢ ᠬᠢᠨᠠᠨ ᠵᠥᠪᠱᠢᠶᠡᠷᠡᠬᠦ᠌ ᠵᠢᠴᠢ ᠬᠦᠴᠢᠷ ᠲᠦᠪᠡᠭ᠌ᠲᠡᠶ ᠨᠠᠷᠢᠨ ᠪᠤᠳᠤᠯᠢᠶᠠᠨᠲᠠᠶ ᠵᠠᠰᠠᠭ ᠵᠠᠬᠢᠷᠭᠠᠨ᠎ᠤ ᠮᠠᠷᠭᠤᠯᠳᠤᠭᠠᠨ᠎ᠢ ᠪᠦᠲᠦᠮᠵᠢᠲᠡᠶ ᠠᠷᠢᠯᠭᠠᠬᠤ᠎ᠳᠤ ᠪᠣᠳᠠᠲᠠᠶ ᠠᠵᠢᠯᠯᠠᠭᠠᠨ᠎ᠤ ᠲᠤᠷᠱᠢᠯᠭ᠎ᠠ ᠪᠠ ᠡᠶᠡᠳᠡᠭᠦᠯᠬᠦ᠌ ᠤᠷ᠎ᠠ ᠮᠡᠷᠭᠡᠵᠢᠯ᠎ᠢ ᠬᠠᠤᠯᠢ ᠶᠣᠰᠣᠭᠠᠷ ᠱᠢᠢᠳᠪᠦᠷᠢᠯᠡᠵᠦ᠍ ᠥᠭ᠌ᠭᠦᠨ᠎ᠡ; 《ᠡᠷᠬᠡ ᠲᠡᠭ᠌ᠰᠢ ᠥᠷᠢᠰᠥᠯᠳᠦᠭᠡᠨ᠎ᠢ ᠬᠢᠨᠠᠨ ᠪᠠᠢᠴᠠᠭᠠᠬᠤ ᠲᠦᠷᠢᠮ᠎ᠢ ᠭᠦᠨᠵᠡᠭᠡᠢ ᠬᠡᠷᠡᠭ᠌ᠵᠢᠭᠦᠯᠵᠦ᠍ ᠪᠦᠬᠦ᠌ ᠤᠯᠤᠰ᠎ᠤᠨ ᠨᠢᠭᠡᠳᠦᠯᠲᠡᠶ ᠶᠡᠭᠡ ᠵᠠᠬ᠎ᠠ ᠳᠡᠯᠭᠡᠭᠦᠷ᠎ᠤᠨ ᠪᠠᠢᠭᠤᠯᠤᠯᠲᠠ᠎ᠳᠤ ᠬᠦᠴᠦᠨ ᠨᠡᠮᠡᠷᠢᠯᠡᠶ᠎ᠡ》 ᠭᠡᠬᠦ᠌ ᠲᠤᠰᠭᠠᠶ ᠰᠡᠳᠦᠪᠲᠦ ᠵᠢᠯᠣᠭᠤᠳᠣᠯᠭ᠎ᠠ ᠬᠢᠵᠦ᠍᠂ ᠱᠢᠰᠲ᠋ᠧᠮ᠎ᠤᠨ ᠺᠠᠳ᠋ᠷᠴᠤᠳ᠎ᠢ ᠬᠢᠨᠠᠨ ᠵᠥᠪᠱᠢᠶᠡᠷᠡᠵᠦ᠍ ᠬᠢᠨᠠᠨ ᠬᠠᠮᠢᠶᠠᠷᠬᠤ᠂ ᠲᠦᠷᠦ᠍᠎ᠶ᠋ᠢᠨ ᠪᠤᠳᠤᠯᠭ᠎ᠠ ᠲᠣᠭ᠍ᠲᠠᠭᠠᠬᠤ ᠳᠤᠮᠳᠠ ᠡᠷᠬᠡ ᠲᠡᠭ᠌ᠰᠢ᠎ᠪᠠᠷ ᠥᠷᠢᠰᠦᠯᠳᠦᠬᠦ᠌ ᠤᠬᠠᠮᠰᠠᠷ᠎ᠢ᠎ᠨᠢ ᠴᠢᠩᠭᠠᠳᠭᠠᠵᠤ᠂ ᠲᠣᠭ᠍ᠲᠠᠭᠤᠨ᠂ ᠡᠷᠬᠡ ᠲᠡᠭ᠌ᠰᠢ᠂ ᠢᠯᠡ ᠲᠣᠳᠣ᠂ ᠵᠢᠱ᠌ᠢᠵᠦ᠍ ᠪᠣᠯᠬᠤᠢᠴᠠ ᠪᠠᠢᠭᠠᠯᠢ᠎ᠶ᠋ᠢᠨ ᠡᠬᠢ ᠪᠠᠶᠠᠯᠢᠭ᠎ᠤᠨ ᠬᠠᠤᠯᠢ᠎ᠪᠠᠷ ᠵᠠᠰᠠᠬᠤ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠪᠤᠢ ᠪᠣᠯᠭᠠᠵᠤ᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠢ ᠪᠠᠢᠭᠤᠯᠬᠤ᠎ᠳᠤ ᠬᠦᠴᠦᠨ ᠨᠡᠮᠡᠷᠢᠯᠡᠨ᠎ᠡ᠃ ᠲᠤᠬᠠᠢᠯᠠᠭ᠍ᠰᠠᠨ ᠠᠵᠢᠯ᠎ᠤᠨ ᠰᠣᠯᠢᠯᠴᠠᠭ᠎ᠠ᠎ᠶ᠋ᠢ ᠳᠡᠭᠡᠭ᠌ᠰᠢᠯᠡᠭᠦᠯᠬᠦ᠌ ᠲᠠᠯ᠎ᠠ᠎ᠪᠠᠷ᠂ ᠡᠯ᠎ᠡ ᠠᠢᠮᠠᠭ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠶ᠋ᠢᠨ ᠲᠥᠯᠥᠭᠡᠯᠡᠭ᠌ᠴᠢ ᠪᠠᠢᠭᠠᠯᠢ᠎ᠶ᠋ᠢᠨ ᠡᠬᠢ ᠪᠠᠶᠠᠯᠢᠭ᠎ᠤᠨ ᠵᠠᠰᠠᠭ ᠵᠠᠬᠢᠷᠭᠠᠨ᠎ᠤ ᠳᠠᠬᠢᠨ ᠵᠥᠪᠯᠡᠬᠦ᠌ ᠵᠠᠷᠭᠤ ᠬᠦᠯᠢᠶᠡᠬᠦ᠌ ᠠᠵᠢᠯ᠎ᠤᠨ ᠲᠥᠪᠯᠡᠷᠡᠯ᠎ᠤᠨ ᠴᠡᠭ ᠬᠦᠴᠢᠷ ᠠᠰᠠᠭᠤᠳᠠᠯ᠎ᠤᠨ ᠲᠣᠭᠤᠷᠢᠨ᠎ᠳᠤ ᠲᠤᠰᠭᠠᠶ ᠰᠡᠳᠦᠪ᠎ᠢᠶᠠᠷ ᠰᠤᠳᠤᠯᠤᠨ ᠶᠠᠷᠢᠯᠴᠠᠵᠤ᠂ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠬᠤᠪᠢᠶᠠᠯᠴᠠᠬᠤ᠂ ᠨᠡᠢᠲᠡᠯᠢᠭ ᠴᠢᠨᠠᠷᠲᠠᠶ ᠬᠦᠴᠢᠷ ᠠᠰᠠᠭᠤᠳᠠᠯ᠎ᠢ ᠵᠠᠳᠠᠯᠬᠤ᠂ ᠦᠢᠯᠡᠳᠦᠯᠭᠡ᠎ᠶ᠋ᠢᠨ ᠲᠤᠷᠱᠢᠯᠭ᠎ᠠ᠎ᠪᠠᠨ ᠰᠣᠯᠢᠯᠴᠠᠬᠤ᠂ ᠱᠢᠰᠲ᠋ᠧᠮ᠎ᠤᠨ ᠬᠠᠤᠯᠢ ᠲᠣᠭ᠍ᠲᠠᠭᠠᠯ᠎ᠤᠨ ᠺᠠᠳ᠋ᠷᠴᠤᠳ᠎ᠤᠨ ᠦᠵᠡᠯ ᠰᠠᠨᠠᠭ᠎ᠠ ᠦᠢᠯᠡ ᠠᠵᠢᠯᠯᠠᠭ᠎ᠠ᠎ᠶ᠋ᠢ ᠦᠨᠡᠨ ᠬᠦ᠌ ᠪᠠᠢᠭᠠᠯᠢ᠎ᠶ᠋ᠢᠨ ᠡᠬᠢ ᠪᠠᠶᠠᠯᠢᠭ᠎ᠤᠨ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢ ᠴᠢᠨᠠᠷ ᠰᠠᠢᠲᠠᠶ ᠠᠬᠢᠭᠤᠯᠬᠤ ᠠᠮᠢᠳᠤᠯᠢᠭ ᠦᠢᠯᠡᠳᠦᠯᠭᠡ᠎ᠳᠤ ᠲᠥᠪᠯᠡᠷᠡᠭᠦᠯᠦᠨ᠎ᠡ᠃
ᠳᠠᠷᠠᠭᠠᠴᠢ᠎ᠶ᠋ᠢᠨ ᠠᠯᠬᠤᠮ᠎ᠳᠤ᠂ ᠪᠦᠬᠦ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠱᠢᠰᠲ᠋ᠧᠮ᠎ᠤᠨ᠎ᠬᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠬᠠᠥᠯᠢ᠎ᠪᠠᠷ ᠵᠠᠰᠠᠬᠤ ᠪᠠᠢᠭᠤᠯᠤᠯᠲᠠ᠎ᠶ᠋ᠢ ᠢᠳᠡᠪᠬᠢᠲᠡᠢ ᠠᠬᠢᠭᠤᠯᠵᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠪᠦᠬᠦᠯᠢ ᠴᠣᠭ᠍ᠴᠠ᠎ᠶ᠋ᠢᠨ ᠠᠵᠢᠯ᠎ᠢ ᠬᠠᠥᠯᠢ᠎ᠪᠠᠷ ᠵᠠᠰᠠᠬᠤ ᠵᠠᠮ᠎ᠢᠶᠠᠷ ᠥᠷᠨᠢᠭᠦᠯᠬᠦ᠌᠎ᠶ᠋ᠢ ᠪᠦᠬᠦ᠌ ᠬᠦᠴᠦᠨ᠎ᠢᠶᠠᠷ ᠠᠬᠢᠭᠤᠯᠵᠤ᠂ ᠬᠠᠥᠯᠢ᠎ᠪᠠᠷ ᠵᠠᠰᠠᠬᠤ ᠪᠣᠯᠤᠨ ᠥᠭᠡᠷᠡᠴᠢᠯᠡᠯᠲᠡ᠂ ᠬᠥᠭ᠌ᠵᠢᠯᠲᠡ᠂ ᠲᠣᠭ᠍ᠲᠠᠭᠤᠨ᠎ᠢ ᠬᠠᠷᠢᠯᠴᠠᠨ ᠵᠣᠬᠢᠴᠠᠭᠤᠯᠬᠤ᠎ᠶ᠋ᠢ ᠨᠡᠩ ᠴᠢᠬᠤᠯᠠᠴᠢᠯᠠᠵᠤ᠂ ᠨᠡᠢᠭᠡᠮ᠎ᠤᠨ ᠲᠥᠪ ᠭᠤᠣᠯᠴᠢ ᠱᠢᠳᠤᠷᠭᠤ ᠶᠣᠰᠣ᠎ᠶ᠋ᠢ ᠪᠠᠷᠢᠮᠲᠠᠯᠠᠨ ᠠᠬᠢᠭᠤᠯᠬᠤ᠎ᠶ᠋ᠢ ᠨᠡᠩ ᠴᠢᠬᠤᠯᠠᠴᠢᠯᠠᠵᠤ᠂ ᠬᠠᠥᠯᠢ᠎ᠪᠠᠷ ᠵᠠᠰᠠᠬᠤ ᠠᠵᠢᠯ᠎ᠤᠨ ᠭᠦᠨ ᠵᠤᠵᠠᠭᠠᠨ ᠠᠭᠤᠷ ᠠᠮᠢᠰᠭᠤᠯ᠎ᠢ ᠪᠤᠢ ᠪᠣᠯᠭᠠᠵᠤ᠂ ᠬᠠᠤᠯᠢ᠎ᠶ᠋ᠢ ᠬᠦᠨᠳᠦᠳᠭᠡᠬᠦ᠌ ᠬᠠᠤᠯᠢ᠎ᠶ᠋ᠢ ᠰᠤᠷᠤᠯᠴᠠᠬᠤ ᠬᠠᠤᠯᠢ᠎ᠶ᠋ᠢ ᠰᠠᠬᠢᠬᠤ ᠬᠠᠤᠯᠢ᠎ᠶ᠋ᠢ ᠬᠡᠷᠡᠭ᠌ᠯᠡᠬᠦ᠌᠎ᠶ᠋ᠢ ᠤᠬᠠᠮᠰᠠᠷ᠎ᠠᠴᠠ᠎ᠪᠠᠨ ᠵᠠᠩ ᠳᠠᠳᠭᠠᠯ᠎ᠲᠠᠢ ᠪᠣᠯᠭᠠᠵᠤ᠂ ᠬᠠᠤᠯᠢ ᠴᠠᠭᠠᠵᠠ᠎ᠶ᠋ᠢᠨ ᠲᠣᠭ᠍ᠲᠠᠭᠠᠯ ᠪᠣᠯᠤᠨ ᠬᠠᠤᠯᠢ᠎ᠳᠤ ᠲᠣᠭ᠍ᠲᠠᠭᠠᠭ᠍ᠰᠠᠨ ᠲᠡᠰ ᠳᠠᠷᠠᠭᠠᠯᠠᠯ ᠶᠣᠰᠣᠭᠠᠷ ᠠᠵᠢᠯ ᠶᠠᠪᠤᠳᠠᠯ ᠡᠷᠬᠢᠯᠡᠬᠦ᠌᠎ᠶ᠋ᠢ ᠬᠡᠪ ᠵᠠᠩᠱᠢᠯ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ 《ᠬᠤᠶᠠᠷ ᠬᠠᠯᠬᠠᠪᠴᠢ》᠂ 《ᠬᠤᠶᠠᠷ ᠰᠠᠭᠤᠷᠢᠨ》᠂ 《ᠨᠢᠭᠡ ᠪᠠᠬᠢᠯᠡᠯᠲᠡ》 ᠶ᠋ᠢ ᠪᠦᠳᠦᠭᠡᠨ ᠪᠠᠢᠭᠤᠯᠬᠤ᠂ ᠠᠵᠤ ᠠᠬᠤᠢ ᠨᠡᠢᠭᠡᠮ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠪᠠᠲᠤ ᠪᠠᠬᠢ ᠪᠠᠢᠭᠠᠯᠢ᠎ᠶ᠋ᠢᠨ ᠡᠬᠢ ᠪᠠᠶᠠᠯᠢᠭ᠎ᠤᠨ ᠬᠠᠥᠯᠢ᠎ᠪᠠᠷ ᠵᠠᠰᠠᠬᠤ ᠪᠠᠲᠤᠯᠠᠭ᠎ᠠ ᠬᠠᠩᠭᠠᠨ᠎ᠠ᠃
ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠡᠯ᠎ᠡ ᠭᠠᠵᠠᠷ ᠠᠯᠪᠠᠨ ᠲᠠᠰᠤᠭ ᠲᠣᠪᠴᠢᠶ᠎ᠠ᠎ᠶ᠋ᠢᠨ ᠬᠤᠯᠪᠣᠭ᠍ᠳᠠᠯ ᠪᠥᠬᠦᠶ ᠬᠥᠮᠦᠰ᠂ ᠡᠯ᠎ᠡ ᠠᠢᠮᠠᠭ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠶ᠋ᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠪᠠ ᠬᠠᠤᠯᠢ ᠲᠣᠭ᠍ᠲᠠᠭᠠᠯ᠎ᠤᠨ ᠠᠵᠢᠯ᠎ᠤᠨ ᠬᠠᠷᠢᠭᠤᠴᠠᠯᠭᠠᠲᠠᠨ ᠪᠣᠯᠪᠠᠰᠤᠷᠠᠯ᠎ᠳᠤ ᠣᠷᠣᠯᠴᠠᠪᠠ᠃