ᠥᠪᠡᠷᠲᠡᠭᠡᠨ ᠵᠠᠰᠠᠬᠤ ᠣᠷᠣᠨ᠎ᠤ᠋ ᠨᠠᠮ᠎ᠤ᠋ᠨ ᠬᠣᠷᠢᠶᠠᠨ᠎ᠤ᠋ ᠠᠷᠪᠠᠨ ᠨᠢᠭᠡᠳᠦᠭᠡᠷ ᠬᠤᠭᠤᠴᠠᠭᠠᠨ᠎ᠤ᠋ ᠠᠷᠪᠠᠳᠤᠭᠠᠷ ᠪᠦᠭᠦᠳᠡ ᠬᠤᠷᠠᠯ᠎ᠤ᠋ᠨ ᠵᠣᠷᠢᠭ ᠰᠠᠨᠠᠭ᠎ᠠ᠎ᠶᠢ ᠬᠢᠨᠠᠮᠠᠭᠠᠢ ᠨᠠᠢᠳᠠᠪᠤᠷᠢᠵᠢᠭᠤᠯᠵᠤ ᠂ ᠬᠤᠳᠠᠯᠳᠤᠭ᠎ᠠ ᠡᠵᠡᠩᠨᠡᠬᠦ᠌ ᠣᠷᠴᠢᠨ ᠲᠣᠭᠣᠷᠢᠨ᠎ᠢ᠋ ᠤᠯᠠᠮ ᠨᠢᠭᠡ ᠠᠯᠬᠤᠮ ᠰᠢᠯᠢᠳᠡᠭᠵᠢᠭᠦᠯᠬᠦ᠎ᠶᠢᠨ ᠲᠤᠰᠠᠳᠠ᠂ 12 ᠳ᠋ᠤᠭ᠋ᠠᠷ ᠰᠠᠷ᠎ᠠ᠎ᠶᠢᠨ 12᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ᠋ ᠪᠠᠢᠭᠠᠯᠢ᠎ᠶᠢᠨ ᠡᠬᠢ ᠪᠠᠶᠠᠯᠢᠭ᠎ᠤ᠋ᠨ ᠲᠢᠩᠬᠢᠮ ᠪᠦᠬᠦ᠌ ᠣᠷᠣᠨ᠎ᠤ᠋ ᠡᠷᠬᠡ ᠣᠯᠭᠣᠭ᠍ᠰᠠᠨ ᠪᠠ ᠨᠠᠢᠳᠠᠵᠤ ᠭᠠᠵᠠᠷ ᠬᠡᠷᠡᠭ᠌ᠯᠡᠬᠦ᠌᠎ᠶᠢ ᠬᠢᠨᠠᠨ ᠵᠥᠪᠱᠢᠶᠡᠷᠡᠬᠦ᠌ ᠡᠷᠬᠡ᠎ᠶᠢᠨ ᠸᠢᠳᠢᠤ᠋᠎ᠶᠢᠨ ᠪᠣᠯᠪᠠᠰᠤᠷᠠᠯ᠎ᠤ᠋ᠨ ᠠᠩᠭᠢ ᠡᠷᠬᠢᠯᠡᠪᠡ᠃
ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠬᠠᠮᠢᠶ᠎ᠠ ᠪᠥᠬᠦᠶ ᠲᠤᠬᠠᠢᠯᠠᠭ᠍ᠰᠠᠨ ᠠᠵᠢᠯ᠎ᠤᠨ ᠭᠠᠵᠠᠷ ᠠᠯᠪᠠᠨ ᠬᠡᠷ ᠲᠣᠪᠴᠢᠶ᠎ᠠ ᠭᠠᠵᠠᠷ ᠬᠡᠷᠡᠭ᠌ᠯᠡᠬᠦ᠌᠎ᠶ᠋ᠢ ᠬᠢᠨᠠᠨ ᠪᠠᠢᠴᠠᠭᠠᠬᠤ ᠠᠵᠢᠯ᠎ᠤᠨ ᠲᠣᠭᠤᠷᠢᠨ᠎ᠳᠤ᠂ ᠭᠤᠤᠯᠳᠠᠯᠭ᠎ᠠ᠂ ᠪᠠᠢᠩᠭᠤ ᠲᠣᠬᠢᠶᠠᠯᠳᠤᠬᠤ ᠠᠰᠠᠭᠤᠳᠠᠯ ᠵᠢᠴᠢ ᠠᠩᠬᠠᠷᠬᠤ ᠵᠦᠶ᠋ᠯᠡᠰ᠎ᠢ ᠱᠢᠰᠲ᠋ᠧᠮ᠎ᠲᠠᠢ ᠲᠠᠢᠯᠪᠤᠷᠢᠯᠠᠬᠤ᠎ᠶ᠋ᠢᠨ ᠬᠠᠮᠲᠤ᠌᠂ ᠭᠠᠵᠠᠷ ᠬᠡᠷᠡᠭ᠌ᠯᠡᠬᠦ᠌᠎ᠶ᠋ᠢ ᠬᠢᠨᠠᠨ ᠵᠥᠪᠱᠢᠶᠡᠷᠡᠬᠦ᠌ ᠪᠣᠳᠠᠲᠠᠶ ᠴᠤᠪᠤᠷᠠᠯ᠂ ᠴᠣᠬᠤᠯᠠᠪᠤᠷᠢᠯᠠᠭ᠍ᠰᠠᠨ ᠲᠣᠪᠬᠢᠮᠤᠨ ᠵᠠᠭ᠍ᠪᠤᠷ ᠵᠡᠷᠭᠡ ᠵᠠᠩᠭᠢᠯᠠᠭ᠎ᠠ᠎ᠶ᠋ᠢᠨ ᠠᠭᠤᠯᠭ᠎ᠠ᠎ᠶ᠋ᠢᠨ ᠲᠤᠬᠠᠶ ᠨᠠᠷᠢᠨ ᠲᠠᠢᠯᠤᠮᠵᠢ ᠬᠢᠵᠦ᠍᠂ ᠬᠤᠲᠠ ᠪᠠᠯᠭᠠᠰᠤ ᠲᠣᠰᠭᠤᠨ᠎ᠤ ᠪᠦᠯᠦᠭ ᠤᠳᠠᠭ᠎ᠠ᠎ᠶ᠋ᠢᠨ ᠭᠠᠵᠠᠷ ᠱᠢᠷᠣᠶ᠎ᠶ᠋ᠢ ᠱᠢᠯᠵᠢᠭᠦᠯᠦᠨ ᠬᠡᠷᠡᠭ᠌ᠯᠡᠬᠦ᠌ ᠪᠠ ᠲᠠᠲᠠᠪᠤᠷᠢᠯᠠᠨ ᠬᠢᠨᠠᠨ ᠵᠥᠪᠱᠢᠶᠡᠷᠡᠬᠦ᠌ ᠡᠯ᠎ᠡ ᠵᠦᠶ᠋ᠯ᠎ᠤᠨ ᠬᠢᠨᠠᠨ ᠪᠠᠢᠴᠠᠭᠠᠬᠤ ᠪᠠᠷᠢᠮᠵᠢᠶ᠎ᠠ᠎ᠶ᠋ᠢ ᠤᠯᠠᠮ ᠨᠢᠭᠡ ᠠᠯᠬᠤᠮ ᠲᠣᠳᠣᠷᠬᠠᠢᠯᠠᠪᠠ᠃
ᠪᠣᠯᠪᠠᠰᠤᠷᠠᠯ᠎ᠳᠤ᠂ ᠡᠯ᠎ᠡ ᠠᠢᠮᠠᠭ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠦᠵᠡᠯ ᠰᠠᠨᠠᠭ᠎ᠠ ᠲᠠᠨᠢᠯᠲᠠ᠎ᠪᠠᠨ ᠳᠡᠭᠡᠭ᠌ᠰᠢᠯᠡᠭᠦᠯᠵᠦ᠍᠂ ᠭᠠᠵᠠᠷ ᠬᠡᠷᠡᠭ᠌ᠯᠡᠬᠦ᠌᠎ᠶ᠋ᠢ ᠬᠢᠨᠠᠨ ᠪᠠᠢᠴᠠᠭᠠᠬᠤ ᠠᠵᠢᠯ᠎ᠤᠨ ᠲᠣᠭ᠍ᠲᠠᠴᠠ᠎ᠶ᠋ᠢ ᠲᠠᠰᠤᠷᠠᠯᠲᠠ ᠥᠬᠡᠶ ᠪᠦᠷᠢᠨᠱᠢᠬᠦᠯᠵᠦ᠍᠂ ᠬᠤᠲᠠ᠂ ᠱᠢᠶᠠᠨ᠎ᠤ 《ᠬᠤᠶᠠᠷ ᠱᠠᠲᠤ》 ᠶ᠋ᠢᠨ ᠭᠠᠵᠠᠷ ᠬᠡᠷᠡᠭ᠌ᠯᠡᠬᠦ᠌᠎ᠶ᠋ᠢ ᠬᠢᠨᠠᠨ ᠵᠥᠪᠱᠢᠶᠡᠷᠡᠬᠦ᠌ ᠲᠤᠬᠠᠢᠯᠠᠭ᠍ᠰᠠᠨ ᠠᠵᠢᠯ᠎ᠤᠨ ᠪᠣᠯᠪᠠᠰᠤᠷᠠᠯ ᠪᠠ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠂ ᠭᠠᠵᠠᠷ ᠬᠡᠷᠡᠭ᠌ᠯᠡᠬᠦ᠌᠎ᠶ᠋ᠢ ᠬᠢᠨᠠᠨ ᠵᠥᠪᠱᠢᠶᠡᠷᠡᠬᠦ᠌ ᠶᠠᠰᠤ ᠴᠢᠨᠠᠷ ᠦᠷ᠎ᠡ ᠪᠦᠲᠦᠮᠵᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠬᠦ᠌ ᠬᠡᠷᠡᠭ᠌ᠲᠡᠶ᠃ ᠬᠠᠤᠯᠢ ᠲᠣᠭ᠍ᠲᠠᠭᠠᠯ ᠶᠣᠰᠣᠭᠠᠷ ᠬᠢᠨᠠᠨ ᠵᠥᠪᠱᠢᠶᠡᠷᠡᠬᠦ᠌ ᠠᠵᠢᠯ᠎ᠢ ᠥᠷᠨᠢᠭᠦᠯᠵᠦ᠍᠂ ᠲᠠᠷᠢᠶᠠᠨ ᠭᠠᠵᠠᠷ ᠪᠠ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠂ ᠬᠤᠲᠠ ᠪᠠᠯᠭᠠᠰᠤᠨ᠎ᠤ ᠨᠡᠭᠡᠭᠡᠨ ᠬᠥᠭ᠌ᠵᠢᠭᠦᠯᠬᠦ᠌ ᠵᠠᠭᠠᠭ ᠬᠢᠵᠠᠭᠠᠷ᠎ᠤᠨ 《ᠭᠤᠷᠪᠠᠨ ᠬᠢᠵᠠᠭᠠᠷᠯᠠᠬᠤ ᠱᠤᠭᠤᠮ》 ᠢ ᠴᠢᠩᠭ᠎ᠠ ᠰᠠᠬᠢᠵᠤ᠂ ᠭᠠᠵᠠᠷ ᠱᠢᠷᠣᠶ᠎ᠶ᠋ᠢᠨ ᠠᠱᠢᠭ᠍ᠯᠠᠯᠲᠠ ᠨᠡᠭᠡᠭᠡᠨ ᠬᠥᠭ᠌ᠵᠢᠭᠦᠯᠦᠯᠲᠡ᠎ᠶ᠋ᠢ ᠬᠠᠮᠢᠶᠠᠷᠤᠨ ᠡᠵᠡᠮᠳᠡᠬᠦ᠌ ᠱᠠᠭᠠᠷᠳᠠᠯᠭ᠎ᠠ᠎ᠳᠤ ᠨᠡᠢᠴᠡᠭᠦᠯᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠨ ᠰᠠᠢᠵᠢᠷᠠᠭᠤᠯᠵᠤ᠂ ᠦᠢᠯᠡᠴᠢᠯᠡᠭᠡᠨ᠎ᠤ ᠴᠢᠳᠠᠪᠤᠷᠢ ᠪᠣᠯᠤᠨ ᠲᠦᠪᠱᠢᠨ᠎ᠢᠶᠠᠨ ᠲᠠᠰᠤᠷᠠᠯᠲᠠ ᠦᠭᠡᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠤᠨ ᠴᠢᠨᠠᠷ ᠰᠠᠢᠲᠠᠢ ᠬᠥᠭ᠌ᠵᠢᠯᠲᠡ᠎ᠳᠤ ᠪᠠᠢᠭᠠᠯᠢ᠎ᠶ᠋ᠢᠨ ᠡᠬᠢ ᠪᠠᠶᠠᠯᠢᠭ᠎ᠤᠨ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ ᠭᠡᠵᠦ᠍ ᠱᠠᠭ᠋ᠠᠷᠳᠠᠪᠠ᠃
ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠬᠠᠮᠢᠶ᠎ᠠ ᠪᠥᠬᠦᠶ ᠭᠠᠵᠠᠷ ᠠᠯᠪᠠᠨ ᠬᠡᠷ ᠲᠣᠪᠴᠢᠶ᠎ᠠ᠂ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ ᠬᠦᠷᠢᠶᠡᠯᠡᠩ᠎ᠤᠨ ᠬᠠᠮᠢᠶ᠎ᠠ ᠪᠥᠬᠦᠶ ᠬᠥᠮᠦᠰ᠂ ᠡᠯ᠎ᠡ ᠠᠢᠮᠠᠭ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠶ᠋ᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠵᠢᠴᠢ ᠭᠠᠵᠠᠷ ᠬᠡᠷᠡᠭ᠌ᠯᠡᠬᠦ᠌᠎ᠶ᠋ᠢ ᠬᠢᠨᠠᠨ ᠪᠠᠢᠴᠠᠭᠠᠬᠤ ᠠᠵᠢᠯᠲᠠᠳ ᠬᠤᠷᠠᠯ᠎ᠳᠤ ᠤᠷᠤᠯᠴᠠᠪᠠ᠃