ᠰᠢᠨ᠎ᠡ ᠠᠭᠤᠷᠬᠠᠢ᠎ᠶᠢᠨ ᠬᠠᠤᠯᠢ᠎ᠶᠢ ᠬᠡᠷᠡᠭᠵᠢᠭᠦᠯᠦᠭᠰᠡᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠪᠦᠯᠦᠭ ᠨᠡᠭᠦᠷᠡᠰᠦᠨ ᠠᠭᠤᠷᠬᠠᠢ᠎ᠶᠢ ᠪᠦᠬᠦᠯᠢ᠎ᠪᠡᠷ ᠰᠠᠪᠠᠯᠠᠬᠤ ᠬᠤᠳᠳᠤᠭ᠎ᠤᠨ ᠠᠭᠤᠷᠬᠠᠢ ᠡᠷᠢᠬᠦ ᠡᠷᠬᠡ᠎ᠶᠢ ᠵᠠᠬ᠎ᠠ ᠳᠡᠯᠭᠡᠭᠦᠷᠴᠢᠯᠡᠨ ᠬᠢᠮᠳᠠ᠎ᠪᠠᠷ ᠬᠤᠳᠠᠯᠳᠤᠬᠤ᠎ᠶᠢ ᠪᠡᠶᠡᠯᠡᠭᠦᠯᠵᠦ ᠠᠷᠠᠯᠵᠢᠶ᠎ᠠ ᠪᠦᠲᠦᠭᠰᠡᠨ ᠦᠨ᠎ᠡ 42.756 ᠳ᠋ᠦᠩᠰᠢᠭᠤᠷ ᠲᠥᠭᠥᠷᠢᠭ ᠪᠣᠯᠣᠨ᠎ᠠ
2025-12-16

  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠠᠭᠤᠷᠬᠠᠶ᠎ᠶ᠋ᠢᠨ ᠦᠢᠯᠡᠰ᠎ᠤᠨ ᠡᠷᠬᠡ᠎ᠶ᠋ᠢ ᠵᠠᠬ᠎ᠠ ᠳᠡᠯᠭᠡᠭᠦᠷᠴᠢᠯᠡᠨ ᠬᠢᠮᠳᠠ᠎ᠪᠠᠷ ᠬᠤᠳᠠᠯᠳᠤᠬᠤ ᠤᠳᠤᠷᠢᠳᠤᠮᠵᠢ᠎ᠶ᠋ᠢ ᠢᠮᠠᠭ᠍ᠲᠠ ᠪᠠᠷᠢᠮᠲᠠᠯᠠᠵᠤ᠂ ᠣᠷᠣᠨ ᠪᠦᠰᠡ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠪᠠᠲᠤᠯᠠᠬᠤ᠎ᠪᠠᠷ ᠬᠠᠷᠠᠯᠲᠠ ᠪᠣᠯᠭᠠᠨ᠂ ᠠᠭᠤᠷᠬᠠᠶ᠎ᠶ᠋ᠢᠨ ᠦᠢᠯᠡᠰ᠎ᠤᠨ ᠡᠷᠬᠡ᠎ᠶ᠋ᠢᠨ ᠢᠯᠡ ᠲᠣᠳᠣ ᠠᠷᠠᠯᠵᠢᠶᠠᠨ᠎ᠤ ᠲᠠᠪᠴᠠᠩ᠎ᠢ ᠢᠳᠡᠪᠬᠢᠲᠡᠶ ᠪᠠᠢᠭᠤᠯᠪᠠ᠃ ᠫᠣᠷᠲ᠋ᠧᠯ ᠰᠦᠯᠵᠢᠶᠡᠨ ᠳᠡᠭᠡᠷ᠎ᠡ 《ᠠᠭᠤᠷᠬᠠᠶ᠎ᠶ᠋ᠢᠨ ᠦᠢᠯᠡᠰ᠎ᠤᠨ ᠡᠷᠬᠡ᠎ᠶ᠋ᠢᠨ ᠬᠡᠲᠦ ᠳᠡᠯᠭᠡᠭᠦᠷ》 ᠎ᠢ ᠪᠠᠢᠭᠤᠯᠬᠤ᠎ᠪᠠᠷ ᠳᠠᠮᠵᠢᠭᠤᠯᠤᠨ᠂ ᠲᠤᠰᠭᠠᠶ ᠪᠤᠯᠤᠩ ᠭᠠᠷᠭᠠᠵᠤ ᠠᠭᠤᠷᠬᠠᠶ᠎ᠶ᠋ᠢᠨ ᠦᠢᠯᠡᠰ᠎ᠤᠨ ᠡᠷᠬᠡ᠎ᠶ᠋ᠢ ᠤᠬᠠᠭᠤᠯᠤᠨ ᠲᠠᠨᠢᠯᠴᠠᠭᠤᠯᠬᠤ ᠭᠠᠷ ᠳᠡᠪᠲᠡᠷ ᠵᠡᠷᠭᠡ᠎ᠶ᠋ᠢ ᠨᠡᠢᠲᠡᠯᠡᠵᠦ᠍᠂ ᠤᠬᠠᠭᠤᠯᠤᠨ ᠲᠠᠨᠢᠯᠴᠠᠭᠤᠯᠬᠤ ᠡᠷᠴᠢᠮ᠎ᠢᠶᠠᠨ ᠴᠢᠩᠭᠠᠷᠠᠭᠤᠯᠤᠨ᠂ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠳᠤ ᠡᠷᠬᠡ ᠲᠡᠭ᠌ᠰᠢ᠎ᠪᠠᠷ ᠣᠷᠣᠯᠴᠠᠬᠤ ᠠᠵᠠ ᠲᠣᠬᠢᠶᠠᠯ᠎ᠢ ᠡᠭᠦᠳᠴᠦ᠍᠂ ᠪᠠᠯᠠ ᠣᠷᠣᠭᠤᠯᠤᠯᠲᠠ᠎ᠶ᠋ᠢᠨ ᠣᠷᠴᠢᠨ ᠲᠣᠭᠤᠷᠢᠨ᠎ᠢ ᠦᠷᠭᠦᠯᠵᠢᠯᠡᠨ ᠱᠢᠯᠢᠳᠡᠭ᠌ᠵᠢᠭᠦᠯᠦᠨ᠎ᠡ᠃

  12 ᠳ᠋ᠤᠭ᠋ᠠᠷ ᠰᠠᠷ᠎ᠠ᠎ᠶ᠋ᠢᠨ 16 ᠎ᠤ ᠡᠳᠤᠷ᠂ ᠳ᠋ᠦᠡᠭ᠌ᠱᠸᠡᠭ ᠨᠡᠬᠦᠷᠡᠰᠤᠨ ᠠᠭᠤᠷᠬᠠᠢ᠎ᠶ᠋ᠢᠨ ᠺᠦᠢ ᠲᠧᠩ ᠭᠸᠤ ᠬᠤᠳᠳᠤᠬ ᠠᠭᠤᠷᠬᠠᠢ᠎ᠶ᠋ᠢᠨ ᠬᠠᠢᠨ ᠪᠠᠢᠴᠠᠭᠠᠬᠤ ᠡᠷᠭᠡ᠎ᠶ᠋ᠢ ᠵᠠᠬ᠎ᠠ ᠳᠡᠯᠬᠡᠬᠦᠷᠴᠢᠯᠡᠨ ᠬᠤᠳᠠᠯᠳᠤᠬᠤ ᠠᠵᠢᠯ᠎ᠢ ᠤᠷᠤᠬ᠍ᠰᠢᠳᠠᠢ ᠲᠠᠭᠤᠰᠭᠠᠵᠤ᠂ ᠱᠠᠨᠰᠢ᠎ᠶ᠋ᠢᠨ ᠷᠦᠢ ᠱᠢᠨ ᠱᠢᠨ ᠳ᠋ᠠ ᠡᠨᠧᠷᠬᠢ᠎ᠶ᠋ᠢᠨ ᠬᠢᠵᠠᠭᠠᠷᠳᠤ ᠺᠤᠮᠫᠠᠨᠢ 42.756 ᠳ᠋ᠦᠡᠭ᠌ᠰᠢᠭᠤᠷ ᠲᠦᠬᠦᠷᠢᠭ᠎ᠢᠶᠠᠷ ᠠᠮᠵᠢᠯᠳᠠ᠎ᠲᠠᠢ ᠦᠷᠢᠰᠦᠯᠳᠤᠪᠡ᠃ ᠲᠤᠰ ᠬᠤᠳᠳᠤᠭ᠎ᠨᠢ ᠣᠷᠳᠣᠰ ᠬᠤᠲᠠ᠎ᠶ᠋ᠢᠨ ᠬᠠᠩᠭᠢᠨ ᠬᠤᠱᠢᠭᠤ ᠪᠣᠯᠤᠨ ᠡᠵᠡᠨ ᠬᠤᠷᠤᠭ᠎ᠠ ᠬᠤᠱᠢᠭᠤᠨ᠎ᠤ ᠠᠭᠤᠯᠵᠠᠷ᠎ᠲᠤ ᠪᠠᠢᠷᠢᠯᠠᠵᠤ᠂ ᠨᠠᠷᠢᠨᠱᠢᠯᠢ ᠠᠭᠤᠷᠬᠠᠢ᠎ᠶ᠋ᠢᠨ ᠣᠷᠣᠨ᠎ᠳᠤ ᠬᠠᠷᠢᠶᠠᠯᠠᠭ᠍ᠳᠠᠵᠤ᠂ ᠬᠡᠰᠡᠭ ᠭᠠᠵᠠᠷ᠎ᠤᠨ ᠶᠡᠷᠦᠩᠬᠡᠶ ᠲᠠᠯᠠᠪᠠᠶ᠎ᠨᠢ 128.1953 ᠲᠡᠭ᠌ᠰᠢ ᠳᠥᠷᠪᠡᠯᠵᠢᠨ ᠺᠢᠯᠣᠮᠧᠲᠷ ᠪᠠᠢᠵᠤ᠂ ᠵᠢᠯ᠎ᠤᠨ ᠦᠢᠯᠡᠳᠪᠦᠷᠢᠯᠡᠬᠦ᠌ ᠴᠢᠳᠠᠪᠤᠷᠢ᠎ᠨᠢ 800 ᠲᠦᠮᠡᠨ ᠲᠣᠨ᠎ᠳᠤ ᠬᠦᠷᠴᠦ᠂ ᠬᠤᠳᠳᠤᠭ᠎ᠤᠨ ᠠᠵᠤ ᠦᠢᠯᠡᠳᠪᠦᠷᠢ᠎ᠶ᠋ᠢᠨ ᠮᠠᠯᠲᠠᠬᠤ ᠠᠷᠭ᠎ᠠ᠎ᠶ᠋ᠢ ᠬᠡᠷᠡᠭ᠌ᠯᠡᠬᠦ᠌᠎ᠪᠠᠷ ᠲᠥᠯᠥᠪᠯᠡᠵᠦ᠍ ᠪᠣᠶ᠃ ᠲᠣᠰ ᠤᠳᠠᠭᠠᠨ᠎ᠤ ᠠᠭᠤᠷᠬᠠᠶ ᠡᠷᠢᠬᠦ ᠡᠷᠬᠡ᠎ᠶ᠋ᠢ ᠠᠮᠵᠢᠯᠲᠠ᠎ᠲᠠᠢ᠎ᠪᠠᠷ ᠱᠢᠯᠵᠢᠭᠦᠯᠦᠨ ᠥᠭ᠌ᠬᠦ᠎ᠨᠢ ᠣᠷᠳᠣᠰ ᠬᠤᠲᠠ᠎ᠶ᠋ᠢᠨ ᠤᠯᠠᠮᠵᠢᠯᠠᠯᠲᠤ ᠡᠨᠧᠷᠭᠢ᠎ᠶ᠋ᠢᠨ ᠠᠵᠤ ᠦᠢᠯᠡᠰ᠎ᠤᠨ ᠬᠥᠭ᠌ᠵᠢᠯᠲᠡ᠎ᠳᠤ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠬᠦ᠌᠎ᠪᠠᠷ ᠪᠠᠷᠠᠬᠤ ᠥᠬᠡᠶ᠂ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠣᠷᠣᠯᠭ᠎ᠠ᠎ᠶ᠋ᠢ ᠨᠠᠩ ᠪᠦᠲᠦᠮᠵᠢᠲᠡᠶ ᠨᠡᠮᠡᠭ᠌ᠳᠡᠭᠦᠯᠵᠦ᠍᠂ ᠬᠠᠮᠢᠶ᠎ᠠ ᠪᠥᠬᠦᠶ ᠠᠵᠤ ᠦᠢᠯᠡᠰ᠎ᠤᠨ ᠬᠠᠮᠵᠢᠯᠴᠠᠨ ᠬᠥᠭ᠌ᠵᠢᠬᠦ᠌᠎ᠶ᠋ᠢ ᠳᠠᠢᠴᠢᠯᠠᠨ᠂ ᠥᠪᠡᠷᠲᠡᠭᠡᠨ ᠵᠠᠰᠠᠬᠤ ᠣᠷᠣᠨ᠎ᠤ ᠠᠭᠤᠷᠬᠠᠶ᠎ᠶ᠋ᠢᠨ ᠦᠢᠯᠡᠰ᠎ᠤᠨ ᠡᠷᠬᠡ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠨ ᠨᠡᠮᠡᠷᠢᠯᠡᠬᠦ᠌ ᠪᠣᠯᠤᠨ᠎ᠠ᠃

  ᠲᠠᠷᠠᠭᠠᠴᠢ᠎ᠶ᠋ᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠵᠠᠬ᠎ᠠ ᠳᠡᠯᠭᠡᠭᠦᠷ᠎ᠲᠤ ᠨᠠᠩ ᠴᠢᠨᠠᠷ ᠰᠠᠢᠲᠠᠶ ᠠᠭᠤᠷᠬᠠᠶ᠎ᠶ᠋ᠢᠨ ᠡᠷᠬᠡ ᠲᠠᠯᠪᠢᠵᠤ᠂ ᠠᠵᠤ ᠠᠬᠤᠢᠯᠠᠯ᠎ᠳᠤ ᠥᠨᠳᠥᠷ ᠪᠦᠲᠦᠮᠵᠢᠲᠡᠶ ᠳᠥᠭᠦᠮ ᠳᠥᠲᠡ ᠦᠢᠯᠡᠴᠢᠯᠡᠭᠡ ᠬᠠᠩᠭᠠᠵᠤ᠂ ᠨᠠᠩ ᠣᠯᠠᠨ ᠠᠵᠤ ᠠᠬᠤᠢᠯᠠᠯ ᠥᠪᠡᠷᠲᠡᠭᠡᠨ ᠵᠠᠰᠠᠬᠤ ᠣᠷᠣᠨ᠎ᠳᠤ ᠢᠷᠡᠵᠦ᠍ ᠪᠠᠯᠠ ᠣᠷᠣᠭᠤᠯᠤᠨ ᠦᠢᠯᠡᠰ ᠬᠥᠭ᠌ᠵᠢᠭᠦᠯᠵᠦ᠍᠂ ᠠᠭᠤᠷᠬᠠᠶ᠎ᠶ᠋ᠢᠨ ᠦᠢᠯᠡᠰ᠎ᠤᠨ ᠡᠷᠬᠡ᠎ᠶ᠋ᠢᠨ ᠵᠠᠬ᠎ᠠ ᠳᠡᠯᠭᠡᠭᠦᠷᠴᠢᠯᠡᠭ᠌ᠰᠡᠨ ᠥᠷᠢᠰᠥᠯᠳᠦᠨ ᠬᠤᠳᠠᠯᠳᠤᠨ ᠠᠪᠬᠤ᠎ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠡᠬᠢ ᠪᠠᠶᠠᠯᠢᠭ᠎ᠤᠨ ᠳᠠᠪᠠᠭᠤᠯᠢᠭ᠎ᠢ ᠠᠵᠤ ᠠᠬᠤᠶ᠎ᠶ᠋ᠢᠨ ᠪᠣᠬᠢᠷᠲᠤᠯ ᠥᠬᠡᠶ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠬᠤ᠎ᠶ᠋ᠢ ᠬᠠᠮᠲᠤ᠎ᠪᠠᠷ ᠳᠥᠯᠭᠢᠨ ᠠᠬᠢᠭᠤᠯᠬᠤ᠎ᠶ᠋ᠢ ᠬᠦᠰᠡᠵᠦ᠍ ᠪᠠᠢᠨ᠎ᠠ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ