ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠨᠢᠭᠡᠳᠦᠮᠡᠯ ᠹᠷᠣᠨᠲ᠎ᠤᠨ ᠭᠡᠰᠢᠭᠦᠨ᠎ᠤ ᠰᠠᠭᠤᠳᠠᠯ᠎ᠤᠨ ᠬᠤᠷᠠᠯ ᠬᠤᠷᠠᠯᠳᠤᠭᠤᠯᠪᠠ
2025-12-05

  12 ᠳ᠋ᠤᠭᠠᠷ ᠰᠠᠷ᠎ᠠ᠎ᠶ᠋ᠢᠨ 4 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠨᠢᠭᠡᠳᠦᠮᠡᠯ ᠹᠷᠣᠨᠲ᠎ᠤᠨ ᠭᠡᠰᠢᠭᠦᠨ᠎ᠤ ᠶᠠᠷᠢᠯᠴᠠᠬᠤ ᠬᠤᠷᠠᠯ ᠬᠤᠷᠠᠯᠳᠤᠭᠤᠯᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠨᠢᠭᠡᠳᠦᠮᠡᠯ ᠹᠷᠣᠨᠲ᠎ᠤᠨ ᠠᠵᠢᠯ᠎ᠢ ᠰᠠᠢᠲᠤᠷ ᠬᠢᠬᠦ᠌ ᠲᠤᠬᠠᠶ ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠬᠤᠯᠠ ᠦᠵᠡᠯ ᠰᠠᠨᠠᠭ᠎ᠠ ᠵᠢᠴᠢ ᠪᠠᠢᠭᠠᠯᠢ᠎ᠶ᠋ᠢᠨ ᠡᠬᠢ ᠪᠠᠶᠠᠯᠢᠭ᠎ᠤᠨ ᠠᠵᠢᠯ᠎ᠢ ᠰᠠᠢᠲᠤᠷ ᠬᠢᠬᠦ᠌ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠱᠢᠰᠲ᠋ᠧᠮ᠎ᠤᠨ ᠨᠢᠭᠡᠳᠦᠮᠡᠯ ᠹᠷᠣᠨᠲ᠎ᠤᠨ ᠭᠡᠰᠢᠭᠦᠨ᠎ᠤ ᠣᠶᠤᠨ ᠤᠬᠠᠭᠠᠨ ᠬᠦᠴᠦᠨ ᠴᠢᠳᠠᠯ᠎ᠢ ᠨᠢᠭ᠍ᠲᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠬᠤᠶᠠᠷ ᠬᠠᠯᠬᠠᠪᠴᠢ》᠂ 《ᠬᠤᠶᠠᠷ ᠰᠠᠭᠤᠷᠢᠨ》᠂ 《ᠨᠢᠭᠡ ᠪᠠᠬᠢᠯᠡᠯᠲᠡ》 ᠎ᠶ᠋ᠢ ᠪᠥᠲᠥᠭᠡᠨ ᠪᠠᠢᠭᠤᠯᠬᠤ᠎ᠳᠤ ᠬᠦᠴᠦᠨ ᠨᠡᠮᠡᠷᠢᠯᠡᠬᠦ᠌᠎ᠳᠤ ᠠᠷᠭ᠎ᠠ ᠤᠬᠠᠭᠠᠨ ᠭᠠᠷᠭᠠᠪᠠ᠃ ᠱᠢᠰᠲ᠋ᠧᠮ᠎ᠤᠨ ᠳᠣᠲᠣᠷᠠᠬᠢ ᠡᠯ᠎ᠡ ᠠᠷᠠᠳᠴᠢᠯᠠᠭ᠍ᠰᠠᠨ ᠨᠠᠮ ᠪᠦᠯᠦᠭ᠎ᠤᠨ ᠭᠡᠰᠢᠭᠦᠨ᠂ ᠨᠠᠮ᠎ᠤᠨ ᠭᠠᠳᠠᠨᠠᠬᠢ ᠰᠡᠬᠡᠭᠡᠲᠡᠨ ᠵᠡᠷᠭᠡ ᠨᠢᠭᠡᠳᠦᠮᠡᠯ ᠹᠷᠣᠨᠲ᠎ᠤᠨ ᠭᠡᠰᠢᠭᠦᠨ᠎ᠤ ᠲᠥᠯᠥᠭᠡᠯᠡᠭ᠌ᠴᠢ ᠬᠤᠷᠠᠯ᠎ᠳᠤ ᠣᠷᠣᠯᠴᠠᠪᠠ᠃

  ᠬᠤᠷᠠᠯ᠎ᠠᠴᠠ 2025 ᠣᠨ᠎ᠤ ᠲᠦᠷᠦᠭᠦᠦ ᠭᠤᠷᠪᠠᠨ ᠤᠯᠠᠷᠢᠯ᠎ᠤᠨ ᠪᠥᠬᠦ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠠᠵᠢᠯ᠎ᠢ ᠠᠬᠢᠭᠤᠯᠤᠭ᠍ᠰᠠᠨ ᠪᠠᠢᠳᠠᠯ᠎ᠢ ᠵᠠᠷᠯᠠᠨ ᠮᠡᠳᠡᠭ᠌ᠳᠡᠵᠦ᠍᠂ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠥᠷᠨᠢᠭᠦᠯᠦᠭ᠌ᠰᠡᠨ ᠪᠠᠢᠳᠠᠯ᠎ᠢ ᠨᠠᠷᠢᠨ ᠲᠠᠨᠢᠯᠴᠠᠭᠤᠯᠵᠤ᠂ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭᠠᠨ᠎ᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢ ᠲᠠᠰᠤᠷᠠᠯᠲᠠ ᠥᠬᠡᠶ ᠪᠠᠬᠢᠵᠢᠭᠦᠯᠬᠦ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠠ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ ᠵᠡᠷᠭᠡ ᠲᠠᠯ᠎ᠠ᠎ᠶ᠋ᠢᠨ ᠦᠷ᠎ᠡ ᠪᠦᠲᠦᠮᠵᠢ᠎ᠶ᠋ᠢ ᠪᠠᠭ᠍ᠲᠠᠭᠠᠵᠤ᠂ ᠨᠢᠭᠡᠳᠦᠮᠡᠯ ᠹᠷᠣᠨᠲ᠎ᠤᠨ ᠠᠵᠢᠯ᠎ᠢ ᠴᠢᠨᠠᠷ ᠰᠠᠢᠲᠠᠶ ᠥᠷᠨᠢᠭᠦᠯᠬᠦ᠌᠎ᠳᠤ ᠤᠯᠤᠰ ᠲᠥᠷᠥ᠎ᠶ᠋ᠢᠨ ᠰᠠᠭᠤᠷᠢ᠎ᠶ᠋ᠢ ᠪᠠᠲᠤ ᠴᠤᠭᠴᠠᠯᠠᠨ᠎ᠠ᠃

  ᠬᠤᠷᠠᠯ᠎ᠳᠤ ᠣᠷᠣᠯᠴᠠᠭ᠍ᠰᠠᠨ ᠭᠡᠱᠢᠭᠦᠳ 《ᠨᠢᠭᠡᠳᠦᠮᠡᠯ ᠹᠷᠣᠨᠲ᠎ᠤᠨ ᠳᠠᠪᠠᠭᠤᠯᠢᠭ᠎ᠢᠶᠠᠨ ᠬᠡᠷᠬᠢᠨ ᠪᠠᠳᠠᠷᠠᠭᠤᠯᠵᠤ 〈ᠬᠤᠶᠠᠷ ᠬᠠᠯᠬᠠᠪᠴᠢ〉 ᠂ 〈ᠬᠤᠶᠠᠷ ᠰᠠᠭᠤᠷᠢᠨ〉 ᠂ 〈ᠨᠢᠭᠡ ᠪᠠᠬᠢᠯᠡᠯᠲᠡ〉 ᠎ᠶ᠋ᠢ ᠪᠠᠢᠭᠤᠯᠬᠤ᠎ᠳᠤ ᠬᠦᠴᠦᠨ ᠨᠡᠮᠡᠷᠢᠯᠡᠬᠦ᠌ ᠲᠠᠯ᠎ᠠ᠎ᠪᠠᠷ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ》 ᠭᠤᠣᠯ ᠰᠡᠳᠦᠪ᠎ᠤᠨ ᠲᠣᠭᠤᠷᠢᠨ᠎ᠳᠤ᠂ ᠲᠤᠰ ᠪᠡᠶ᠎ᠡ᠎ᠶ᠋ᠢᠨ ᠠᠵᠢᠯ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠢᠳᠡᠪᠬᠢᠲᠡᠢ᠎ᠪᠠᠷ ᠶᠠᠷᠢᠶ᠎ᠠ ᠲᠠᠯᠪᠢᠵᠤ᠂ ᠥᠪᠡᠷ ᠥᠪᠡᠷ᠎ᠤᠨ ᠰᠠᠨᠠᠯ᠎ᠢᠶᠠᠨ ᠶᠠᠷᠢᠵᠤ᠂ ᠲᠤᠰ ᠲᠤᠰ᠎ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ᠎ᠲᠠᠢ᠎ᠪᠠᠨ ᠨᠢᠭ᠍ᠲᠠ ᠤᠶᠠᠯᠳᠤᠭᠤᠯᠵᠤ᠂ ᠠᠯᠢ ᠤᠯᠠᠨ ᠪᠣᠳᠠᠲᠠᠢ᠎ᠶ᠋ᠢ ᠡᠷᠬᠢᠮᠯᠡᠭ᠌ᠰᠡᠨ ᠰᠠᠨᠠᠭᠤᠯᠭ᠎ᠠ ᠳᠤᠷᠠᠳᠴᠤ᠌᠂ ᠠᠬᠤᠢ ᠲᠠᠯᠠᠪᠠᠢ᠎ᠶ᠋ᠢᠨ ᠠᠭᠤᠷ ᠠᠮᠢᠰᠭᠤᠯ ᠬᠦᠷ ᠬᠥᠭ᠌ᠵᠢᠶᠡᠨ᠎ᠲᠠᠢ ᠪᠠᠢᠯ᠎ᠠ᠃ ᠡᠭᠦᠨ᠎ᠠᠴᠠ ᠭᠠᠳᠠᠨ᠎ᠠ᠂ ᠤᠯᠠᠨ᠎ᠢᠶᠠᠷ᠎ᠢᠶᠠᠨ ᠪᠠᠰᠠ ᠨᠠᠮ᠎ᠤᠨ ᠭᠠᠳᠠᠨᠠᠬᠢ ᠺᠠᠳ᠋ᠷ᠎ᠢ ᠬᠥᠮᠦᠵᠢᠭᠦᠯᠬᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠬᠦ᠂ ᠰᠠᠯᠠᠭ᠎ᠠ ᠮᠥᠴᠢᠷ ᠠᠯᠤᠰᠯᠠᠨ ᠬᠠᠮᠵᠢᠯᠴᠠᠨ ᠬᠥᠳᠡᠯᠦᠯᠴᠡᠬᠦ᠌ ᠵᠡᠷᠭᠡ ᠲᠠᠯ᠎ᠠ᠎ᠪᠠᠷ ᠰᠠᠨᠠᠯ ᠰᠠᠨᠠᠭᠤᠯᠭ᠎ᠠ ᠳᠤᠷᠠᠳᠴᠠᠢ᠃

  ᠬᠤᠷᠠᠯ᠎ᠠᠴᠠ ᠪᠦᠬᠦ᠌ ᠱᠢᠰᠲ᠋ᠧᠮ᠎ᠤᠨ ᠨᠢᠭᠡᠳᠦᠮᠡᠯ ᠹᠷᠣᠨᠲ᠎ᠤᠨ ᠭᠡᠰᠢᠭᠦᠨ᠎ᠤ ᠤᠷᠳᠤ ᠬᠤᠭᠤᠴᠠᠭᠠᠨ᠎ᠤ ᠲᠤᠷᠰᠢ ᠪᠠᠢᠭᠠᠯᠢ᠎ᠶ᠋ᠢᠨ ᠡᠬᠢ ᠪᠠᠶᠠᠯᠢᠭ᠎ᠤᠨ ᠦᠢᠯᠡᠰ᠎ᠤᠨ ᠬᠥᠭ᠌ᠵᠢᠯᠲᠡ᠎ᠳᠤ ᠦᠵᠡᠭᠦᠯᠦᠭ᠌ᠰᠡᠨ ᠬᠤᠪᠢ ᠨᠡᠮᠡᠷᠢ᠎ᠶ᠋ᠢ ᠭᠦᠢᠴᠡᠳ ᠨᠤᠲᠠᠯᠠᠪᠠ᠃ ᠬᠤᠷᠠᠯ᠎ᠠᠴᠠ᠂ ᠨᠢᠭᠡᠳᠦᠮᠡᠯ ᠹᠷᠣᠨᠲ᠎ᠤᠨ ᠠᠵᠢᠯ ᠪᠣᠯ ᠨᠠᠮ᠎ᠤᠨ ᠴᠢᠬᠤᠯᠠ ᠡᠷᠳᠡᠨᠢ ᠮᠥᠨ᠂ ᠪᠦᠬᠦ᠌ ᠱᠢᠰᠲ᠋ᠧᠮ᠎ᠤᠨ᠎ᠬᠢᠨ ᠤᠯᠤᠰ ᠲᠦᠷᠦ᠍᠎ᠪᠠᠷ ᠬᠦᠳᠦᠯᠦᠨ ᠳᠠᠭᠠᠭᠤᠯᠬᠤ᠎ᠶ᠋ᠢ ᠦᠷᠭᠦᠯᠵᠢᠯᠡᠨ ᠴᠢᠩᠭᠠᠳᠭᠠᠵᠤ᠂ ᠨᠢᠭᠡᠳᠦᠮᠡᠯ ᠹᠷᠣᠨᠲ᠎ᠤᠨ ᠭᠡᠰᠢᠭᠦᠨ᠎ᠢ ᠬᠦᠳᠦᠯᠦᠨ ᠵᠢᠯᠣᠭᠤᠳᠴᠤ᠌ ᠪᠠᠢᠭᠠᠳ 《ᠤᠯᠤᠰ᠎ᠤᠨ ᠶᠡᠬᠡ ᠶᠠᠪᠤᠳᠠᠯ》 ᠎ᠢ ᠭᠦᠨᠵᠡᠭᠡᠢ ᠣᠢᠯᠠᠭᠠᠭᠤᠯᠵᠤ᠂ 《ᠲᠠᠪᠤᠨ ᠬᠠᠮᠲᠦ᠎ᠶᠢᠨ ᠲᠠᠨᠢᠯᠲᠠ》 ᠎ᠶ᠋ᠢ ᠲᠠᠰᠤᠷᠠᠯᠲᠠ ᠦᠭᠡᠢ ᠨᠡᠮᠡᠭ᠌ᠳᠡᠭᠦᠯᠬᠦ᠌ ᠬᠡᠷᠡᠭ᠌ᠲᠡᠢ; ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌ ᠨᠡᠩ ᠥᠷᠭᠡᠨ ᠠᠭᠤᠳᠠᠮ ᠲᠠᠪᠴᠠᠩ᠎ᠢ ᠪᠠᠢᠭᠤᠯᠵᠤ᠂ ᠰᠠᠨᠠᠯ ᠰᠠᠨᠠᠭᠤᠯᠭ᠎ᠠ᠎ᠶ᠋ᠢ ᠭᠥᠯᠢᠶᠡᠨ ᠠᠪᠴᠤ᠌ ᠬᠠᠷᠢᠭᠤ ᠲᠤᠰᠭᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠨᠢᠭᠡᠳᠦᠮᠡᠯ ᠹᠷᠣᠨᠲ᠎ᠤᠨ ᠭᠡᠰᠢᠭᠦᠨ᠎ᠤ ᠣᠶᠤᠨᠴᠢ ᠳᠠᠪᠠᠭᠤᠯᠢᠭ᠎ᠢ ᠬᠥᠭ᠌ᠵᠢᠯᠲᠡ᠎ᠶ᠋ᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭ᠌ᠲᠡᠢ; ᠨᠠᠮ᠎ᠤᠨ ᠪᠠᠢᠭᠤᠯᠤᠯᠲᠠ ᠬᠢᠭᠡᠳ ᠨᠢᠭᠡᠳᠦᠮᠡᠯ ᠹᠷᠣᠨᠲ᠎ᠤᠨ ᠠᠵᠢᠯ᠎ᠢ ᠠᠭᠤᠰᠤᠯᠴᠠᠭᠤᠯᠬᠤ ᠲᠣᠭ᠍ᠲᠠᠴᠠ᠎ᠶ᠋ᠢ ᠪᠦᠷᠢᠨᠱᠢᠬᠦᠯᠵᠦ᠍᠂ ᠨᠠᠮ᠎ᠤᠨ ᠤᠳᠤᠷᠢᠳᠭᠤ ᠳᠤᠭᠤᠢᠯᠠᠩ ᠨᠢᠭᠡᠳᠦᠯᠲᠡᠢ ᠤᠳᠤᠷᠢᠳᠤᠭ᠍ᠰᠠᠨ᠂ ᠡᠯ᠎ᠡ ᠰᠠᠯᠠᠭ᠎ᠠ ᠮᠥᠴᠢᠷ ᠬᠠᠮᠵᠢᠯᠴᠠᠨ ᠠᠬᠢᠭᠤᠯᠤᠭ᠍ᠰᠠᠨ ᠨᠢᠭᠡᠳᠦᠮᠡᠯ ᠹᠷᠣᠨᠲ᠎ᠤᠨ ᠠᠵᠢᠯ᠎ᠤᠨ ᠪᠠᠢᠷᠢᠱᠢᠯ᠎ᠢ ᠪᠦᠷᠢᠯᠳᠦᠭᠦᠯᠬᠦ᠌ ᠬᠡᠷᠡᠭ᠌ᠲᠡᠢ᠃

  ᠬᠤᠷᠠᠯ᠎ᠳᠤ ᠣᠷᠣᠯᠴᠠᠭ᠍ᠰᠠᠳ᠂ ᠲᠣᠰ ᠤᠳᠠᠭᠠᠨ᠎ᠤ ᠶᠠᠷᠢᠯᠴᠠᠬᠤ ᠬᠤᠷᠠᠯ᠎ᠨᠢ ᠦᠵᠡᠯ ᠰᠠᠨᠠᠭ᠎ᠠ᠎ᠪᠠᠨ ᠰᠣᠯᠢᠯᠴᠠᠬᠤ᠂ ᠬᠠᠮᠲᠤ᠎ᠶ᠋ᠢᠨ ᠲᠠᠨᠢᠯᠲᠠ᠎ᠪᠠᠨ ᠨᠢᠭ᠍ᠲᠠᠷᠠᠭᠤᠯᠬᠤ᠎ᠳᠤ ᠴᠢᠬᠤᠯᠠ ᠲᠠᠪᠴᠠᠩ ᠬᠠᠩᠭᠠᠵᠤ᠂ ᠲᠠᠷᠠᠭᠠᠴᠢ᠎ᠶ᠋ᠢᠨ ᠠᠯᠬᠤᠮ᠎ᠳᠤ ᠲᠤᠬᠠᠢᠯᠠᠭ᠍ᠰᠠᠨ ᠠᠵᠢᠯ᠎ᠤᠨ ᠪᠠᠢᠷᠢ᠎ᠳᠠᠭᠠᠨ ᠰᠠᠭᠤᠷᠢᠯᠠᠨ᠂ ᠲᠣᠰ ᠪᠡᠶ᠎ᠡ᠎ᠶ᠋ᠢᠨ ᠲᠤᠰᠭᠠᠶ ᠮᠡᠷᠭᠡᠵᠢᠯ᠎ᠤᠨ ᠣᠨᠴᠠ ᠴᠢᠳᠠᠪᠤᠷᠢ᠎ᠪᠠᠨ ᠭᠦᠢᠴᠡᠳ ᠪᠠᠳᠠᠷᠠᠭᠤᠯᠵᠤ᠂ ᠪᠥᠬᠦ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠭᠡ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌᠎ᠳᠤ ᠦᠷᠭᠦᠯᠵᠢᠯᠡᠨ ᠨᠢᠭᠡᠳᠦᠮᠡᠯ ᠹᠷᠣᠨᠲ᠎ᠤᠨ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠵᠡᠭᠡᠪᠡ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ