2025 ᠣᠨ᠎ᠤ ᠪᠥᠬᠦ᠌ ᠣᠷᠣᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠤᠨ ᠬᠠᠮᠠᠭᠠᠯᠠᠯᠲᠠ᠎ᠶ᠋ᠢᠨ ᠬᠠᠮᠲᠤᠷᠠᠭ᠍ᠰᠠᠨ ᠠᠵᠢᠯ᠎ᠤᠨ ᠬᠤᠷᠠᠯ ᠬᠥᠬᠡᠬᠤᠲᠠ᠎ᠳᠤ ᠬᠤᠷᠠᠯᠳᠤᠪᠠ
2025-12-16

   《ᠪᠥᠬᠦ᠌ ᠣᠷᠣᠨ᠎ᠤ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠤᠨ ᠬᠠᠮᠠᠭᠠᠯᠠᠯᠲᠠ᠎ᠶᠢ ᠤᠯᠠᠮ ᠨᠢᠭᠡ ᠠᠯᠬᠤᠮ ᠴᠢᠩᠭᠠᠳᠭᠠᠬᠤ ᠲᠤᠬᠠᠶ ᠮᠡᠳᠡᠭ᠌ᠳᠡᠯ》 ᠎ᠤᠨ ᠬᠤᠯᠪᠣᠭ᠍ᠳᠠᠯ ᠪᠥᠬᠦᠶ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠤᠨ ᠬᠠᠮᠠᠭᠠᠯᠠᠯᠲᠠ᠎ᠶ᠋ᠢᠨ ᠠᠵᠢᠯ᠎ᠢ ᠤᠯᠠᠮ ᠨᠢᠭᠡ ᠠᠯᠬᠤᠮ ᠴᠢᠩᠭᠠᠳᠭᠠᠨ᠂ ᠰᠠᠯᠠᠭ᠎ᠠ ᠮᠥᠴᠢᠷ᠎ᠤᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠬᠠᠮᠠᠭᠠᠯᠠᠯᠲᠠ ᠬᠠᠮᠢᠶᠠᠷᠤᠯᠲᠠ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠬᠦ᠌᠎ᠶ᠋ᠢᠨ ᠲᠤᠰᠠᠳᠠ᠂ 12 ᠳ᠋ᠤᠭᠠᠷ ᠰᠠᠷ᠎ᠠ᠎ᠶ᠋ᠢᠨ 16 ᠎ᠤ ᠡᠳᠦᠷ᠂ 2025 ᠣᠨ᠎ᠤ ᠪᠥᠬᠦ᠌ ᠣᠷᠣᠨ᠎ᠤ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠤᠨ ᠬᠠᠮᠠᠭᠠᠯᠠᠯᠲᠠ᠎ᠶ᠋ᠢᠨ ᠬᠠᠮᠲᠤᠷᠠᠭ᠍ᠰᠠᠨ ᠠᠵᠢᠯ᠎ᠤᠨ ᠬᠤᠷᠠᠯ᠎ᠢ ᠥᠪᠥᠷ ᠮᠣᠩᠭᠤᠯ᠎ᠤᠨ ᠪᠠᠢᠭᠠᠯᠢ᠎ᠶ᠋ᠢᠨ ᠮᠦᠽᠧᠶ᠎ᠳᠤ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠶᠢᠩ ᠳ᠋ᠡ ᠬᠤᠷᠠᠯ᠎ᠢ ᠡᠷᠭᠢᠯᠡᠪᠡ᠃

 

 

  ᠬᠤᠷᠠᠯ ᠳᠡᠭᠡᠷ᠎ᠡ᠂ ᠨᠢᠩᠴᠧᠩ᠂ ᠣᠷᠳᠣᠰ᠂ ᠪᠠᠶᠠᠨᠨᠠᠭᠤᠷ᠂ ᠳᠥᠷᠪᠡᠳ ᠬᠤᠱᠢᠭᠤ᠂ ᠰᠥᠨᠢᠳ ᠵᠡᠭᠦᠨ ᠬᠤᠱᠢᠭᠤ᠂ ᠡᠷᠢᠶᠡᠨ ᠬᠤᠲᠠ᠎ᠶ᠋ᠢᠨ ᠤᠯᠤᠰ᠎ᠤᠨ ᠲᠠᠰ᠎ᠤᠨ ᠭᠤᠤᠯᠳᠠᠯᠭ᠎ᠠ᠎ᠲᠠᠢ ᠬᠠᠮᠠᠭᠠᠯᠠᠬᠤ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠤᠨ ᠬᠠᠮᠠᠭᠠᠯᠠᠯᠲᠠ᠎ᠶ᠋ᠢᠨ ᠠᠵᠢᠯ᠎ᠤᠨ ᠪᠠᠢᠳᠠᠯ᠎ᠢ ᠬᠠᠷᠢᠭᠤ ᠮᠡᠳᠡᠭᠦᠯᠵᠦ᠍᠂ ᠦᠬᠠᠶ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠠᠴᠠ ᠤᠳᠠ ᠶ᠋ᠢᠨ ᠫᠸᠷᠮᠢ ᠭᠠᠯᠪᠠ᠎ᠶᠢᠨ ᠤᠷᠭᠤᠮᠠᠯ ᠬᠤᠴᠢᠯᠭ᠎ᠠ᠎ᠶᠢᠨ ᠴᠢᠯᠠᠭᠤᠵᠢᠮᠠᠯ᠎ᠤᠨ ᠬᠠᠮᠠᠭᠠᠯᠠᠯᠲᠠ᠎ᠶ᠋ᠢᠨ ᠠᠵᠢᠯ᠎ᠤᠨ ᠪᠠᠢᠳᠠᠯ᠎ᠢ ᠬᠠᠷᠢᠭᠤ ᠮᠡᠳᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠤᠨ ᠭᠠᠷᠤᠯᠲᠠ᠎ᠶ᠋ᠢᠨ ᠣᠷᠣᠨ᠎ᠤ ᠬᠠᠮᠠᠭᠠᠯᠠᠯᠲᠠ᠎ᠶ᠋ᠢᠨ ᠠᠵᠢᠯ᠎ᠤᠨ ᠪᠠᠢᠳᠠᠯ᠎ᠢ ᠵᠠᠷᠯᠠᠨ ᠮᠡᠳᠡᠭ᠌ᠳᠡᠵᠦ᠍᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠨᠢ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠤᠨ ᠭᠠᠷᠤᠯᠲᠠ᠎ᠶ᠋ᠢᠨ ᠣᠷᠣᠨ᠎ᠢ ᠬᠠᠮᠠᠭᠠᠯᠠᠬᠤ ᠠᠵᠢᠯ᠎ᠢ ᠥᠷᠨᠢᠭᠦᠯᠦᠭ᠌ᠰᠡᠨ ᠪᠠᠢᠳᠠᠯ᠎ᠢ ᠣᠢᠯᠠᠭᠠᠵᠤ᠂ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠤᠨ ᠭᠠᠷᠤᠯᠲᠠ᠎ᠶ᠋ᠢᠨ ᠣᠷᠣᠨ᠎ᠢ ᠬᠠᠮᠠᠭᠠᠯᠠᠬᠤ ᠠᠵᠢᠯ᠎ᠢ ᠦᠷᠭᠦᠯᠵᠢᠯᠡᠨ ᠥᠷᠨᠢᠭᠦᠯᠵᠦ᠍᠂ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠎ᠲᠠᠢ ᠢᠳᠡᠪᠬᠢᠲᠡᠶ ᠬᠠᠮᠵᠢᠯᠴᠠᠨ ᠬᠡᠷᠡᠭ᠎ᠲᠤ ᠬᠤᠯᠪᠣᠭ᠍ᠳᠠᠭ᠍ᠰᠠᠨ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠤᠨ ᠬᠢᠨᠠᠨ ᠲᠣᠭ᠍ᠲᠠᠭᠠᠯᠲᠠ᠎ᠶ᠋ᠢ ᠥᠷᠨᠢᠭᠦᠯᠵᠦ᠍᠂ ᠦᠬᠠᠶ᠎ᠶ᠋ᠢᠨ ᠫᠸᠷᠮᠢ ᠭᠠᠯᠪᠠ᠎ᠶᠢᠨ ᠤᠷᠭᠤᠮᠠᠯ ᠬᠤᠴᠢᠯᠭ᠎ᠠ᠎ᠶᠢᠨ ᠴᠢᠯᠠᠭᠤᠵᠢᠮᠠᠯ᠎ᠤᠨ ᠬᠠᠮᠠᠭᠠᠯᠠᠯᠲᠠ᠎ᠶ᠋ᠢᠨ ᠠᠵᠢᠯ᠎ᠢ ᠦᠷᠭᠦᠯᠵᠢᠯᠡᠨ ᠰᠠᠢᠲᠤᠷ ᠬᠢᠵᠦ᠍᠂ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠤᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠡᠷᠴᠢᠮ᠎ᠢ ᠪᠥᠬᠦ᠌ ᠲᠠᠯ᠎ᠠ᠎ᠪᠠᠷ ᠴᠢᠩᠭᠠᠳᠭᠠᠵᠤ᠂ 2025 ᠣᠨ᠎ᠤ ᠪᠥᠬᠦ᠌ ᠣᠷᠣᠨ᠎ᠤ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠤᠨ ᠬᠠᠮᠠᠭᠠᠯᠠᠯᠲᠠ᠎ᠶ᠋ᠢᠨ ᠠᠵᠢᠯ᠎ᠤᠨ ᠶᠡᠷᠦᠩᠬᠡᠶ ᠪᠠᠢᠳᠠᠯ᠎ᠢ ᠪᠥᠬᠦ᠌ ᠲᠠᠯ᠎ᠠ᠎ᠪᠠᠷ ᠮᠡᠳᠡᠭ᠌ᠳᠡᠪᠡ᠃

  ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠤᠨ ᠬᠠᠮᠠᠭᠠᠯᠠᠯᠲᠠ᠎ᠶ᠋ᠢᠨ ᠬᠤᠯᠪᠣᠭᠠᠯᠠᠨ ᠬᠥᠳᠡᠯᠦᠯᠴᠡᠬᠦ᠌ ᠠᠵᠢᠯ᠎ᠤᠨ ᠲᠣᠭ᠍ᠲᠠᠴᠠ᠎ᠶ᠋ᠢᠨ ᠡᠯ᠎ᠡ ᠭᠡᠰᠢᠭᠦᠨ ᠨᠢᠭᠡᠴᠢ᠎ᠶ᠋ᠢᠨ ᠡᠭᠦᠷᠭᠡ ᠴᠢᠳᠠᠪᠬᠢ᠎ᠶ᠋ᠢᠨ ᠪᠠᠢᠷᠢ ᠲᠣᠭ᠍ᠲᠠᠭᠠᠯᠲᠠ᠎ᠳᠤ ᠰᠠᠭᠤᠷᠢᠯᠠᠵᠤ᠂ ᠴᠢᠯᠠᠭᠤᠵᠢᠮᠠᠯ᠎ᠤᠨ ᠬᠠᠮᠠᠭᠠᠯᠠᠯᠲᠠ᠎ᠶ᠋ᠢᠨ ᠠᠵᠢᠯ᠎ᠤᠨ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠰᠠᠯᠠᠭ᠎ᠠ ᠮᠥᠴᠢᠷ᠎ᠤᠨ ᠬᠤᠭᠤᠷᠣᠨᠳᠣᠬᠢ ᠬᠠᠮᠵᠢᠯᠴᠠᠭ᠎ᠠ ᠨᠡᠪᠲᠡᠷᠡᠯᠴᠡᠭᠡ᠎ᠪᠠᠨ ᠴᠢᠩᠭᠠᠳᠭᠠᠵᠤ᠂ ᠪᠠᠢᠩᠭᠤᠵᠢᠭ᠍ᠰᠠᠨ ᠬᠠᠮᠠᠭᠠᠯᠠᠯᠲᠠ᠎ᠶ᠋ᠢᠨ ᠲᠣᠭ᠍ᠲᠠᠴᠠ᠎ᠶ᠋ᠢ ᠪᠦᠷᠢᠯᠳᠦᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠤᠨ ᠬᠠᠮᠠᠭᠠᠯᠠᠯᠲᠠ᠎ᠶ᠋ᠢᠨ ᠠᠵᠢᠯ᠎ᠢ ᠬᠠᠮᠲᠤ᠎ᠪᠠᠷ ᠰᠠᠢᠲᠤᠷ ᠬᠢᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃

  ᠥᠪᠡᠷᠲᠡᠭᠡᠨ ᠵᠠᠰᠠᠬᠤ ᠣᠷᠣᠨ᠎ᠤ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠤᠨ ᠬᠠᠮᠠᠭᠠᠯᠠᠯᠲᠠ᠎ᠶ᠋ᠢᠨ ᠬᠤᠯᠪᠣᠭᠠᠯᠠᠨ ᠬᠥᠳᠡᠯᠦᠯᠴᠡᠬᠦ᠌ ᠠᠵᠢᠯ᠎ᠤᠨ ᠲᠣᠭ᠍ᠲᠠᠴᠠ᠎ᠶ᠋ᠢᠨ ᠭᠡᠰᠢᠭᠦᠨ ᠨᠢᠭᠡᠴᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠤᠷᠢᠶ᠎ᠠ᠂ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠤᠷᠢᠶ᠎ᠠ᠂ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠂ ᠣᠶ ᠱᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠎ᠶ᠋ᠢᠨ ᠬᠤᠯᠪᠣᠭ᠍ᠳᠠᠯ ᠪᠥᠬᠦᠶ ᠬᠠᠷᠢᠭᠤᠴᠠᠯᠭᠠᠲᠠᠨ᠂ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠬᠠᠮᠢᠶ᠎ᠠ ᠪᠥᠬᠦᠶ ᠭᠠᠵᠠᠷ ᠠᠯᠪᠠᠨ ᠲᠠᠰᠤᠭ᠂ ᠥᠪᠥᠷ ᠮᠣᠩᠭᠤᠯ᠎ᠤᠨ ᠪᠠᠢᠭᠠᠯᠢ᠎ᠶ᠋ᠢᠨ ᠮᠦᠽᠧᠶ᠎ᠶ᠋ᠢᠨ ᠬᠤᠯᠪᠣᠭ᠍ᠳᠠᠯ ᠪᠥᠬᠦᠶ ᠬᠠᠷᠢᠭᠤᠴᠠᠯᠭᠠᠲᠠᠨ ᠬᠤᠷᠠᠯ᠎ᠳᠤ ᠣᠷᠣᠯᠴᠠᠪᠠ; ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠲᠠᠰ᠎ᠤᠨ ᠭᠤᠤᠯᠳᠠᠯᠭ᠎ᠠ᠎ᠲᠠᠢ ᠬᠠᠮᠠᠭᠠᠯᠠᠬᠤ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠤᠨ ᠲᠥᠪᠯᠡᠷᠡᠩᠭᠦᠶ ᠭᠠᠷᠤᠯᠲᠠ᠎ᠶ᠋ᠢᠨ ᠭᠠᠵᠠᠷ᠎ᠤᠨ ᠬᠠᠮᠢᠶᠠᠷᠤᠯᠲᠠ᠎ᠶ᠋ᠢᠨ ᠪᠠᠢᠭᠤᠯᠤᠮᠵᠢ᠂ ᠡᠯ᠎ᠡ ᠠᠢᠮᠠᠭ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠶ᠋ᠢᠨ ᠬᠤᠪᠢᠳᠠᠨ ᠬᠠᠮᠢᠶᠠᠷᠬᠤ ᠲᠣᠪᠴᠢᠶᠠᠨ ᠳᠠᠷᠤᠭ᠎ᠠ ᠵᠢᠴᠢ ᠠᠭᠤᠷᠬᠠᠶ᠎ᠶ᠋ᠢᠨ ᠬᠠᠮᠠᠭᠠᠯᠠᠯᠲᠠ᠎ᠶ᠋ᠢᠨ ᠰᠠᠯᠠᠭᠠᠨ᠎ᠤ ᠬᠠᠷᠢᠭᠤᠴᠠᠯᠭᠠᠲᠠᠨ ᠸᠢᠳᠢᠤ᠋᠎ᠪᠠᠷ ᠬᠤᠷᠠᠯ᠎ᠳᠤ ᠣᠷᠣᠯᠴᠠᠪᠠ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ