ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠪᠥᠬᠦ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠡᠷᠬᠡ᠎ᠶ᠋ᠢ ᠨᠤᠲᠠᠯᠠᠨ ᠳᠠᠩᠰᠠᠯᠠᠬᠤ ᠲᠤᠬᠠᠢᠯᠠᠭ᠍ᠰᠠᠨ ᠠᠵᠢᠯ᠎ᠤᠨ ᠪᠣᠯᠪᠠᠰᠤᠷᠠᠯ᠎ᠤᠨ ᠠᠩᠭᠢ ᠡᠷᠭᠢᠯᠡᠪᠡ
2025-12-10

  ᠡᠩᠨᠡᠭᠡᠨ᠎ᠤ ᠪᠠᠢᠭᠤᠯᠤᠯᠲᠠ ᠬᠢᠭᠡᠳ ᠠᠵᠢᠯᠲᠠᠨ᠎ᠢ ᠬᠥᠮᠦᠵᠢᠭᠦᠯᠬᠦ᠌᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠪᠥᠬᠦ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠡᠷᠬᠡ᠎ᠶ᠋ᠢ ᠨᠤᠲᠠᠯᠠᠨ ᠳᠠᠩᠰᠠᠯᠠᠬᠤ ᠲᠤᠬᠠᠢᠯᠠᠭ᠍ᠰᠠᠨ ᠠᠵᠢᠯ᠎ᠤᠨ ᠬᠢᠷᠢ ᠲᠦᠪᠱᠢᠨ᠎ᠢ ᠳᠡᠭᠡᠭ᠌ᠰᠢᠯᠡᠭᠦᠯᠦᠨ᠂ ᠡᠷᠬᠡ᠎ᠶ᠋ᠢ ᠨᠤᠲᠠᠯᠠᠨ ᠳᠠᠩᠰᠠᠯᠠᠬᠤ ᠡᠩᠨᠡᠭᠡ᠎ᠶ᠋ᠢᠨ ᠰᠤᠷᠲᠠᠯ᠎ᠤᠨ ᠪᠠᠢᠩᠭᠤᠵᠢᠭ᠍ᠰᠠᠨ ᠪᠠᠢᠭᠤᠯᠤᠯᠲᠠ᠎ᠶ᠋ᠢ ᠭᠦᠨᠵᠡᠭᠡᠢᠷᠡᠭᠦᠯᠬᠦ᠌᠎ᠶ᠋ᠢᠨ ᠲᠤᠰᠠᠳᠠ᠂ 12 ᠳ᠋ᠤᠭᠠᠷ ᠰᠠᠷ᠎ᠠ᠎ᠶ᠋ᠢᠨ 9 ᠎ᠤ ᠡᠳᠦᠷ᠎ᠠᠴᠠ 10 ᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠬᠥᠬᠡᠬᠤᠲᠠ᠎ᠳᠤ ᠪᠥᠬᠦ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠡᠷᠬᠡ᠎ᠶ᠋ᠢ ᠨᠤᠲᠠᠯᠠᠨ ᠳᠠᠩᠰᠠᠯᠠᠬᠤ ᠲᠤᠬᠠᠢᠯᠠᠭ᠍ᠰᠠᠨ ᠠᠵᠢᠯ᠎ᠤᠨ ᠪᠣᠯᠪᠠᠰᠤᠷᠠᠯ᠎ᠤᠨ ᠠᠩᠭᠢ ᠡᠷᠭᠢᠯᠡᠪᠡ᠃

  ᠲᠣᠰ ᠤᠳᠠᠭᠠᠨ᠎ᠤ ᠪᠣᠯᠪᠠᠰᠤᠷᠠᠯ᠎ᠳᠤ ᠨᠠᠷᠢᠯᠢᠭ ᠣᠨᠣᠴᠠᠲᠠᠶ᠎ᠪᠠᠷ ᠬᠢᠴᠢᠶᠡᠯ ᠲᠣᠬᠢᠷᠠᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠣᠶ ᠮᠣᠳᠣᠨ᠎ᠤ ᠡᠷᠬᠡ᠎ᠶ᠋ᠢ ᠳᠠᠩᠰᠠᠯᠠᠬᠤ ᠪᠠ 《ᠣᠶ ᠮᠣᠳᠣᠨ᠎ᠤ ᠡᠷᠬᠡ᠎ᠶ᠋ᠢᠨ ᠬᠠᠷᠢᠶ᠎ᠠ᠎ᠶ᠋ᠢᠨ ᠪᠠᠢᠴᠠᠭᠠᠯᠲᠠ᠎ᠶ᠋ᠢᠨ ᠠᠵᠢᠯ᠎ᠤᠨ ᠵᠢᠯᠣᠭᠤᠳᠤᠮᠵᠢ》 ᠎ᠶ᠋ᠢᠨ ᠱᠠᠭᠠᠷᠳᠠᠯᠭ᠎ᠠ᠎ᠲᠠᠢ ᠤᠶᠠᠯᠳᠤᠭᠤᠯᠤᠨ᠂ ᠣᠶ ᠮᠣᠳᠣᠨ᠎ᠤ ᠡᠷᠬᠡ᠎ᠶ᠋ᠢᠨ ᠳᠡᠩᠰᠡᠯᠡᠯᠲᠡ ᠬᠢᠭᠡᠳ ᠥᠮᠴᠢᠯᠡᠬᠦ᠌ ᠡᠷᠬᠡ᠎ᠶ᠋ᠢᠨ ᠰᠠᠭᠤᠷᠢ ᠬᠠᠪᠲᠠᠰᠤ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠪᠠᠷᠢᠮᠵᠢᠶ᠎ᠠ᠎ᠶ᠋ᠢ ᠲᠣᠳᠣᠷᠬᠠᠢᠯᠠᠪᠠ; ᠥᠯᠥ᠍ ᠬᠥᠳᠡᠯᠬᠦ᠌ ᠬᠥᠷᠥᠩᠭᠡ᠎ᠶ᠋ᠢ ᠳᠡᠩᠰᠡᠯᠡᠨ ᠲᠡᠮᠳᠡᠭ᠌ᠯᠡᠬᠦ᠌ ᠴᠣᠩᠬᠤᠪᠴᠢ᠎ᠶ᠋ᠢᠨ ᠰᠤᠷᠲᠠᠯ᠎ᠤᠨ ᠪᠠᠢᠭᠤᠯᠤᠯᠲᠠ᠎ᠶ᠋ᠢᠨ ᠱᠠᠭᠠᠷᠳᠠᠯᠭ᠎ᠠ᠎ᠲᠠᠢ ᠤᠶᠠᠯᠳᠤᠭᠤᠯᠤᠨ᠂ ᠦᠢᠯᠡᠴᠢᠯᠡᠭᠡᠨ᠎ᠤ ᠵᠢᠷᠤᠮᠵᠢᠯ ᠬᠢᠭᠡᠳ ᠠᠷᠢᠭᠤᠨ ᠴᠢᠬᠡᠴᠢ᠎ᠪᠠᠷ ᠵᠠᠰᠠᠭ ᠪᠠᠷᠢᠬᠤ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠨ᠎ᠠ; ᠪᠠᠢᠭᠠᠯᠢ᠎ᠶ᠋ᠢᠨ ᠡᠬᠢ ᠪᠠᠶᠠᠯᠢᠭ᠎ᠤᠨ ᠡᠷᠬᠡ᠎ᠶ᠋ᠢᠨ ᠬᠠᠷᠢᠶ᠎ᠠ᠎ᠶ᠋ᠢᠨ ᠮᠠᠷᠭᠤᠯᠳᠤᠭᠠᠨ᠎ᠢ ᠡᠶᠡᠳᠡᠭᠦᠯᠦᠨ ᠱᠢᠢᠳᠪᠦᠷᠢᠯᠡᠬᠦ᠌ ᠠᠵᠢᠯ᠎ᠲᠠᠢ ᠤᠶᠠᠯᠳᠤᠭᠤᠯᠤᠨ᠂ ᠬᠠᠮᠢᠶ᠎ᠠ ᠪᠥᠬᠦᠶ ᠲᠥᠷᠥ᠎ᠶ᠋ᠢᠨ ᠪᠣᠳᠣᠯᠭ᠎ᠠ ᠪᠠ ᠬᠥᠳᠡᠭᠡ ᠲᠣᠰᠭᠤᠨ᠎ᠤ ᠥᠯᠥ᠍ ᠬᠥᠳᠡᠯᠬᠦ᠌ ᠬᠥᠷᠥᠩᠭᠡ᠎ᠶ᠋ᠢᠨ ᠡᠷᠬᠡ᠎ᠶ᠋ᠢ ᠨᠤᠲᠠᠯᠠᠨ ᠲᠣᠭ᠍ᠲᠠᠭᠠᠵᠤ ᠳᠠᠩᠰᠠᠯᠠᠬᠤ ᠲᠥᠷᠥ᠎ᠶ᠋ᠢᠨ ᠪᠣᠳᠣᠯᠭ᠎ᠠ᠎ᠳᠤ ᠲᠠᠢᠯᠤᠮᠵᠢ ᠪᠠ ᠪᠣᠳᠠᠲᠤ ᠶᠠᠪᠤᠳᠠᠯ᠎ᠤᠨ ᠵᠠᠳᠠᠯᠤᠯᠲᠠ ᠬᠢᠵᠦ᠍᠂ ᠡᠶᠡᠳᠡᠭᠦᠯᠦᠨ ᠱᠢᠢᠳᠪᠦᠷᠢᠯᠡᠬᠦ᠌ ᠦᠨᠳᠦᠰᠦᠯᠡᠯ ᠪᠠ ᠪᠣᠳᠠᠲᠠᠶ ᠠᠵᠢᠯᠯᠠᠭᠠᠨ᠎ᠤ ᠴᠤᠪᠤᠷᠠᠯ᠎ᠢ ᠲᠣᠳᠣᠷᠬᠠᠶ ᠪᠣᠯᠭᠠᠵᠤ᠂ ᠦᠨᠳᠦᠰᠦᠨ ᠱᠠᠲᠤᠨ᠎ᠤ ᠳᠡᠩᠰᠡᠯᠡᠨ ᠲᠡᠮᠳᠡᠭ᠌ᠯᠡᠬᠦ᠌᠎ᠳᠤ ᠬᠦᠴᠢᠷᠲᠡᠶ ᠪᠠᠢᠬᠤ ᠲᠦᠭ᠌ᠵᠢᠷᠡᠯ᠎ᠢ ᠱᠢᠢᠳᠪᠦᠷᠢᠯᠡᠪᠡ᠃

  ᠪᠣᠯᠪᠠᠰᠤᠷᠠᠯ᠎ᠳᠤ᠂ ᠪᠥᠬᠦ᠌ ᠰᠤᠷᠤᠭ᠍ᠴᠢᠳ᠎ᠤᠨ ᠦᠮᠴᠢᠯᠡᠯ᠎ᠦᠨ ᠡᠷᠬᠡ᠎ᠶ᠋ᠢᠨ ᠬᠠᠮᠢᠶᠠᠷᠤᠯᠲᠠ ᠪᠠ ᠳᠡᠩᠰᠡᠯᠡᠨ ᠲᠡᠮᠳᠡᠭ᠌ᠯᠡᠬᠦ᠌ ᠪᠣᠳᠠᠲᠤ ᠶᠠᠪᠤᠳᠠᠯ᠎ᠤᠨ ᠪᠣᠳᠠᠲᠤ ᠪᠠᠢᠳᠠᠯ᠎ᠳᠤ ᠰᠠᠭᠤᠷᠢᠯᠠᠨ᠂ ᠰᠤᠷᠤᠯᠴᠠᠬᠤ᠎ᠳᠤ ᠰᠡᠳᠭᠢᠮᠵᠢ᠎ᠲᠠᠢ᠂ ᠰᠤᠷᠤᠯᠴᠠᠬᠤ᠎ᠳᠤ ᠬᠡᠷᠡᠭ᠌ᠴᠡᠭᠡ᠎ᠲᠠᠢ ᠪᠠᠢᠬᠤ ᠬᠡᠷᠡᠭ᠌ᠲᠡᠶ ᠭᠡᠵᠦ ᠱᠠᠭ᠋ᠠᠷᠳᠠᠵᠠᠢ᠃ ᠪᠣᠯᠪᠠᠰᠤᠷᠠᠯ᠎ᠳᠤ ᠣᠷᠣᠯᠴᠠᠭ᠍ᠰᠠᠨ ᠰᠤᠷᠤᠭ᠍ᠴᠢᠳ᠂ ᠲᠤᠰ ᠤᠳᠠᠭᠠᠨ᠎ᠤ ᠪᠣᠯᠪᠠᠰᠤᠷᠠᠯ᠎ᠤᠨ ᠠᠭᠤᠯᠭ᠎ᠠ᠎ᠨᠢ ᠡᠯᠪᠡᠭ ᠪᠠᠶᠠᠯᠢᠭ ᠪᠣᠳᠠᠲᠤ ᠬᠡᠷᠡᠭ᠌ᠴᠡᠭᠡ᠎ᠲᠠᠢ᠂ ᠬᠠᠨᠳᠤᠯᠭᠠᠲᠤ ᠴᠢᠨᠠᠷ ᠪᠠ ᠵᠢᠯᠣᠭᠤᠳᠭᠤ ᠴᠢᠨᠠᠷ᠎ᠢᠶᠠᠷ ᠴᠢᠩᠭ᠎ᠠ᠂ ᠨᠡᠢᠲᠡᠯᠢᠭ ᠲᠤᠷᠱᠢᠯᠭ᠎ᠠ᠎ᠶ᠋ᠢ ᠰᠤᠷᠴᠤ᠌ ᠲᠣᠯᠢᠳᠠᠬᠤ ᠲᠤᠯᠠ ᠲᠤᠬᠠᠢᠯᠠᠭ᠍ᠰᠠᠨ ᠠᠵᠢᠯ᠎ᠤᠨ ᠬᠡᠪ ᠴᠢᠨᠠᠷ ᠪᠠ ᠪᠣᠳᠠᠲᠤ ᠠᠵᠢᠯᠯᠠᠭᠠᠨ᠎ᠤ ᠴᠢᠳᠠᠪᠤᠷᠢ᠎ᠶ᠋ᠢ ᠪᠦᠲᠦᠮᠵᠢᠲᠡᠶ᠎ᠪᠠᠷ ᠳᠡᠭᠡᠭ᠌ᠰᠢᠯᠡᠭᠦᠯᠵᠡᠢ ᠭᠡᠵᠦ᠍ ᠢᠯᠡᠳᠭᠡᠵᠡᠭᠡᠪᠡ᠃ ᠲᠠᠷᠠᠭᠠᠴᠢ᠎ᠶ᠋ᠢᠨ ᠠᠯᠬᠤᠮ᠎ᠳᠤ᠂ ᠡᠯ᠎ᠡ ᠭᠠᠵᠠᠷ᠎ᠤᠨ᠎ᠬᠢᠨ ᠲᠣᠰ ᠤᠳᠠᠭᠠᠨ᠎ᠤ ᠪᠣᠯᠪᠠᠰᠤᠷᠠᠯ᠎ᠢᠶᠠᠷ ᠠᠵᠠ ᠲᠣᠬᠢᠶᠠᠯ ᠪᠣᠯᠭᠠᠵᠤ᠂ ᠥᠯᠥ᠍ ᠬᠥᠳᠡᠯᠬᠦ᠌ ᠬᠥᠷᠥᠩᠭᠡ᠎ᠶ᠋ᠢᠨ ᠳᠡᠩᠰᠡᠯᠡᠯᠲᠡ᠎ᠶ᠋ᠢᠨ ᠦᠶ᠋ᠯᠡᠴᠢᠯᠡᠭᠡᠨ᠎ᠤ ᠬᠢᠷᠢ ᠲᠦᠪᠱᠢᠨ᠎ᠢ ᠴᠢᠩᠭᠠᠳᠭᠠᠵᠤ᠂ ᠦᠮᠴᠢᠯᠡᠯ᠎ᠤᠨ ᠡᠷᠬᠡ᠎ᠶ᠋ᠢᠨ ᠬᠠᠮᠠᠭᠠᠯᠠᠯᠲᠠ᠎ᠶ᠋ᠢ ᠦᠨᠡᠨ ᠬᠦ᠌ ᠬᠠᠮᠠᠭᠠᠯᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠨ ᠨᠡᠮᠡᠷᠢᠯᠡᠨ᠎ᠡ᠃

  ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠬᠠᠮᠢᠶ᠎ᠠ ᠪᠥᠬᠦᠶ ᠭᠠᠵᠠᠷ ᠠᠯᠪᠠᠨ ᠲᠠᠰᠤᠭ ᠲᠣᠪᠴᠢᠶ᠎ᠠ᠂ ᠬᠡᠮᠵᠢᠨ ᠵᠢᠷᠤᠭᠯᠠᠯᠲᠠ ᠭᠠᠵᠠᠷ ᠵᠦᠶ᠎ᠶ᠋ᠢᠨ ᠮᠡᠳᠡᠭᠡ ᠵᠠᠩᠭᠢ᠎ᠶ᠋ᠢᠨ ᠲᠥᠪ᠎ᠤᠨ ᠬᠠᠮᠢᠶ᠎ᠠ ᠪᠥᠬᠦᠶ ᠲᠤᠬᠠᠢᠯᠠᠭ᠍ᠰᠠᠨ ᠠᠵᠢᠯ᠎ᠤᠨ ᠰᠠᠯᠠᠭ᠎ᠠ ᠮᠥᠴᠢᠷ᠎ᠤᠨ ᠬᠠᠷᠢᠭᠤᠴᠠᠯᠭᠠᠲᠠᠨ᠂ ᠡᠯ᠎ᠡ ᠠᠢᠮᠠᠭ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠶ᠋ᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠵᠢᠴᠢ ᠲᠤᠬᠠᠢᠯᠠᠭ᠍ᠰᠠᠨ ᠠᠵᠢᠯ᠎ᠤᠨ ᠭᠤᠤᠯᠯᠠᠭ᠍ᠴᠢ ᠬᠦᠴᠦᠨ ᠲᠣᠰ ᠤᠳᠠᠭᠠᠨ᠎ᠤ  ᠪᠣᠯᠪᠠᠰᠤᠷᠠᠯ᠎ᠳᠤ ᠣᠷᠣᠯᠴᠠᠪᠠ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ