ᠶᠡᠷᠦᠩᠬᠡᠶ ᠱᠦᠵᠢ ᠰᠢ᠎ᠶ᠋ᠢᠨ ᠫᠢᠩ᠎ᠶ᠋ᠢᠨ ᠠᠶᠤᠯ ᠦᠭᠡᠢ ᠦᠢᠯᠡᠳᠪᠦᠷᠢᠯᠡᠯ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠣᠢᠷ᠎ᠠ᠎ᠶ᠋ᠢᠨ ᠬᠤᠭᠤᠴᠠᠭᠠᠨ᠎ᠤ ᠭᠠᠯ᠎ᠤᠨ ᠭᠠᠮᠱᠢᠭ᠎ᠤᠨ ᠠᠳᠡᠯ᠎ᠠᠴᠠ ᠭᠦᠨᠵᠡᠭᠡᠶ ᠰᠤᠷᠭᠠᠮᠵᠢ ᠠᠪᠴᠤ᠌᠂ ᠺᠠᠳ᠋ᠷ ᠠᠵᠢᠯᠲᠠᠨ ᠠᠵᠢᠯᠴᠢᠨ᠎ᠤ ᠠᠶᠤᠯ ᠦᠭᠡᠢ ᠦᠢᠯᠡᠳᠪᠦᠷᠢᠯᠡᠯ ᠬᠢᠭᠡᠳ ᠭᠠᠮᠱᠢᠭ᠎ᠢ ᠰᠡᠷᠭᠡᠢᠯᠡᠨ ᠭᠠᠮᠱᠢᠭ᠎ᠢ ᠪᠠᠭᠠᠰᠭᠠᠬᠤ ᠴᠢᠳᠠᠪᠤᠷᠢ᠎ᠶ᠋ᠢ ᠦᠨᠡᠨ ᠬᠦ᠌ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ 12 ᠳ᠋ᠤᠭᠠᠷ ᠰᠠᠷ᠎ᠠ᠎ᠶ᠋ᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ 《ᠪᠥᠬᠦ᠌ ᠠᠷᠠᠳ᠎ᠤᠨ ᠭᠠᠯ ᠤᠨᠲᠠᠷᠠᠭᠠᠬᠤ ᠠᠮᠢ ᠨᠠᠰᠤ᠎ᠶ᠋ᠢ ᠳᠡᠭᠡᠳᠦᠯᠡᠬᠦ᠌ — ᠠᠮᠤᠷ ᠲᠦᠪᠱᠢᠨ᠎ᠢᠶᠠᠷ ᠭᠠᠯ ᠴᠠᠬᠢᠯᠭᠠᠨ ᠬᠡᠷᠡᠭ᠌ᠯᠡᠬᠦ᠌》 ᠪᠠᠴᠢᠮ ᠪᠠᠢᠳᠠᠯ᠎ᠢ ᠠᠷᠭ᠋ᠠᠴᠠᠭ᠋ᠠᠬᠤ ᠮᠡᠳᠡᠯᠭᠡ᠎ᠶ᠋ᠢᠨ ᠲᠠᠢᠯᠤᠮᠵᠢ ᠵᠢᠴᠢ ᠲᠠᠷᠬᠠᠭᠠᠬᠤ ᠰᠣᠷᠢᠯᠲᠠ᠎ᠶ᠋ᠢᠨ ᠠᠵᠢᠯᠯᠠᠭ᠎ᠠ ᠥᠷᠨᠢᠭᠦᠯᠪᠡ᠃
ᠲᠠᠢᠯᠤᠮᠵᠢ᠎ᠳᠤ᠂ ᠬᠢᠴᠢᠶᠡᠯ ᠵᠢᠭᠠᠬᠤ ᠯᠧᠺᠲ᠋ᠣᠷ ᠠᠯᠪᠠᠨ ᠪᠠᠢ᠌ᠭᠤᠯᠭ᠎ᠠ ᠠᠵᠢᠯ ᠦᠢᠯᠡᠰ᠎ᠦᠨ ᠨᠢᠭᠡᠴᠢ᠎ᠶᠢᠨ ᠭᠠᠯ ᠤᠨᠲᠠᠷᠠᠭᠠᠬᠤ ᠠᠮᠤᠷ ᠲᠦᠪᠰᠢᠨ᠎ᠦ ᠬᠠᠷᠢᠭᠤᠴᠠᠯᠭ᠎ᠠ᠎ᠶᠢᠨ ᠵᠠᠭᠠᠭ ᠬᠢᠵᠠᠭᠠᠷ ᠪᠣᠯᠣᠨ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ ᠳᠡᠭᠡᠷ᠎ᠡ ᠠᠩᠬᠠᠷᠤᠯ᠎ᠢᠶᠠᠨ ᠲᠥᠪᠯᠡᠷᠡᠭᠦᠯᠵᠦ ᠂ ᠣᠢᠷ᠎ᠠ᠎ᠶ᠋ᠢᠨ ᠬᠤᠭᠤᠴᠠᠭᠠᠨ᠎ᠤ ᠱᠢᠶᠠᠩᠭᠠᠩ᠎ᠤᠨ ᠳ᠋ᠠᠫᠦ᠋ᠶ᠋ᠢᠨ ᠭᠠᠯ᠎ᠤᠨ ᠭᠠᠮᠱᠢᠭ᠎ᠤᠨ ᠠᠳᠡᠯ ᠵᠡᠷᠭᠡ ᠨᠡᠢᠲᠡᠯᠢᠭ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ᠂ ᠠᠩᠬᠠᠨ᠎ᠤ ᠬᠤᠭᠤᠴᠠᠭᠠᠨ᠎ᠤ ᠭᠠᠯ᠎ᠤᠨ ᠭᠠᠮᠱᠢᠭ᠎ᠢ ᠱᠢᠢᠳᠪᠦᠷᠢᠯᠡᠬᠦ᠂ ᠪᠠᠴᠢᠮ ᠪᠠᠢᠳᠠᠯ᠎ᠢ ᠠᠷᠭ᠋ᠠᠴᠠᠭ᠋ᠠᠨ ᠲᠠᠷᠬᠠᠭᠠᠬᠤ ᠵᠣᠬᠢᠶᠠᠨ ᠪᠠᠢᠭᠤᠯᠤᠯᠲᠠ᠂ ᠭᠠᠯ ᠤᠨᠲᠠᠷᠠᠭᠠᠬᠤ ᠲᠥᠬᠦᠭᠡᠷᠦᠮᠵᠢ᠎ᠶ᠋ᠢᠨ ᠬᠤᠯᠪᠣᠭᠠᠯᠠᠨ ᠬᠥᠳᠡᠯᠦᠯᠴᠡᠬᠦ᠌ ᠵᠢᠴᠢ ᠬᠠᠮᠢᠶᠠᠷᠤᠯᠲᠠ᠎ᠶ᠋ᠢᠨ ᠲᠦᠷᠢᠮ᠎ᠢ ᠨᠠᠢᠳᠠᠪᠤᠷᠢᠵᠢᠭᠤᠯᠬᠤ ᠵᠡᠷᠭᠡ ᠵᠠᠩᠭᠢᠯᠠᠭ᠎ᠠ᠎ᠶ᠋ᠢᠨ ᠭᠤᠭ᠍ᠴᠤᠭ᠎ᠠ᠎ᠶ᠋ᠢᠨ ᠮᠡᠷᠭᠡᠵᠢᠯ᠎ᠤᠨ ᠬᠠᠮᠢᠶᠠᠷᠤᠯᠲᠠ᠎ᠶ᠋ᠢᠨ ᠭᠤᠤᠯᠳᠠᠯᠭ᠎ᠠ᠎ᠶ᠋ᠢ ᠱᠢᠰᠲ᠋ᠧᠮ᠎ᠲᠠᠢ ᠲᠠᠢᠯᠪᠤᠷᠢᠯᠠᠭ᠍ᠰᠠᠨ ᠪᠥᠭᠡᠳ ᠨᠡᠢᠲᠡᠯᠢᠭ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ᠂ ᠡᠳᠦᠷ ᠲᠤᠲᠤᠮ᠎ᠤᠨ ᠭᠠᠯ ᠤᠨᠲᠠᠷᠠᠭᠠᠬᠤ ᠠᠮᠤᠷ ᠲᠦᠪᠱᠢᠨ᠎ᠤ ᠠᠵᠢᠯ᠎ᠤᠨ ᠳᠤᠮᠳᠠᠬᠢ ᠪᠠᠢᠩᠭᠤ ᠲᠣᠬᠢᠶᠠᠯᠳᠤᠳᠠᠭ ᠪᠤᠷᠤᠭᠤ ᠣᠷᠣᠨ᠎ᠢ ᠭᠦᠨᠵᠡᠭᠡᠶ ᠵᠠᠳᠠᠯᠪᠠ᠃ ᠲᠠᠢᠯᠤᠮᠵᠢ᠎ᠶ᠋ᠢᠨ ᠠᠭᠤᠯᠭ᠎ᠠ᠎ᠨᠢ ᠪᠠᠢᠭᠤᠯᠭ᠎ᠠ᠎ᠶ᠋ᠢᠨ ᠠᠵᠢᠯ᠎ᠤᠨ ᠪᠣᠳᠠᠲᠤ ᠪᠠᠢᠳᠠᠯ ᠬᠢᠭᠡᠳ ᠺᠠᠳ᠋ᠷ ᠠᠵᠢᠯᠲᠠᠨ᠎ᠤ ᠡᠳᠦᠷ ᠲᠤᠲᠤᠮ᠎ᠤᠨ ᠠᠮᠢᠳᠤᠷᠠᠯ᠎ᠤᠨ ᠲᠠᠯᠠᠪᠤᠷ᠎ᠲᠠᠢ ᠨᠢᠭ᠍ᠲᠠ ᠤᠶᠠᠯᠳᠤᠭᠤᠯᠤᠨ᠂ ᠦᠨᠡᠨ ᠪᠣᠳᠠᠲᠠᠶ ᠬᠡᠷᠡᠭ᠎ᠤᠨ ᠵᠢᠱ᠌ᠢᠶ᠎ᠡ᠂ ᠸᠢᠳᠢᠤ᠋ ᠵᠢᠷᠤᠭ ᠳᠦᠷᠰᠦ ᠬᠢᠭᠡᠳ ᠳ᠋ᠡᠢ᠌ᠲ᠋ᠠ᠎ᠶ᠋ᠢᠨ ᠵᠠᠳᠠᠯᠤᠯᠲᠠ᠎ᠪᠠᠷ ᠳᠠᠮᠵᠢᠭᠤᠯᠤᠨ᠂ 《ᠳᠠᠯᠳᠠ ᠬᠡᠮ ᠪᠣᠯ ᠳᠠᠷᠤᠶ ᠠᠳᠡᠯ ᠮᠥᠨ》 ᠭᠡᠬᠦ᠌ ᠬᠠᠷᠢᠭᠤᠴᠠᠯᠭ᠎ᠠ᠎ᠶ᠋ᠢᠨ ᠤᠬᠠᠮᠰᠠᠷ᠎ᠢ ᠤᠯᠠᠮ ᠨᠢᠭᠡ ᠠᠯᠬᠤᠮ ᠴᠢᠩᠭᠠᠷᠠᠭᠤᠯᠵᠤ᠂ ᠲᠢᠩᠬᠢᠮ᠎ᠤᠨ ᠪᠠᠢᠭᠤᠯᠭ᠎ᠠ᠎ᠶ᠋ᠢᠨ ᠭᠠᠯ ᠤᠨᠲᠠᠷᠠᠭᠠᠬᠤ ᠠᠮᠤᠷ ᠲᠦᠪᠱᠢᠨ᠎ᠤ ᠵᠠᠰᠠᠯᠲᠠ᠎ᠶ᠋ᠢᠨ ᠱᠢᠰᠲ᠋ᠧᠮ᠎ᠢ ᠦᠷᠭᠦᠯᠵᠢᠯᠡᠨ ᠱᠢᠯᠢᠳᠡᠭ᠌ᠵᠢᠭᠦᠯᠬᠦ᠌᠎ᠳᠤ ᠲᠣᠳᠣᠷᠬᠠᠶ ᠦᠢᠯᠡᠳᠦᠯᠭᠡ᠎ᠶ᠋ᠢᠨ ᠠᠷᠭ᠎ᠠ ᠵᠠᠮ ᠬᠠᠩᠭᠠᠭ᠍ᠰᠠᠨ ᠪᠠᠢᠨ᠎ᠠ᠃
ᠲᠠᠢᠯᠤᠮᠵᠢ ᠳᠠᠭᠤᠰᠤᠭ᠍ᠰᠠᠨ᠎ᠤ ᠳᠠᠷᠠᠭ᠎ᠠ᠂ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠠᠯᠪᠠᠨ ᠠᠰᠠᠷ᠎ᠤᠨ ᠭᠡᠨᠡᠳᠲᠡ᠎ᠶ᠋ᠢᠨ ᠭᠠᠯ᠎ᠤᠨ ᠭᠠᠮᠱᠢᠭ᠎ᠢ ᠲᠠᠷᠬᠠᠭᠠᠬᠤ ᠰᠣᠷᠢᠯᠲᠠ᠎ᠶ᠋ᠢᠨ ᠠᠵᠢᠯᠯᠠᠭ᠎ᠠ᠎ᠶ᠋ᠢ ᠲᠤᠬᠠᠶ᠎ᠶ᠋ᠢᠨ ᠭᠠᠵᠠᠷ᠎ᠲᠤᠨᠢ ᠵᠣᠬᠢᠶᠠᠨ ᠪᠠᠢᠭᠤᠯᠪᠠ᠃ ᠰᠡᠷᠡᠮᠵᠢ᠎ᠶᠢᠨ ᠳᠣᠬᠢᠶ᠎ᠠ ᠳᠤᠤᠭᠠᠷᠤᠭᠰᠠᠨᠤ ᠳᠠᠷᠠᠭ᠎ᠠ᠂ ᠲᠠᠷᠬᠠᠭᠠᠨ ᠵᠠᠮᠴᠢᠯᠠᠭ᠍ᠴᠢ ᠦᠳᠲᠡᠷ ᠲᠦᠷᠭᠡᠨ᠎ᠢᠶᠡᠷ ᠪᠠᠢᠷᠢᠨ᠎ᠳᠠᠭᠠᠨ ᠣᠷᠣᠵᠤ᠂ ᠵᠠᠩᠭᠢᠯᠠᠭ᠎ᠠ᠎ᠶᠢᠨ ᠪᠠᠢᠷᠢᠨ᠎ᠳᠤ ᠡᠮᠬᠢ ᠵᠢᠷᠤᠮ᠎ᠲᠠᠢ᠎ᠪᠠᠷ ᠬᠥᠮᠥᠰ᠎ᠢ ᠵᠣᠬᠢᠶᠠᠨ ᠪᠠᠢᠭᠤᠯᠵᠤ ᠤᠬᠤᠷᠢᠭᠤᠯᠪᠠ᠃ ᠪᠢᠴᠢᠯ ᠬᠡᠯᠪᠡᠷᠢ᠎ᠶᠢᠨ ᠭᠠᠯ ᠤᠨᠲᠠᠷᠠᠭᠠᠬᠤ ᠥᠷᠲᠡᠭᠡ᠎ᠶᠢᠨ ᠭᠡᠰᠢᠭᠦᠳ ᠨᠢ ᠰᠡᠷᠭᠡᠢᠯᠡᠨ ᠬᠠᠮᠠᠭᠠᠯᠠᠬᠤ ᠲᠣᠨᠣᠭ ᠲᠥᠬᠥᠭᠡᠷᠦᠮᠵᠢ ᠡᠮᠦᠰᠴᠦ᠍᠂ ᠲᠤᠬᠠᠢ᠎ᠶᠢᠨ ᠲᠠᠯᠠᠪᠠᠢ᠎ᠳ᠋ᠤ ᠭᠠᠯ᠎ᠤ᠋ᠨ ᠠᠶᠤᠯᠠ᠋ᠴᠠ ᠠᠪᠤᠷᠠᠬᠤ ᠠᠵᠢᠯ᠎ᠤ᠋ᠨ ᠶᠠᠪᠤᠴᠠ᠎ᠶᠢ ᠳᠡᠯᠭᠡᠨ ᠦᠵᠡᠭᠦᠯᠦᠨ᠎ᠡ᠃ ᠰᠣᠷᠢᠯᠲᠠ᠎ᠳᠤ ᠣᠷᠣᠯᠴᠠᠭᠰᠠᠳ ᠨᠠᠮ ᠳᠠᠭᠤᠨ᠎ᠢᠶᠠᠷ ᠬᠠᠮᠠᠷ᠎ᠢᠶᠠᠨ ᠪᠢᠲᠡᠭᠦᠯᠡᠬᠦ᠂ ᠬᠡᠷᠡᠮ ᠳᠠᠭᠠᠤ ᠲᠠᠷᠬᠠᠭᠠᠬᠤ᠂ ᠴᠤᠭᠯᠠᠷᠠᠨ ᠲᠣᠭᠠᠯᠠᠨ ᠪᠦᠷᠢᠳᠬᠡᠬᠦ ᠵᠡᠷᠭᠡ ᠪᠠᠷᠢᠮᠵᠢᠶᠠᠲᠤ ᠬᠥᠳᠡᠯᠭᠡᠭᠡᠨ᠎ᠢ ᠳᠦᠷᠢᠮᠵᠢᠭᠦᠯᠦᠨ ᠭᠦᠢᠴᠡᠳᠬᠡᠪᠡ᠃ ᠲᠣᠰ ᠤᠳᠠᠭᠠᠨ᠎ᠤ ᠠᠵᠢᠯᠯᠠᠭ᠎ᠠ ᠨᠢ ᠺᠠᠳ᠋ᠷ ᠠᠵᠢᠯᠲᠠᠨ ᠠᠵᠢᠯᠴᠢᠨ᠎ᠤ ᠪᠠᠴᠢᠮ ᠪᠠᠢᠳᠠᠯ᠎ᠢ ᠠᠷᠭ᠋ᠠᠴᠠᠭ᠋ᠠᠬᠤ ᠴᠢᠳᠠᠪᠤᠷᠢ ᠪᠣᠯᠣᠨ ᠪᠠᠢ᠌ᠭᠤᠯᠭ᠎ᠠ᠎ᠶᠢᠨ ᠭᠠᠯ ᠤᠨᠲᠠᠷᠠᠭᠠᠬᠤ ᠠᠶᠤᠯ ᠦᠭᠡᠢ᠎ᠶᠢᠨ ᠰᠢᠢᠳᠪᠦᠷᠢᠯᠡᠬᠦ ᠪᠦᠬᠦᠯᠢ ᠴᠣᠭᠴᠠ᠎ᠶᠢᠨ ᠬᠢᠷᠢ ᠲᠦᠪᠰᠢᠨ᠎ᠢ ᠪᠦᠲᠦᠮᠵᠢᠲᠡᠶ᠎ᠪᠡᠷ ᠳᠡᠭᠡᠭᠰᠢᠯᠡᠭᠦᠯᠪᠡ᠃
ᠲᠠᠷᠠᠭᠠᠴᠢ᠎ᠶ᠋ᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠭᠠᠯ ᠤᠨᠲᠠᠷᠠᠭᠠᠬᠤ ᠠᠮᠤᠷ ᠲᠦᠪᠱᠢᠨ᠎ᠤ ᠬᠠᠷᠢᠭᠤᠴᠠᠯᠭ᠎ᠠ᠎ᠶ᠋ᠢ ᠤᠯᠠᠮ ᠨᠢᠭᠡ ᠠᠯᠬᠤᠮ ᠪᠣᠳᠠᠲᠠᠢᠵᠢᠭᠤᠯᠵᠤ᠂ ᠬᠡᠷᠡᠭ᠎ᠢᠶᠠᠷ ᠲᠣᠯᠢ ᠪᠣᠯᠭᠠᠵᠤ᠂ ᠺᠠᠳ᠋ᠷ ᠠᠵᠢᠯᠲᠠᠨ᠎ᠤ ᠭᠠᠯ ᠤᠨᠲᠠᠷᠠᠭᠠᠬᠤ ᠠᠮᠤᠷ ᠲᠦᠪᠱᠢᠨ᠎ᠤ ᠦᠵᠡᠯ ᠤᠬᠠᠮᠰᠠᠷ ᠬᠢᠭᠡᠳ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠢ ᠦᠷᠭᠦᠯᠵᠢᠯᠡᠨ ᠴᠢᠩᠭᠠᠳᠭᠠᠵᠤ᠂ ᠲᠢᠩᠬᠢᠮ᠎ᠤᠨ ᠪᠠᠢᠭᠤᠯᠭ᠎ᠠ᠎ᠶ᠋ᠢᠨ ᠭᠠᠯ ᠤᠨᠲᠠᠷᠠᠭᠠᠬᠤ ᠠᠮᠤᠷ ᠲᠦᠪᠱᠢᠨ᠎ᠤ ᠠᠵᠢᠯ᠎ᠤᠨ ᠰᠠᠭᠤᠷᠢ᠎ᠶ᠋ᠢ ᠲᠠᠰᠤᠷᠠᠯᠲᠠ ᠥᠬᠡᠶ ᠪᠠᠬᠢᠵᠢᠭᠦᠯᠵᠦ᠍᠂ ᠠᠶᠤᠯ ᠥᠬᠡᠶ ᠦᠢᠯᠡᠳᠪᠦᠷᠢᠯᠡᠯ᠎ᠤᠨ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠨ᠎ᠠ᠃