ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠬᠤᠷᠠᠯ ᠡᠷᠬᠢᠯᠡᠪᠡ
2025-12-12

  ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠠᠢᠯᠪᠤᠷᠢᠯᠠᠬᠤ ᠠᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠬᠤ᠎ᠶ᠋ᠢᠨ ᠲᠥᠯᠥᠭᠡ᠂ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠠᠵᠢᠯ᠎ᠤᠨ ᠲᠣᠬᠢᠷᠠᠭᠤᠯᠤᠯᠲᠠ ᠶᠣᠰᠣᠭᠠᠷ᠂ 12 ᠳ᠋ᠤᠭᠠᠷ ᠰᠠᠷ᠎ᠠ᠎ᠶ᠋ᠢᠨ 12 ᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠬᠤᠷᠠᠯ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ᠎ᠶ᠋ᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠬᠤᠶᠠᠳᠤᠭᠠᠷ ᠳᠡᠰ᠎ᠤᠨ ᠰᠤᠳᠤᠯᠤᠭ᠍ᠴᠢ ᠰᠢᠦ ᠴᠠᠩ ᠪᠠᠶ ᠫᠷᠤᠹᠧᠰᠰᠤᠷ ᠤᠷᠢᠯᠭ᠎ᠠ᠎ᠪᠠᠷ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠠ᠃ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ  ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠭᠦᠸᠧ ᠱᠢᠨ ᠢᠦᠶ ᠬᠤᠷᠠᠯ᠎ᠢ ᠡᠷᠭᠢᠯᠡᠪᠡ᠃

 

 

  ᠲᠤᠰ ᠤᠳᠠᠭᠠᠨ᠎ᠤ ᠤᠬᠠᠭᠤᠯᠤᠨ ᠲᠠᠢᠯᠪᠤᠷᠢᠯᠠᠯᠲᠠ᠎ᠨᠢ 《ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭ᠍ᠰᠠᠨ ᠥᠪᠥᠷ ᠮᠣᠩᠭᠤᠯ᠎ᠤᠨ ᠱᠢᠨ᠎ᠡ ᠬᠠᠭᠤᠳᠠᠰᠤ᠎ᠶ᠋ᠢ ᠰᠠᠢᠲᠤᠷ ᠪᠢᠴᠢᠭ᠌ᠯᠡᠶ᠎ᠡ》 ᠭᠡᠬᠦ᠌ ᠰᠡᠳᠦᠪ᠎ᠢᠶᠠᠷ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭᠠᠨ᠎ᠤ ᠴᠢᠬᠤᠯᠠ ᠶᠡᠭᠡ ᠠᠴᠢ ᠬᠤᠯᠪᠣᠭ᠍ᠳᠠᠯ ᠪᠠ 《ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠰᠠᠨᠠᠭᠤᠯᠭ᠎ᠠ》 ᠎ᠶ᠋ᠢᠨ ᠪᠠᠶᠠᠯᠢᠭ ᠠᠭᠤᠯᠤᠭ᠍ᠳᠠᠬᠤᠨ᠂ ᠵᠣᠷᠢᠭ ᠰᠠᠨᠠᠭᠠᠨ᠎ᠤ ᠮᠥᠨ ᠴᠢᠨᠠᠷ᠂ ᠦᠢᠯᠡᠳᠦᠯᠭᠡ᠎ᠶ᠋ᠢᠨ ᠱᠠᠭᠠᠷᠳᠠᠯᠭ᠎ᠠ ᠵᠡᠷᠭᠡ᠎ᠶ᠋ᠢᠨ ᠲᠣᠭᠤᠷᠢᠨ᠎ᠳᠤ᠂ 《ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠶ᠋ᠢ ᠨᠠᠢᠳᠠᠪᠤᠷᠢᠵᠢᠭᠤᠯᠬᠤ ᠬᠠᠷᠠᠯᠲᠠ ᠡᠭᠦᠷᠭᠡ ᠪᠠ ᠪᠣᠳᠠᠲᠠᠶ ᠠᠷᠭ᠎ᠠ ᠬᠡᠮᠵᠢᠶ᠎ᠡ᠎ᠶ᠋ᠢ ᠭᠦᠨᠵᠡᠭᠡᠶ ᠲᠠᠢᠯᠪᠤᠷᠢᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠪᠠ ᠪᠠᠢᠭᠠᠯᠢ᠎ᠶ᠋ᠢᠨ ᠡᠬᠢ ᠪᠠᠶᠠᠯᠢᠭ᠎ᠤᠨ ᠠᠵᠢᠯ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠤᠨ᠂ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠤᠬᠠᠶ ᠠᠷᠭ᠎ᠠ ᠵᠠᠮ᠎ᠢ ᠪᠥᠬᠦ᠌ ᠲᠠᠯ᠎ᠠ᠎ᠪᠠᠷ ᠲᠤᠭᠤᠱᠢᠯᠠᠭᠤᠯᠤᠨ ᠨᠠᠢ᠌ᠳᠠᠪᠤᠷᠢᠵᠢᠭᠤᠯᠪᠠ᠃

 

 

  ᠬᠤᠷᠠᠯ᠎ᠠᠴᠠ᠂ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠵᠤ᠂ ᠰᠠᠢᠲᠤᠷ ᠤᠬᠠᠭᠤᠯᠵᠤ᠂ ᠰᠠᠢᠲᠤᠷ ᠲᠤᠭᠤᠱᠢᠯᠠᠭᠤᠯᠬᠤ ᠪᠣᠯ ᠣᠳᠣᠬᠠᠨ᠎ᠤ ᠪᠠ ᠬᠤᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠶᠡᠭᠡ ᠤᠯᠤᠰ ᠲᠦᠷᠦ᠍᠎ᠶ᠋ᠢᠨ ᠡᠭᠦᠷᠭᠡ ᠪᠣᠯᠤᠨ᠎ᠠ᠃ ᠪᠦᠬᠦ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠱᠢᠰᠲ᠋ᠧᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠲᠤᠰ ᠤᠳᠠᠭ᠎ᠠ᠎ᠶ᠋ᠢᠨ ᠤᠬᠠᠭᠤᠯᠤᠨ ᠲᠠᠢᠯᠪᠤᠷᠢᠯᠠᠬᠤ᠎ᠪᠠᠷ ᠠᠵᠠ ᠲᠣᠬᠢᠶᠠᠯ ᠪᠣᠯᠭᠠᠵᠤ᠂ ᠪᠦᠬᠦ᠌ ᠠᠵᠢᠯᠳᠠᠨ᠎ᠤ ᠰᠤᠷᠤᠯᠴᠠᠯᠭ᠎ᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠤᠨᠤᠯ ᠰᠤᠷᠤᠯᠴᠠᠬᠤ ᠭᠤᠣᠯ ᠳᠤᠭᠤᠢᠯᠠᠩ᠎ᠤᠨ ᠵᠢᠱ᠌ᠢᠶ᠎ᠡ ᠦᠵᠡᠭᠦᠯᠵᠦ᠍ ᠳᠠᠢᠴᠢᠯᠠᠬᠤ ᠦᠢᠯᠡᠳᠦᠯ᠎ᠢ ᠪᠠᠳᠠᠷᠠᠭᠤᠯᠵᠤ᠂ 《ᠭᠤᠷᠪᠠᠨ ᠬᠤᠷᠠᠯ ᠨᠢᠭᠡ ᠬᠢᠴᠢᠶᠡᠯ》᠂ ᠵᠠᠯᠠᠭᠤᠴᠤᠳ᠎ᠤᠨ ᠤᠨᠤᠯ᠎ᠤᠨ ᠰᠤᠷᠤᠯᠴᠠᠯᠭ᠎ᠠ᠎ᠶ᠋ᠢᠨ ᠳᠤᠭᠤᠢᠯᠠᠩ ᠵᠡᠷᠭᠡ ᠬᠡᠯᠪᠡᠷᠢ᠎ᠪᠠᠷ ᠲᠤᠰᠭᠠᠢ ᠰᠡᠳᠦᠪᠲᠦ ᠰᠤᠷᠤᠯᠴᠠᠯᠭ᠎ᠠ ᠪᠠ ᠰᠤᠳᠤᠯᠤᠨ ᠶᠠᠷᠢᠯᠴᠠᠬᠤ᠎ᠶ᠋ᠢ ᠦᠷᠨᠢᠭᠦᠯᠪᠡ;  ᠪᠥᠬᠦ᠌ ᠨᠠᠮ᠎ᠤᠨ ᠭᠡᠱᠢᠭᠦᠨ ᠺᠠᠳ᠋ᠷᠴᠤᠳ᠎ᠢ ᠬᠠᠮᠤᠷᠤᠭ᠍ᠰᠠᠨ ᠱᠠᠲᠤ ᠲᠥᠷᠥᠯ ᠬᠤᠪᠢᠶᠠᠨ ᠲᠥᠪᠯᠡᠷᠡᠭᠦᠯᠦᠨ ᠬᠥᠮᠦᠵᠢᠯ ᠪᠣᠯᠪᠠᠰᠤᠷᠠᠯ᠎ᠢ ᠯᠠᠪᠳᠠᠭᠤᠨ ᠪᠠᠲᠤᠲᠠᠶ ᠥᠷᠨᠢᠭᠦᠯᠬᠦ᠌ ᠬᠡᠷᠡᠭ᠌ᠲᠡᠶ; ᠤᠬᠠᠭᠤᠯᠤᠨ ᠲᠠᠢᠯᠪᠤᠷᠢᠯᠠᠬᠤ᠎ᠶ᠋ᠢ ᠥᠷᠭᠡᠨ᠎ᠢᠶᠠᠷ ᠥᠷᠨᠢᠭᠦᠯᠵᠦ᠍᠂ ᠰᠤᠷᠤᠯᠴᠠᠬᠤ ᠭᠦᠨ ᠵᠤᠵᠠᠭᠠᠨ ᠠᠭᠤᠷ ᠠᠮᠢᠰᠭᠤᠯ᠎ᠢ ᠪᠤᠢ ᠪᠣᠯᠭᠠᠬᠤ ᠬᠡᠷᠡᠭ᠌ᠲᠡᠢ; ᠰᠤᠷᠴᠤ᠌ ᠬᠡᠷᠡᠭ᠌ᠯᠡᠬᠦ᠌᠎ᠶ᠋ᠢ ᠤᠶᠠᠯᠳᠤᠭᠤᠯᠬᠤ᠎ᠶ᠋ᠢ ᠬᠦᠴᠦᠯᠡᠨ ᠠᠬᠢᠭᠤᠯᠵᠤ᠂ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠂ 《ᠨᠠᠮ᠎ᠤᠨ ᠠᠴᠢ᠎ᠳᠤ ᠲᠠᠯᠠᠷᠬᠠᠵᠦ᠂ ᠨᠠᠮ᠎ᠤᠨ ᠦᠭᠡ᠎ᠶᠢ ᠰᠤᠨᠤᠰᠴᠦ᠂ ᠨᠠᠮ᠎ᠢᠶᠠᠨ ᠳᠠᠭᠠᠨ ᠤᠷᠤᠭᠰᠢᠯᠠᠬᠤ》 ᠤᠯᠠᠨ ᠲᠦᠮᠡᠨ᠎ᠤ ᠬᠥᠮᠦᠵᠢᠯ᠎ᠢ ᠠᠬᠢᠭᠤᠯᠬᠤ᠂ ᠨᠠᠮ᠎ᠤᠨ ᠪᠠᠢᠭᠤᠯᠤᠯᠲᠠ᠎ᠶ᠋ᠢᠨ ᠲᠦᠷᠦᠯ ᠲᠡᠮᠳᠡᠭ᠎ᠢ ᠡᠭᠦᠳᠦᠨ ᠪᠠᠢᠭᠤᠯᠬᠤ ᠵᠢᠴᠢ ᠪᠠᠢᠭᠠᠯᠢ᠎ᠶ᠋ᠢᠨ ᠡᠬᠢ ᠪᠠᠶᠠᠯᠢᠭ᠎ᠤᠨ ᠬᠦᠷᠢᠶᠡᠨ᠎ᠤ ᠡᠯ᠎ᠡ ᠵᠦᠢᠯ᠎ᠤᠨ ᠭᠤᠣᠯᠳᠠᠯᠭ᠎ᠠ᠎ᠲᠠᠢ ᠡᠭᠦᠷᠭᠡ᠎ᠶ᠋ᠢ ᠨᠢᠭ᠍ᠲᠠ ᠤᠶᠠᠯᠳᠤᠭᠤᠯᠵᠤ᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠦᠨᠡᠨ ᠬᠦ᠌ ᠪᠠᠢᠭᠠᠯᠢ᠎ᠶ᠋ᠢᠨ ᠡᠬᠢ ᠪᠠᠶᠠᠯᠢᠭ᠎ᠤᠨ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃

  ᠲᠤᠰ ᠤᠳᠠᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠬᠤᠷᠠᠯ᠎ᠢ ᠡᠷᠬᠢᠯᠡᠭ᠌ᠰᠡᠨ᠎ᠨᠢ ᠪᠦᠬᠦ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠱᠢᠰᠲ᠋ᠧᠮ᠎ᠤᠨ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠨᠣᠮ ᠤᠩᠱᠢᠬᠤ ᠠᠩᠬᠢ ᠵᠢᠩᠬᠢᠨᠢ᠎ᠪᠠᠷ ᠡᠬᠢᠯᠡᠭ᠌ᠰᠡᠨ᠎ᠢ ᠬᠠᠷᠠᠭᠤᠯᠵᠤ ᠪᠠᠢᠨ᠎ᠠ᠃ ᠲᠤᠰ ᠡᠳᠦᠷ᠎ᠤᠨ ᠦᠳᠡ᠎ᠶ᠋ᠢᠨ ᠬᠤᠢᠨ᠎ᠠ᠂ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠨᠠᠮ᠎ᠤᠨ ᠭᠡᠱᠢᠭᠦᠨ ᠺᠠᠳ᠋ᠷᠴᠤᠳ᠎ᠢ ᠵᠣᠬᠢᠶᠠᠨ ᠪᠠᠢᠭᠤᠯᠤᠨ ᠥᠪᠡᠰᠦᠪᠡᠨ ᠰᠤᠷᠤᠯᠴᠠᠬᠤ᠎ᠶ᠋ᠢ ᠥᠷᠨᠢᠭᠦᠯᠵᠦ᠍᠂ ᠬᠤᠯᠪᠣᠭ᠍ᠳᠠᠯ ᠪᠦᠬᠦᠢ ᠪᠢᠴᠢᠭ ᠮᠠᠲ᠋ᠧᠷᠢᠶᠠᠯ ᠪᠣᠯᠤᠨ ᠬᠠᠮᠢᠶ᠎ᠠ ᠪᠦᠬᠦᠢ ᠰᠤᠷᠤᠯᠴᠠᠯᠭ᠎ᠠ᠎ᠶ᠋ᠢᠨ ᠬᠠᠪᠰᠤᠷᠤᠨ ᠵᠢᠯᠣᠭᠤᠳᠭᠤ ᠪᠢᠴᠢᠭ᠎ᠢ ᠭᠦᠨᠵᠡᠭᠡᠢ ᠰᠤᠳᠤᠯᠤᠨ ᠤᠩᠱᠢᠵᠤ᠂ ᠳᠠᠷᠠᠭᠠᠴᠢ᠎ᠶ᠋ᠢᠨ ᠠᠯᠬᠤᠮ᠎ᠤᠨ ᠰᠤᠳᠤᠯᠤᠨ ᠶᠠᠷᠢᠯᠴᠠᠬᠤ᠎ᠳᠤ ᠭᠦᠢᠴᠡᠳ ᠬᠢᠴᠢᠶᠡᠯ ᠤᠷᠤᠪᠠ᠃

  ᠲᠣᠰ ᠤᠳᠠᠭᠠᠨ᠎ᠤ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠬᠤᠷᠠᠯ᠎ᠢ ᠲᠢᠩᠬᠢᠮ᠎ᠤᠨ ᠪᠠᠢᠭᠤᠯᠭ᠎ᠠ᠎ᠳᠤ ᠭᠤᠤᠯ ᠬᠤᠷᠠᠯ᠎ᠤᠨ ᠲᠠᠯᠠᠪᠠᠶ ᠭᠠᠷᠭᠠᠵᠤ᠂ ᠪᠠᠢᠭᠠᠯᠢ᠎ᠶ᠋ᠢᠨ ᠮᠦᠽᠧᠶ᠎ᠳᠤ ᠬᠤᠪᠢᠶᠠᠷᠢ ᠬᠤᠷᠠᠯ᠎ᠤᠨ ᠲᠠᠯᠠᠪᠠᠶ ᠭᠠᠷᠭᠠᠪᠠ᠃ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠲᠢᠩᠬᠢᠮ᠎ᠤᠨ ᠪᠠᠢᠭᠤᠯᠭ᠎ᠠ᠂ ᠲᠢᠩᠬᠢᠮ᠎ᠤᠨ ᠬᠠᠷᠢᠶ᠎ᠠ ᠠᠵᠤ ᠠᠬᠤᠢᠯᠠᠯ ᠠᠵᠢᠯ ᠦᠢᠯᠡᠰ᠎ᠤᠨ ᠨᠢᠭᠡᠴᠢ᠎ᠶ᠋ᠢᠨ ᠺᠠᠳ᠋ᠷ ᠠᠵᠢᠯᠲᠠᠨ ᠨᠡᠢᠲᠡ 300 ᠭᠠᠷᠤᠶ ᠬᠥᠮᠦᠨ ᠣᠷᠣᠯᠴᠠᠵᠠᠶ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ