ᠤᠯᠤᠰ᠎ᠤᠨ ᠡᠨᠧᠷᠭᠢ᠎ᠶ᠋ᠢᠨ ᠪᠦᠯᠦᠭ᠌ᠯᠡᠯ ᠨᠢ ᠥᠪᠥᠷ ᠮᠣᠩᠭᠤᠯ᠎ᠤᠨ ᠠᠭᠤᠷᠬᠠᠶ ᠵᠢᠴᠢ ᠡᠷᠬᠢᠨ ᠲᠣᠭᠤᠷᠢᠨ᠎ᠤ 10 ᠺᠢᠯᠣᠮᠧᠲᠷ᠎ᠤᠨ ᠬᠡᠪᠴᠢᠶᠡᠨ᠎ᠳᠠᠬᠢ ᠱᠢᠰᠲ᠋ᠧᠮ᠎ᠲᠠᠢ ᠵᠠᠰᠠᠬᠤ ᠠᠵᠢᠯ᠎ᠤᠨ ᠵᠣᠬᠢᠴᠠᠭᠤᠯᠬᠤ ᠲᠣᠭ᠍ᠲᠠᠴᠠ᠎ᠳᠤ 2026 ᠣᠨ᠎ᠤ ᠠᠵᠢᠯ᠎ᠢᠶᠠᠨ ᠤᠷᠢᠳᠴᠢᠯᠠᠨ ᠪᠠᠢᠷᠢᠯᠠᠭᠤᠯᠪᠠ
2025-12-19

  12 ᠳ᠋ᠤᠭ᠋ᠠᠷ ᠰᠠᠷ᠎ᠠ᠎ᠶ᠋ᠢᠨ 18 ᠎ᠤ ᠡᠳᠦᠷ᠂ ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠎ᠨᠢ ᠥᠪᠥᠷ ᠮᠣᠩᠭᠤᠯ᠎ᠤᠨ ᠠᠭᠤᠷᠬᠠᠶ ᠵᠢᠴᠢ ᠡᠷᠬᠢᠨ ᠲᠣᠭᠤᠷᠢᠨ᠎ᠤ 10 ᠺᠢᠯᠣᠮᠧᠲᠷ᠎ᠤᠨ ᠬᠡᠪᠴᠢᠶᠡᠨ᠎ᠳᠤ ᠱᠢᠰᠲ᠋ᠧᠮ᠎ᠲᠠᠢ᠎ᠪᠠᠷ ᠵᠠᠰᠠᠬᠤ ᠠᠵᠢᠯ᠎ᠢ ᠠᠬᠢᠭᠤᠯᠬᠤ ᠸᠢᠳᠢᠣ᠋ ᠬᠤᠷᠠᠯ ᠵᠢᠴᠢ ᠵᠣᠬᠢᠴᠠᠭᠤᠯᠬᠤ ᠲᠣᠭ᠍ᠲᠠᠴᠠ᠎ᠶ᠋ᠢᠨ ᠬᠤᠷᠠᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠬᠠᠮᠢᠶ᠎ᠠ ᠪᠥᠬᠦᠶ ᠭᠠᠵᠠᠷ ᠠᠯᠪᠠᠨ ᠬᠡᠷ᠂ ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠎ᠤᠨ ᠬᠠᠮᠢᠶ᠎ᠠ ᠪᠥᠬᠦᠶ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ᠎ᠤ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢᠨ ᠰᠤᠳᠤᠯᠭᠠᠨ᠎ᠤ ᠬᠦᠷᠢᠶᠡᠯᠡᠩ᠎ᠤᠨ ᠬᠠᠮᠢᠶ᠎ᠠ ᠪᠥᠬᠦᠶ ᠭᠠᠵᠠᠷ ᠠᠯᠪᠠᠨ ᠲᠠᠰᠤᠭ᠎ᠤᠨ ᠬᠠᠷᠢᠭᠤᠴᠠᠯᠭᠠᠲᠠᠨ ᠬᠤᠷᠠᠯ᠎ᠳᠤ ᠣᠷᠣᠯᠴᠠᠵᠠᠶ᠃

  ᠬᠤᠷᠠᠯ᠎ᠠᠴᠠ ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠎ᠤᠨ ᠥᠪᠥᠷ ᠮᠣᠩᠭᠤᠯ᠎ᠤᠨ ᠠᠭᠤᠷᠬᠠᠢ ᠵᠢᠴᠢ ᠡᠷᠬᠢᠨ ᠲᠣᠭᠤᠷᠢᠨ᠎ᠤ 10 ᠺᠢᠯᠣᠮᠧᠲᠷ᠎ᠤᠨ ᠬᠡᠪᠴᠢᠶᠡᠨ᠎ᠳᠠᠬᠢ ᠱᠢᠰᠲ᠋ᠧᠮ᠎ᠲᠠᠢ ᠵᠠᠰᠠᠬᠤ ᠲᠥᠷᠥᠯ ᠵᠦᠶ᠋ᠯ᠎ᠤᠨ ᠠᠬᠢᠴᠠ᠎ᠶ᠋ᠢᠨ ᠪᠠᠢᠳᠠᠯ᠎ᠢ ᠵᠠᠷᠯᠠᠨ ᠮᠡᠳᠡᠭ᠌ᠳᠡᠵᠦ᠍᠂ ᠱᠢᠰᠲ᠋ᠧᠮ᠎ᠲᠠᠢ ᠵᠠᠰᠠᠬᠤ ᠠᠵᠢᠯ᠎ᠤᠨ ᠳᠤᠮᠳᠠ ᠣᠷᠣᠱᠢᠵᠤ ᠪᠠᠢᠭ᠎ᠠ ᠲᠦᠭ᠌ᠵᠢᠷᠡᠯ ᠪᠠ ᠬᠦᠴᠢᠷ ᠠᠰᠠᠭᠤᠳᠠᠯ᠎ᠢ ᠱᠢᠰᠲ᠋ᠧᠮ᠎ᠲᠠᠢ ᠵᠠᠳᠠᠯᠤᠨ ᠳ᠋ᠦᠩᠨᠡᠬᠦ᠌᠎ᠶ᠋ᠢᠨ ᠬᠠᠮᠲᠤ 2026 ᠣᠨ᠎ᠤ ᠱᠢᠰᠲ᠋ᠧᠮ᠎ᠲᠠᠢ ᠵᠠᠰᠠᠬᠤ ᠠᠵᠢᠯ᠎ᠢ ᠴᠢᠨᠠᠷ ᠰᠠᠢᠲᠠᠶ ᠠᠬᠢᠭᠤᠯᠬᠤ ᠪᠠ ᠨᠠᠢᠳᠠᠪᠤᠷᠢᠵᠢᠭᠤᠯᠬᠤ ᠲᠤᠬᠠᠶ ᠪᠥᠬᠦ᠌ ᠲᠠᠯ᠎ᠠ᠎ᠶ᠋ᠢᠨ ᠪᠠᠢᠷᠢᠯᠠᠭᠤᠯᠤᠯᠲᠠ ᠲᠣᠬᠢᠷᠠᠭᠤᠯᠤᠯᠲᠠ ᠬᠢᠪᠠ᠃

  ᠬᠤᠷᠠᠯ᠎ᠠᠴᠠ᠂ ᠱᠢᠰᠲ᠋ᠧᠮ᠎ᠲᠠᠢ ᠵᠠᠰᠠᠬᠤ ᠠᠵᠢᠯ᠎ᠳᠤ ᠱᠢᠨᠵᠢᠯᠡᠬᠦ᠌ ᠤᠬᠠᠭᠠᠨᠴᠢ᠎ᠪᠠᠷ ᠵᠠᠰᠠᠬᠤ᠂ ᠵᠢᠷᠤᠮᠵᠢᠭᠤᠯᠤᠨ ᠵᠠᠰᠠᠬᠤ᠂ ᠱᠢᠰᠲ᠋ᠧᠮ᠎ᠲᠠᠢ ᠵᠠᠰᠠᠬᠤ᠎ᠶ᠋ᠢ ᠪᠠᠷᠢᠮᠲᠠᠯᠠᠵᠤ᠂ ᠠᠭᠤᠷᠬᠠᠢ᠎ᠶ᠋ᠢᠨ ᠠᠵᠤ ᠠᠬᠤᠢᠯᠠᠯ᠎ᠤᠨ ᠠᠭᠤᠷᠬᠠᠢ᠎ᠶ᠋ᠢᠨ ᠭᠠᠵᠠᠷ᠎ᠤᠨ ᠣᠷᠴᠢᠨ ᠲᠣᠭᠤᠷᠢᠨ᠎ᠢ ᠵᠠᠰᠠᠬᠤ ᠭᠤᠣᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠪᠠᠲᠤᠯᠠᠭ᠍ᠰᠠᠨ ᠰᠠᠭᠤᠷᠢᠨ ᠳᠡᠭᠡᠷ᠎ᠡ᠂ ᠣᠷᠣᠨ ᠪᠦᠰᠡ᠎ᠶ᠋ᠢᠨ ᠴᠢᠨᠠᠷᠲᠠᠢ ᠵᠢᠱ᠌ᠢᠶ᠎ᠡ ᠦᠵᠡᠭᠦᠯᠬᠦ᠌ ᠢᠨᠵᠧᠨᠧᠷᠢᠩ᠎ᠢ ᠥᠨᠳᠥᠷ ᠪᠠᠷᠢᠮᠵᠢᠶ᠎ᠠ᠎ᠪᠠᠷ᠂ ᠴᠢᠨᠠᠷ ᠰᠠᠢᠲᠠᠢ ᠴᠣᠭ᠍ᠴᠠᠯᠠᠬᠤ ᠬᠡᠷᠡᠭ᠌ᠲᠡᠢ᠃ ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠎ᠤᠨ ᠬᠠᠮᠢᠶ᠎ᠠ ᠪᠥᠬᠦᠶ ᠰᠠᠯᠠᠭ᠎ᠠ ᠮᠥᠴᠢᠷ᠎ᠤᠳ ᠬᠡᠷᠡᠭ᠌ᠵᠢᠭᠦᠯᠬᠦ᠌ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠦᠨᠡᠨᠬᠦ᠌ ᠰᠠᠢᠲᠤᠷ ᠭᠦᠢᠴᠡᠳᠭᠡᠵᠦ᠍᠂ ᠠᠭᠤᠷᠬᠠᠶ ᠳᠠᠷᠠᠭᠠᠯᠠᠨ ᠵᠠᠰᠠᠬᠤ ᠲᠥᠯᠥᠪᠵᠢᠭᠦᠯᠭᠡ ᠪᠠ ᠪᠠᠯᠠ ᠣᠷᠣᠭᠤᠯᠤᠯᠲᠠ᠎ᠶ᠋ᠢᠨ ᠲᠥᠯᠥᠪᠯᠡᠭᠡ ᠲᠣᠭ᠍ᠲᠠᠭᠠᠵᠤ᠂ ᠵᠠᠰᠠᠯᠲᠠ᠎ᠶᠢᠨ ᠪᠡᠯᠡ ᠮᠥᠩᠭᠥ᠎ᠶᠢ ᠣᠨ ᠬᠤᠪᠢᠶᠠᠨ ᠨᠠᠢᠳᠠᠪᠤᠷᠢᠵᠢᠭᠤᠯᠬᠤ᠎ᠶᠢᠨ ᠬᠠᠮᠲᠤ ᠵᠣᠬᠢᠶᠠᠨ ᠪᠠᠢᠭᠤᠯᠤᠨ ᠬᠡᠷᠡᠭᠵᠢᠭᠦᠯᠦᠨ᠎ᠡ᠃ ᠬᠠᠮᠢᠶ᠎ᠠ ᠪᠥᠬᠦᠶ ᠠᠢᠮᠠᠭ ᠬᠤᠲᠠ᠎ᠶ᠋ᠢᠨ ᠵᠠᠰᠠᠭ᠎ᠤᠨ ᠣᠷᠳᠣᠨ (ᠵᠠᠬᠢᠷᠭ᠎ᠠ) ᠎ᠨᠢ ᠬᠢᠨᠠᠯᠲᠠ ᠬᠠᠮᠢᠶᠠᠷᠤᠯᠲᠠ᠎ᠶ᠋ᠢᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠰᠠᠢᠲᠤᠷ ᠭᠦᠶ᠋ᠴᠡᠳᠭᠡᠵᠦ᠍᠂ ᠲᠥᠷᠥᠯ ᠵᠦᠶ᠋ᠯ ᠲᠣᠭ᠍ᠲᠠᠭᠠᠵᠤ ᠨᠤᠲᠠᠯᠠᠬᠤ᠂ ᠵᠢᠷᠤᠭ ᠲᠥᠯᠥᠪᠯᠡᠭᠡ᠎ᠶ᠋ᠢ ᠬᠢᠨᠠᠨ ᠵᠥᠪᠱᠢᠶᠡᠷᠡᠬᠦ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠂ ᠪᠦᠬᠦᠯᠢ ᠴᠣᠭ᠍ᠴᠠ᠎ᠪᠠᠷ᠎ᠨᠢ ᠱᠢᠯᠭᠠᠨ ᠠᠪᠬᠤ᠂ ᠰᠡᠭᠦᠯᠴᠢ᠎ᠶ᠋ᠢᠨ ᠬᠤᠭᠤᠴᠠᠭᠠᠨ᠎ᠤ ᠬᠠᠮᠢᠶᠠᠷᠤᠯᠲᠠ ᠬᠠᠮᠠᠭᠠᠯᠠᠯᠲᠠ᠂ ᠦᠷ᠎ᠡ ᠪᠦᠲᠦᠮᠵᠢ᠎ᠶ᠋ᠢ ᠦᠨᠡᠯᠡᠨ ᠵᠢᠱ᠌ᠢᠬᠦ᠌ ᠵᠡᠷᠭᠡ ᠪᠥᠬᠦ᠌ ᠦᠶᠡᠯᠡᠯ᠎ᠤᠨ ᠬᠤᠭᠤᠴᠠᠭᠠᠨ᠎ᠤ ᠬᠢᠨᠠᠯᠲᠠ ᠬᠠᠮᠢᠶᠠᠷᠤᠯᠲᠠ᠎ᠶ᠋ᠢ ᠨᠢᠭᠡᠳᠦᠯᠲᠡᠶ ᠲᠥᠯᠥᠪᠵᠢᠭᠦᠯᠦᠨ ᠥᠷᠨᠢᠭᠦᠯᠬᠦ᠌ ᠬᠡᠷᠡᠭ᠌ᠲᠡᠶ ᠭᠡᠵᠦ ᠵᠢᠭ᠋ᠠᠵᠦ ᠭᠠᠷᠭ᠋ᠠᠪᠠ᠃

  ᠬᠤᠷᠠᠯ᠎ᠠᠴᠠ᠂ ᠱᠢᠰᠲ᠋ᠧᠮ᠎ᠲᠠᠢ ᠵᠠᠰᠠᠬᠤ ᠠᠵᠢᠯ᠎ᠨᠢ ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠎ᠤᠨ ᠥᠪᠥᠷ ᠮᠣᠩᠭᠤᠯ᠎ᠤᠨ ᠠᠭᠤᠷᠬᠠᠢ᠎ᠳᠤ ᠲᠡᠦᠬᠡᠨ᠎ᠠᠴᠠ ᠦᠯᠡᠳᠡᠭ᠌ᠳᠡᠵᠦ᠍ ᠢᠷᠡᠭ᠌ᠰᠡᠨ ᠠᠮᠢ ᠠᠬᠤᠢ᠎ᠶ᠋ᠢᠨ ᠦᠷᠢ ᠎ᠶᠢ ᠱᠢᠢᠳᠪᠦᠷᠢᠯᠡᠬᠦ᠂ ᠠᠭᠤᠷᠬᠠᠢ᠎ᠶ᠋ᠢᠨ ᠣᠷᠣᠨ ᠵᠢᠴᠢ ᠡᠷᠬᠢᠨ ᠲᠣᠭᠤᠷᠢᠨ᠎ᠤ ᠠᠮᠢ ᠠᠬᠤᠢ᠎ᠶ᠋ᠢᠨ ᠣᠷᠴᠢᠨ ᠲᠣᠭᠤᠷᠢᠨ᠎ᠢ ᠳᠡᠭᠡᠭ᠌ᠰᠢᠯᠡᠭᠦᠯᠬᠦ᠌᠎ᠳᠤ ᠴᠢᠬᠤᠯᠠ ᠠᠴᠢ ᠬᠤᠯᠪᠣᠭ᠍ᠳᠠᠯ᠎ᠲᠠᠢ ᠶᠤᠮ᠃ 2026 ᠣᠨ ᠪᠣᠯ ᠲᠠᠪᠤᠨ ᠵᠢᠯ᠎ᠤᠨ ᠱᠢᠰᠲ᠋ᠧᠮ᠎ᠲᠠᠢ ᠵᠠᠰᠠᠯᠲᠠ᠎ᠶ᠋ᠢᠨ ᠠᠵᠢᠯ᠎ᠤᠨ ᠤᠷᠢᠳᠤᠬᠢ᠎ᠶ᠋ᠢ ᠵᠠᠯᠭᠠᠮᠵᠢᠯᠠᠨ ᠬᠤᠢᠱᠢᠬᠢ᠎ᠳᠤ ᠵᠠᠮ ᠨᠡᠭᠡᠭᠡᠬᠦ᠌ ᠵᠠᠩᠭᠢᠯᠠᠭ᠎ᠠ᠎ᠶ᠋ᠢᠨ ᠨᠢᠭᠡ ᠵᠢᠯ ᠪᠣᠯᠤᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠎ᠤᠨ ᠥᠪᠥᠷ ᠮᠣᠩᠭᠤᠯ᠎ᠤᠨ ᠠᠭᠤᠷᠬᠠᠶ ᠵᠢᠴᠢ ᠡᠷᠬᠢᠨ ᠲᠣᠭᠤᠷᠢᠨ᠎ᠤ 10 ᠺᠢᠯᠣᠮᠧᠲᠷ᠎ᠤᠨ ᠬᠡᠪᠴᠢᠶᠡᠨ᠎ᠳᠠᠬᠢ ᠱᠢᠰᠲ᠋ᠧᠮ᠎ᠲᠠᠢ ᠵᠠᠰᠠᠯᠲᠠ᠎ᠶ᠋ᠢᠨ ᠠᠵᠢᠯ᠎ᠤᠨ ᠬᠡᠷᠡᠭ᠌ᠵᠢᠭᠦᠯᠬᠦ᠌ ᠲᠥᠰᠦᠯ (ᠲᠤᠷᠱᠢᠨ ᠬᠡᠷᠡᠭ᠌ᠵᠢᠭᠦᠯᠬᠦ᠌)》 ᠎ᠤᠨ ᠬᠠᠮᠢᠶ᠎ᠠ ᠪᠥᠬᠦᠶ ᠲᠣᠭ᠍ᠲᠠᠭᠠᠯ᠎ᠢ ᠴᠢᠩᠭ᠎ᠠ ᠨᠠᠢᠳᠠᠪᠤᠷᠢᠵᠢᠭᠤᠯᠵᠤ᠂ ᠦᠵᠡᠯ ᠰᠠᠨᠠᠭ᠎ᠠ ᠲᠠᠨᠢᠯᠲᠠ᠎ᠶ᠋ᠢᠨ ᠲᠠᠯ᠎ᠠ᠎ᠪᠠᠷ ᠳᠠᠬᠢᠨ ᠳᠡᠭᠡᠭ᠌ᠰᠢᠯᠡᠭᠦᠯᠵᠦ᠍᠂ ᠲᠥᠷᠥᠯ ᠵᠦᠶ᠋ᠯ᠎ᠢ ᠠᠬᠢᠭᠤᠯᠬᠤ ᠲᠠᠯ᠎ᠠ᠎ᠪᠠᠷ ᠳᠠᠬᠢᠨ ᠲᠦᠷᠭᠡᠳᠭᠡᠵᠦ᠍᠂ ᠠᠵᠢᠯ᠎ᠤᠨ ᠬᠠᠷᠢᠭᠤᠴᠠᠯᠭ᠎ᠠ᠎ᠪᠠᠨ ᠦᠨᠡᠨ ᠬᠦ᠌ ᠪᠣᠳᠠᠲᠠᠢᠵᠢᠭᠤᠯᠵᠤ᠂ ᠵᠠᠰᠠᠯᠲᠠ᠎ᠶ᠋ᠢᠨ ᠬᠠᠷᠠᠯᠲᠠ᠎ᠪᠠᠨ ᠲᠣᠳᠣᠷᠬᠠᠢᠯᠠᠵᠤ᠂ ᠠᠵᠢᠯ᠎ᠤᠨ ᠲᠠᠰ ᠳᠠᠷᠠᠭᠠᠯᠠᠯ᠎ᠢᠶᠠᠨ ᠵᠢᠷᠤᠮᠵᠢᠭᠤᠯᠵᠤ᠂ ᠣᠳᠣᠬᠠᠨ᠎ᠳᠤ ᠣᠷᠣᠱᠢᠵᠤ ᠪᠠᠢᠭ᠎ᠠ ᠬᠦᠴᠢᠷ ᠠᠰᠠᠭᠤᠳᠠᠯ᠎ᠢ ᠲᠦᠷᠭᠡᠨ ᠱᠢᠶ᠋ᠳᠪᠦᠷᠢᠯᠡᠵᠦ᠍᠂ ᠰᠡᠳᠭᠢᠯ ᠨᠢᠭᠡᠳᠦᠨ ᠬᠦᠴᠦ᠍᠎ᠪᠠᠨ ᠬᠠᠮᠲᠤᠳᠭᠠᠵᠤ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ 2021 ᠣᠨ᠎ᠤ ᠥᠪᠥᠷ ᠮᠣᠩᠭᠤᠯ᠎ᠤᠨ ᠠᠭᠤᠷᠬᠠᠶ᠎ᠶ᠋ᠢᠨ ᠡᠷᠬᠢᠨ ᠲᠣᠭᠤᠷᠢᠨ᠎ᠤ 10 ᠺᠢᠯᠣᠮᠧᠲᠷ᠎ᠤᠨ ᠬᠡᠪᠴᠢᠶᠡᠨ᠎ᠳᠠᠬᠢ ᠲᠥᠷᠥᠯ ᠵᠦᠶ᠋ᠯ᠎ᠤᠨ ᠡᠮᠦᠨᠡᠬᠢ ᠬᠤᠭᠤᠴᠠᠭᠠᠨ᠎ᠤ ᠭᠠᠷᠳᠠᠮ᠎ᠢ ᠭᠦᠶ᠋ᠴᠡᠳᠭᠡᠬᠦ᠌᠎ᠶ᠋ᠢ ᠱᠠᠯᠠᠪᠳᠠᠨ ᠥᠷᠨᠢᠭᠦᠯᠵᠦ᠍᠂ ᠲᠥᠷᠥᠯ ᠵᠦᠶ᠋ᠯ᠎ᠤᠨ ᠤᠷᠤᠭ᠍ᠰᠢᠲᠠᠶ ᠠᠵᠢᠯ ᠡᠬᠢᠯᠡᠭᠦᠯᠦᠨ ᠨᠠᠢᠳᠠᠪᠤᠷᠢᠵᠢᠭᠤᠯᠬᠤ᠎ᠳᠤ ᠠᠵᠢᠯ᠎ᠤᠨ ᠰᠠᠭᠤᠷᠢ᠎ᠶ᠋ᠢ ᠪᠠᠬᠢᠵᠢᠭᠦᠯᠵᠦ᠍᠂ ᠲᠥᠷᠥᠯ ᠵᠦᠶ᠋ᠯ᠎ᠢ ᠴᠠᠭ ᠲᠤᠬᠠᠶ᠎ᠳᠤᠨᠢ ᠴᠢᠨᠠᠷ ᠰᠠᠢᠲᠠᠶ ᠪᠡᠶᠡᠯᠡᠭᠦᠯᠬᠦ᠌᠎ᠶ᠋ᠢ ᠠᠬᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ