12 ᠳ᠋ᠤᠭᠠᠷ ᠰᠠᠷ᠎ᠠ᠎ᠶ᠋ᠢᠨ 22 ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠬᠢᠭᠡᠳ ᠳᠤᠮᠳᠠᠳᠤ ᠤᠯᠤᠰ᠎ᠤᠨ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢᠨ ᠲᠣᠪᠴᠢᠶ᠎ᠠ ᠰᠢ ᠠᠨ᠎ᠤ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢᠨ ᠲᠥᠪ ᠬᠠᠮᠲᠤᠷᠠᠨ ᠥᠪᠥᠷ ᠮᠣᠩᠭᠤᠯ᠎ᠤᠨ ᠪᠠᠷᠠᠭᠤᠨ ᠣᠷᠣᠨ᠎ᠤ ᠱᠢᠨ᠎ᠡ ᠨᠢᠭᠡ ᠡᠭᠡᠯᠵᠢ᠎ᠶ᠋ᠢᠨ ᠠᠭᠤᠷᠬᠠᠶ ᠡᠷᠢᠬᠦ᠌ ᠱᠢᠪᠲᠤᠯᠤᠯᠲᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠠᠵᠢᠯᠯᠠᠭ᠎ᠠ᠎ᠶ᠋ᠢᠨ ᠶᠠᠷᠢᠯᠴᠠᠬᠤ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠶᠢᠩ ᠳ᠋ᠠ᠂ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠠᠺᠠᠳᠧᠮᠢᠴᠢ᠂ ᠳᠤᠮᠳᠠᠳᠤ ᠤᠯᠤᠰ᠎ᠤᠨ ᠭᠠᠵᠠᠷ ᠱᠢᠨᠵᠢᠯᠡᠭᠡᠨ᠎ᠤ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠭᠠᠵᠠᠷ ᠱᠢᠨᠵᠢᠯᠡᠭᠡᠨ᠎ᠤ ᠰᠤᠳᠤᠯᠭᠠᠨ᠎ᠤ ᠭᠠᠵᠠᠷ᠎ᠤᠨ ᠳᠠᠷᠤᠭ᠎ᠠ ᠾᠧᠦ ᠽᠧᠩ ᠴᠢᠶᠠᠨ᠂ ᠳᠤᠮᠳᠠᠳᠤ ᠤᠯᠤᠰ᠎ᠤᠨ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢᠨ ᠲᠣᠪᠴᠢᠶ᠎ᠠ᠎ᠶ᠋ᠢᠨ ᠰᠢ ᠠᠨ᠎ᠤ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢᠨ ᠲᠥᠪ᠎ᠤᠨ ᠡᠷᠬᠢᠯᠡᠭ᠌ᠴᠢ᠂ ᠨᠠᠮ᠎ᠤᠨ ᠬᠤᠷᠢᠶᠠᠨ᠎ᠤ ᠱᠦᠵᠢ ᠯᠢ ᠵᠢᠶᠠᠨ ᠱᠢᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠬᠡᠮᠵᠢᠨ ᠵᠢᠷᠤᠭᠯᠠᠯᠲᠠ ᠭᠠᠵᠠᠷ ᠵᠦᠶ᠎ᠶ᠋ᠢᠨ ᠮᠡᠳᠡᠭᠡ ᠵᠠᠩᠭᠢ᠎ᠶ᠋ᠢᠨ ᠲᠥᠪ᠂ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢᠨ ᠬᠦᠷᠢᠶᠡᠯᠡᠩ᠂ ᠳᠤᠮᠳᠠᠳᠤ ᠤᠯᠤᠰ᠎ᠤᠨ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢᠨ ᠲᠣᠪᠴᠢᠶ᠎ᠠ᠂ ᠰᠢ ᠠᠨ᠎ᠤ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢᠨ ᠲᠥᠪ᠂ ᠲᠢᠶᠠᠨᠵᠢᠨ᠎ᠤ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢᠨ ᠲᠥᠪ᠂ ᠳᠤᠮᠳᠠᠳᠤ ᠤᠯᠤᠰ᠎ᠤᠨ ᠭᠠᠵᠠᠷ ᠱᠢᠨᠵᠢᠯᠡᠭᠡᠨ᠎ᠤ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠭᠠᠵᠠᠷ ᠱᠢᠨᠵᠢᠯᠡᠭᠡᠨ᠎ᠤ ᠰᠤᠳᠤᠯᠭᠠᠨ᠎ᠤ ᠭᠠᠵᠠᠷ᠎ᠤᠨ᠎ᠬᠢᠨ ᠥᠪᠥᠷ ᠮᠣᠩᠭᠤᠯ᠎ᠤᠨ ᠪᠸᠢ ᠱᠠᠨ ᠣᠷᠣᠨ᠎ᠤ ᠭᠠᠵᠠᠷ ᠱᠢᠨᠵᠢᠯᠡᠭᠡᠨ᠎ᠤ ᠠᠭᠤᠷᠬᠠᠶ ᠡᠷᠢᠬᠦ᠌ ᠠᠬᠢᠴᠠ᠎ᠶ᠋ᠢᠨ ᠪᠠᠢᠳᠠᠯ᠎ᠢᠶᠠᠨ ᠬᠠᠷᠢᠭᠤ ᠮᠡᠳᠡᠭᠦᠯᠪᠡ; ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠠᠴᠠ 《ᠠᠷᠪᠠᠨ ᠲᠠᠪᠤᠳᠤᠭᠠᠷ ᠲᠠᠪᠤᠨ ᠵᠢᠯ》 ᠤᠨ ᠬᠤᠭᠤᠴᠠᠭᠠᠨ᠎ᠳᠠᠬᠢ ᠪᠸᠢ ᠱᠠᠨ ᠭᠠᠵᠠᠷ ᠣᠷᠣᠨ᠎ᠤ ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠬᠠᠢᠨ ᠪᠠᠢᠴᠠᠭᠠᠬᠤ ᠠᠵᠢᠯ᠎ᠤᠨ ᠪᠠᠢᠷᠢᠯᠠᠭᠤᠯᠤᠯᠲᠠ᠎ᠶ᠋ᠢᠨ ᠱᠠᠭᠠᠷᠳᠠᠯᠭ᠎ᠠ᠎ᠶ᠋ᠢ ᠲᠠᠨᠢᠯᠴᠠᠭᠤᠯᠪᠠ᠃
ᠬᠤᠷᠠᠯ᠎ᠠᠴᠠ᠂ ᠪᠸᠢ ᠱᠠᠨ ᠤᠷᠤᠨ᠎ᠳᠤ ᠠᠯᠲᠠ᠂ ᠵᠡᠰ᠂ ᠬᠠᠢᠯᠤᠭᠤᠷ ᠵᠣᠩᠰᠢ ᠵᠢᠴᠢ ᠬᠤᠪᠣᠷ ᠲᠡᠮᠦᠷᠯᠢᠭ ᠠᠭᠤᠷᠬᠠᠢ᠎ᠶ᠋ᠢᠨ ᠡᠬᠢ ᠪᠠᠶᠠᠯᠢᠭ ᠡᠯᠪᠡᠭ ᠳᠡᠯᠪᠡᠭ ᠪᠠᠢᠨ᠎ᠠ᠂ ᠬᠤᠷᠠᠯ᠎ᠳᠤ ᠣᠷᠣᠯᠴᠠᠭ᠍ᠰᠠᠨ ᠡᠯ᠎ᠡ ᠨᠢᠭᠡᠴᠢ᠎ᠶ᠋ᠢᠨ᠎ᠬᠢᠨ ᠶᠡᠷᠦᠩᠬᠡᠢ ᠴᠣᠭ᠍ᠴᠠ᠎ᠶ᠋ᠢᠨ ᠤᠯᠤᠰ᠎ᠤᠨ ᠠᠮᠤᠷ ᠲᠦᠪᠱᠢᠨ᠎ᠤ ᠦᠵᠡᠯᠲᠡ᠎ᠶ᠋ᠢ ᠭᠦᠨᠵᠡᠭᠡᠢ ᠤᠢ᠍ᠢᠯᠠᠭᠠᠨ ᠲᠤᠭᠤᠱᠢᠯᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤᠨ ᠠᠵᠢᠯ᠎ᠤᠨ ᠪᠠᠢᠷᠢᠯᠠᠭᠤᠯᠤᠯᠲᠠ ᠰᠠᠨᠠᠭᠤᠯᠭ᠎ᠠ᠎ᠶ᠋ᠢ ᠱᠢᠰᠲ᠋ᠧᠮ᠎ᠲᠠᠢ ᠳᠤᠷᠠᠳᠴᠤ᠌᠂ ᠤᠯᠤᠰ᠎ᠤᠨ ᠴᠢᠬᠤᠯᠠ ᠶᠡᠭᠡ ᠭᠦᠨ ᠭᠠᠵᠠᠷ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠦᠷᠦᠯ ᠵᠦᠢᠯ᠎ᠢ ᠭᠤᠶᠤᠴᠢᠯᠠᠨ ᠮᠡᠳᠡᠭᠦᠯᠬᠦ᠌ ᠪᠠ ᠬᠡᠷᠡᠭ᠌ᠵᠢᠭᠦᠯᠬᠦ᠌᠎ᠶ᠋ᠢ ᠰᠠᠢᠲᠤᠷ ᠬᠢᠵᠦ᠍᠂ ᠨᠢᠭᠡᠳᠦᠯᠲᠡᠢ ᠲᠥᠯᠥᠪᠵᠢᠭᠦᠯᠦᠨ ᠠᠵᠢᠯ᠎ᠤᠨ ᠬᠤᠪᠢᠶᠠᠷᠢᠯᠠᠯ᠎ᠢ ᠴᠢᠩᠭᠠᠳᠭᠠᠵᠤ᠂ ᠲᠥᠪ᠎ᠤᠨ ᠣᠷᠣᠨ ᠨᠤᠲᠤᠭ ᠠᠵᠤ ᠠᠬᠤᠢᠯᠠᠯ ᠬᠠᠮᠵᠢᠯᠴᠠᠨ ᠲᠤᠬᠢᠷᠠᠭᠤᠯᠬᠤ ᠬᠤᠯᠪᠣᠭᠠᠯᠠᠨ ᠬᠥᠳᠡᠯᠦᠯᠴᠡᠬᠦ᠌ ᠲᠣᠭ᠍ᠲᠠᠴᠠ᠎ᠶ᠋ᠢ ᠪᠦᠷᠢᠯᠳᠦᠭᠦᠯᠵᠦ᠍᠂ ᠠᠭᠤᠷᠬᠠᠢ ᠡᠷᠢᠬᠦ᠌ ᠠᠵᠢᠯᠯᠠᠭ᠎ᠠ᠎ᠶ᠋ᠢᠨ ᠠᠯᠢ ᠲᠦᠷᠭᠡᠨ᠎ᠢᠶᠠᠷ ᠱᠢᠨ᠎ᠡ ᠱᠢᠪᠲᠤᠯᠤᠯᠲᠠ᠎ᠲᠠᠢ ᠪᠣᠯᠬᠤ᠎ᠶ᠋ᠢ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠳᠤᠮᠳᠠᠳᠤ ᠤᠯᠤᠰ᠎ᠤᠨ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢᠨ ᠲᠣᠪᠴᠢᠶ᠎ᠠ᠎ᠶ᠋ᠢᠨ ᠰᠢ ᠠᠨ᠎ᠤ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢᠨ ᠲᠥᠪ᠎ᠤᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠵᠢᠴᠢ ᠬᠤᠯᠪᠣᠭ᠍ᠳᠠᠯ ᠪᠥᠬᠦᠶ ᠭᠠᠵᠠᠷ ᠠᠯᠪᠠᠨ ᠲᠠᠰᠤᠭ᠎ᠤᠨ ᠬᠠᠷᠢᠭᠤᠴᠠᠯᠭᠠᠲᠠᠨ᠂ ᠲᠢᠶᠠᠨᠵᠢᠨ᠎ᠤ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢᠨ ᠲᠥᠪ᠎ᠤᠨ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠎ᠤᠨ ᠬᠠᠷᠢᠭᠤᠴᠠᠯᠭᠠᠲᠠᠨ᠂ ᠳᠤᠮᠳᠠᠳᠤ ᠤᠯᠤᠰ᠎ᠤᠨ ᠭᠠᠵᠠᠷ ᠱᠢᠨᠵᠢᠯᠡᠭᠡᠨ᠎ᠤ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠭᠠᠵᠠᠷ ᠱᠢᠨᠵᠢᠯᠡᠭᠡᠨ᠎ᠤ ᠰᠤᠳᠤᠯᠭᠠᠨ᠎ᠤ ᠭᠠᠵᠠᠷ᠂ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠰᠤᠳᠤᠯᠭᠠᠨ᠎ᠤ ᠭᠠᠵᠠᠷ᠎ᠤᠨ ᠬᠤᠯᠪᠣᠭ᠍ᠳᠠᠯ ᠪᠥᠬᠦᠶ ᠲᠤᠰᠭᠠᠶ ᠮᠡᠷᠭᠡᠵᠢᠯᠲᠡᠨ᠂ ᠥᠪᠡᠷᠲᠡᠭᠡᠨ ᠵᠠᠰᠠᠬᠤ ᠣᠷᠣᠨ᠎ᠤ ᠬᠡᠮᠵᠢᠨ ᠵᠢᠷᠤᠭᠯᠠᠯᠲᠠ ᠭᠠᠵᠠᠷ ᠵᠦᠶ ᠮᠡᠳᠡᠭᠡ ᠵᠠᠩᠭᠢ᠎ᠶ᠋ᠢᠨ ᠲᠥᠪ᠂ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢᠨ ᠰᠤᠳᠤᠯᠭᠠᠨ᠎ᠤ ᠬᠦᠷᠢᠶᠡᠯᠡᠩ᠎ᠤᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠠᠯᠠᠱᠠ ᠠᠢᠮᠠᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠶ᠋ᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠥᠪᠥᠷ ᠮᠣᠩᠭᠤᠯ᠎ᠤᠨ ᠭᠠᠵᠠᠷ ᠱᠢᠨᠵᠢᠯᠡᠭᠡ ᠠᠭᠤᠷᠬᠠᠶ᠎ᠶ᠋ᠢᠨ ᠭᠠᠷᠤᠯᠲᠠ᠎ᠶ᠋ᠢᠨ ᠪᠦᠯᠦᠭ᠌ᠯᠡᠯ᠎ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ᠎ᠤᠨ ᠱᠢᠵᠢᠷ ᠠᠯᠲᠠᠨ᠎ᠤ ᠪᠦᠯᠦᠭ᠌ᠯᠡᠯ᠎ᠤᠨ ᠭᠠᠵᠠᠷ ᠱᠢᠨᠵᠢᠯᠡᠭᠡᠨ᠎ᠤ ᠬᠢᠵᠠᠭᠠᠷᠲᠤ ᠺᠣᠮᠫᠠᠨᠢ᠎ᠶ᠋ᠢᠨ ᠬᠤᠯᠪᠣᠭ᠍ᠳᠠᠯ ᠪᠥᠬᠦᠶ ᠬᠠᠷᠢᠭᠤᠴᠠᠯᠭᠠᠲᠠᠨ ᠶᠠᠷᠢᠯᠴᠠᠬᠤ ᠬᠤᠷᠠᠯ᠎ᠳᠤ ᠣᠷᠣᠯᠴᠠᠪᠠ᠃