12 ᠳ᠋ᠤᠭᠠᠷ ᠰᠠᠷ᠎ᠠ᠎ᠶ᠋ᠢᠨ 3 ᠤ ᠡᠳᠦᠷ᠎ᠠᠴᠠ 5 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠥᠪᠥᠷ ᠮᠣᠩᠭᠤᠯ᠎ᠤᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠳᠤ ᠪᠠᠢᠭᠠᠯᠢ᠎ᠶ᠋ᠢᠨ ᠡᠬᠢ ᠪᠠᠶᠠᠯᠢᠭ ᠱᠢᠰᠲ᠋ᠧᠮ᠎ᠤᠨ ᠨᠢᠭᠡᠳᠦᠮᠡᠯ ᠹᠷᠣᠨᠲ ᠪᠠ ᠣᠯᠠᠨ ᠲᠦᠮᠡᠨ᠎ᠤ ᠪᠦᠯᠬᠦᠮ᠎ᠤᠨ ᠠᠵᠢᠯ᠎ᠤᠨ ᠪᠣᠯᠪᠠᠰᠤᠷᠠᠯ᠎ᠤᠨ ᠠᠩᠭᠢ᠎ᠶᠢ ᠡᠷᠭᠢᠯᠡᠪᠡ᠃
ᠲᠣᠰ ᠤᠳᠠᠭᠠᠨ᠎ᠤ ᠪᠣᠯᠪᠠᠰᠤᠷᠠᠯ ᠨᠢ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠵᠤ᠂ ᠱᠢᠨ᠎ᠡ ᠴᠠᠭ ᠦᠶ᠎ᠡ᠎ᠶ᠋ᠢᠨ ᠨᠢᠭᠡᠳᠦᠮᠡᠯ ᠹᠷᠣᠨᠲ ᠪᠠ ᠣᠯᠠᠨ ᠲᠦᠮᠡᠨ᠎ᠤ ᠪᠦᠯᠬᠦᠮ᠎ᠤᠨ ᠠᠵᠢᠯ᠎ᠤᠨ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠤᠨ᠂ 《ᠨᠢᠭᠡᠳᠦᠮᠡᠯ ᠹᠷᠣᠨᠲ ᠪᠠ ᠣᠯᠠᠨ ᠲᠦᠮᠡᠨ᠎ᠤ ᠪᠦᠯᠬᠦᠮ᠎ᠤᠨ ᠠᠵᠢᠯ᠎ᠤᠨ ᠬᠢᠷᠢ ᠲᠦᠪᠱᠢᠨ᠎ᠢ ᠳᠡᠭᠡᠭ᠌ᠰᠢᠯᠡᠭᠦᠯᠵᠦ᠍ ᠪᠠᠢᠭᠠᠯᠢ᠎ᠶ᠋ᠢᠨ ᠡᠬᠢ ᠪᠠᠶᠠᠯᠢᠭ᠎ᠤᠨ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠳᠤ ᠦᠶ᠋ᠯᠡᠴᠢᠯᠡᠬᠦ᠌》 ᠭᠤᠤᠯ ᠰᠡᠳᠦᠪ᠎ᠤᠨ ᠲᠣᠭᠤᠷᠢᠨ᠎ᠳᠤ᠂ ᠠᠭᠤᠯᠭ᠎ᠠ᠎ᠪᠠᠷ ᠪᠠᠶᠠᠯᠢᠭ᠂ ᠬᠡᠯᠪᠡᠷᠢ᠎ᠪᠠᠷ ᠣᠯᠠᠨ ᠶᠠᠩᠵᠤ᠎ᠶ᠋ᠢᠨ ᠵᠢᠭᠠᠨ ᠰᠤᠷᠭᠠᠯᠲᠠ᠎ᠶ᠋ᠢᠨ ᠬᠢᠴᠢᠶᠡᠯ᠎ᠢ ᠲᠣᠬᠢᠷᠠᠭᠤᠯᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠂ ᠥᠪᠥᠷ ᠮᠣᠩᠭᠤᠯ᠎ᠤᠨ ᠨᠠᠮ᠎ᠤᠨ ᠰᠤᠷᠭᠠᠭᠤᠯᠢ᠂ ᠥᠪᠥᠷ ᠮᠣᠩᠭᠤᠯ᠎ᠤᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠶ᠋ᠢᠨ ᠡᠷᠬᠡ ᠰᠦᠷᠲᠦ ᠲᠤᠰᠭᠠᠢ ᠮᠡᠷᠭᠡᠵᠢᠯᠲᠡᠨ ᠡᠷᠳᠡᠮᠲᠡᠨ᠎ᠢ ᠤᠷᠢᠵᠤ᠂ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠨᠠᠮ᠎ᠤᠨ ᠨᠢᠭᠡᠳᠦᠮᠡᠯ ᠹᠷᠣᠨᠲ᠎ᠤᠨ ᠠᠵᠢᠯ᠎ᠢ ᠰᠠᠢᠲᠤᠷ ᠬᠢᠬᠦ᠌ ᠲᠤᠬᠠᠢ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠵᠠᠯᠠᠭᠤ ᠺᠠᠳ᠋ᠷᠴᠤᠳ᠎ᠤᠨ ᠦᠰᠦᠨ ᠪᠤᠢᠵᠢᠵᠤ ᠴᠢᠳᠠᠪᠤᠷᠢᠲᠠᠨ ᠪᠣᠯᠬᠤ ᠲᠤᠬᠠᠢ ᠴᠢᠬᠤᠯᠠ ᠥᠭᠦᠯᠡᠯᠲᠡ᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ ᠵᠡᠷᠭᠡ ᠲᠤᠰᠭᠠᠢ ᠰᠡᠳᠦᠪ᠎ᠤᠨ ᠲᠤᠬᠠᠢ ᠭᠦᠨᠵᠡᠭᠡᠢ ᠲᠠᠢᠯᠤᠮᠵᠢ ᠬᠢᠯᠭᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ ᠦᠢᠯᠡᠳᠦᠯᠭᠡ᠎ᠶ᠋ᠢᠨ ᠣᠷᠳᠣᠨ᠎ᠢ ᠲᠣᠭᠤᠷᠢᠨ ᠦᠵᠡᠵᠦ᠍᠂ ᠨᠢᠭᠡᠳᠦᠮᠡᠯ ᠹᠷᠣᠨᠲ᠎ᠤᠨ ᠭᠡᠰᠢᠭᠦᠨ᠎ᠤ ᠶᠠᠷᠢᠯᠴᠠᠬᠤ ᠬᠤᠷᠠᠯ ᠪᠣᠯᠤᠨ ᠵᠠᠯᠠᠭᠤ ᠺᠠᠳ᠋ᠷᠴᠤᠳ᠎ᠤᠨ ᠰᠤᠳᠤᠯᠤᠨ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃
ᠪᠣᠯᠪᠠᠰᠤᠷᠠᠯ᠎ᠤᠨ ᠬᠤᠭᠤᠴᠠᠭᠠᠨ᠎ᠳᠤ᠂ ᠪᠦᠬᠦ᠌ ᠰᠤᠷᠤᠭ᠍ᠴᠢᠳ 《ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠰᠤᠷᠤᠭ᠍ᠴᠢᠳ᠎ᠤᠨ ᠬᠠᠮᠢᠶᠠᠷᠤᠯᠲᠠ᠎ᠶ᠋ᠢᠨ ᠲᠣᠭ᠍ᠲᠠᠭᠠᠯ》 ᠪᠣᠯᠤᠨ ᠰᠤᠷᠤᠭ᠍ᠴᠢᠳ᠎ᠤᠨ ᠳᠦᠷᠢᠮ᠎ᠢ ᠴᠢᠩᠭ᠎ᠠ ᠵᠢᠷᠤᠮᠯᠠᠵᠤ᠂ ᠨᠠᠷᠢᠨ ᠬᠢᠨᠠᠮᠠᠭᠠᠢ ᠰᠤᠷᠤᠯᠴᠠᠵᠤ᠂ ᠢᠳᠡᠪᠬᠢᠲᠡᠢ ᠰᠣᠯᠢᠯᠴᠠᠵᠤ᠂ ᠰᠠᠢᠨ ᠰᠠᠢᠬᠠᠨ ᠰᠤᠷᠤᠯᠴᠠᠬᠤ ᠰᠤᠷᠲᠠᠯ ᠪᠣᠯᠤᠨ ᠰᠤᠷᠲᠠᠯ᠎ᠢ ᠢᠯᠡᠷᠡᠭᠦᠯᠪᠡ᠃ ᠣᠯᠠᠨ ᠵᠦᠢᠯ᠎ᠤᠨ ᠬᠡᠯᠪᠡᠷᠢ᠎ᠶ᠋ᠢᠨ ᠰᠤᠷᠤᠯᠴᠠᠯᠭ᠎ᠠ᠎ᠪᠠᠷ ᠳᠠᠮᠵᠢᠭᠤᠯᠤᠨ᠂ ᠰᠤᠷᠤᠭ᠍ᠴᠢᠳ ᠤᠯᠤᠰ ᠲᠥᠷᠥ᠎ᠶ᠋ᠢᠨ ᠤᠬᠠᠮᠰᠠᠷ᠂ ᠨᠢᠭᠡᠳᠦᠮᠡᠯ ᠹᠷᠣᠨᠲ ᠪᠠ ᠣᠯᠠᠨ ᠲᠦᠮᠡᠨ᠎ᠤ ᠪᠦᠯᠬᠦᠮ᠎ᠤᠨ ᠠᠵᠢᠯ᠎ᠤᠨ ᠬᠠᠷᠢᠭᠤᠴᠠᠯᠭᠠᠲᠤ ᠤᠬᠠᠮᠰᠠᠷ᠎ᠢᠶᠠᠨ ᠤᠯᠠᠮ ᠨᠢᠭᠡ ᠠᠯᠬᠤᠮ ᠴᠢᠩᠭᠠᠳᠭᠠᠵᠤ᠂ ᠣᠨᠣᠯ᠎ᠤᠨ ᠬᠡᠪ ᠪᠣᠯᠪᠠᠰᠤᠷᠠᠯ᠂ ᠦᠢᠯᠡᠳᠦᠯᠭᠡ᠎ᠶ᠋ᠢᠨ ᠴᠢᠳᠠᠪᠤᠷᠢ ᠪᠠ ᠨᠡᠪᠲᠡᠷᠡᠯᠴᠡᠨ ᠬᠠᠮᠵᠢᠯᠴᠠᠬᠤ ᠬᠢᠷᠢ ᠲᠦᠪᠱᠢᠨ᠎ᠢᠶᠠᠨ ᠳᠡᠭᠡᠭ᠌ᠰᠢᠯᠡᠭᠦᠯᠦᠨ᠂ ᠪᠥᠬᠦ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠱᠢᠰᠲ᠋ᠧᠮ᠎ᠤᠨ ᠨᠢᠭᠡᠳᠦᠮᠡᠯ ᠹᠷᠣᠨᠲ ᠪᠠ ᠣᠯᠠᠨ ᠲᠦᠮᠡᠨ᠎ᠤ ᠪᠦᠯᠬᠦᠮ᠎ᠤᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠪᠠᠲᠤ ᠪᠠᠬᠢ ᠰᠠᠭᠤᠷᠢ᠎ᠶ᠋ᠢ ᠲᠠᠯᠪᠢᠵᠤ ᠥᠭ᠌ᠴᠡᠶ᠃
ᠲᠢᠩᠬᠢᠮ᠎ᠤᠨ ᠪᠠᠢᠭᠤᠯᠭ᠎ᠠ᠎ᠶ᠋ᠢᠨ ᠡᠯ᠎ᠡ ᠭᠠᠵᠠᠷ ᠠᠯᠪᠠᠨ ᠲᠠᠰᠤᠭ ᠲᠣᠪᠴᠢᠶ᠎ᠠ᠂ ᠲᠢᠩᠬᠢᠮ᠎ᠤᠨ ᠬᠠᠷᠢᠶ᠎ᠠ ᠡᠯ᠎ᠡ ᠨᠢᠭᠡᠴᠢ ( ᠪᠠᠷᠢᠯᠭ᠎ᠠ᠎ᠶ᠋ᠢᠨ ᠮᠠᠲ᠋ᠧᠷᠢᠶᠠᠯ᠎ᠤᠨ ᠶᠡᠷᠦᠩᠬᠡᠶ ᠠᠩᠭᠢ᠂ ᠳᠤᠮᠳᠠᠳᠤ ᠤᠯᠤᠰ᠎ᠤᠨ ᠬᠢᠮᠢ᠎ᠶᠢᠨ ᠠᠵᠤ ᠦᠢᠯᠡᠳᠪᠦᠷᠢ᠎ᠶᠢᠨ ᠬᠦᠷᠢᠶᠡᠯᠡᠩ ᠪᠠᠭ᠍ᠲᠠᠨ᠎ᠠ ) ᠶ᠋ᠢᠨ ᠨᠢᠭᠡᠳᠦᠮᠡᠯ ᠹᠷᠣᠨᠲ᠎ᠤᠨ ᠭᠡᠰᠢᠭᠦᠨ ᠪᠠ ᠵᠠᠯᠠᠭᠤ ᠺᠠᠳ᠋ᠷ᠎ᠤᠨ ᠲᠥᠯᠥᠭᠡᠯᠡᠭ᠌ᠴᠢ 50 ᠭᠠᠷᠤᠶ ᠬᠥᠮᠦᠨ ᠪᠣᠯᠪᠠᠰᠤᠷᠠᠯ᠎ᠳᠤ ᠣᠷᠣᠯᠴᠠᠪᠠ᠃