ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠨᠠᠮ᠎ᠤᠨ ᠤᠳᠤᠷᠢᠳᠭᠤ ᠳᠤᠭᠤᠢᠯᠠᠩ᠎ᠤᠨ ᠤᠨᠤᠯ ᠰᠤᠷᠤᠯᠴᠠᠬᠤ ᠭᠤᠣᠯ ᠳᠤᠭᠤᠢᠯᠠᠩ᠎ᠤᠨ ᠰᠤᠷᠤᠯᠴᠠᠯᠭ᠎ᠠ (ᠥᠷᠭᠡᠳᠭᠡᠭ᠌ᠰᠡᠨ)ᠶ᠋ᠢᠨ ᠬᠤᠷᠠᠯ ᠵᠢᠴᠢ 《ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ》 ᠲᠤᠰᠭᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
2025-12-22

  12 ᠳ᠋ᠤᠭ᠋ᠠᠷ ᠰᠠᠷ᠎ᠠ᠎ᠶ᠋ᠢᠨ 22 ᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ 2025 ᠣᠨ᠎ᠤ 15 ᠳ᠋ᠤᠭᠠᠷ ᠤᠳᠠᠭᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠰᠤᠷᠤᠯᠴᠠᠯᠭ᠎ᠠ (ᠥᠷᠭᠡᠳᠭᠡᠭ᠌ᠰᠡᠨ) ᠎ᠶ᠋ᠢᠨ ᠬᠤᠷᠠᠯ᠎ᠢ ᠬᠤᠷᠠᠯᠳᠤᠭᠤᠯᠵᠤ᠂ 《ᠰᠢ᠎ᠶ᠋ᠢᠨ ᠫᠢᠩ ᠲᠥᠷᠥ᠎ᠶ᠋ᠢ ᠵᠠᠰᠠᠬᠤ ᠲᠤᠬᠠᠢ》 ᠭᠡᠬᠦ᠌ ᠨᠣᠮ᠎ᠤᠨ ᠲᠠᠪᠤᠳᠤᠭᠠᠷ ᠪᠤᠳᠢ᠎ᠳᠠᠬᠢ ᠰᠢ᠎ᠶ᠋ᠢᠨ ᠫᠢᠩ᠎ᠤᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭᠠᠨ᠎ᠤ ᠲᠤᠬᠠᠶ ᠴᠢᠬᠤᠯᠠ ᠵᠣᠬᠢᠶᠠᠯ ᠵᠢᠴᠢ 《ᠱᠠᠱᠢᠨ ᠰᠤᠷᠲᠠᠬᠤᠨ᠎ᠤ ᠠᠵᠢᠯᠯᠠᠭᠠᠨ᠎ᠤ ᠲᠠᠯᠠᠪᠤᠷ᠎ᠤᠨ ᠬᠠᠮᠢᠶᠠᠷᠤᠯᠲᠠ᠎ᠶ᠋ᠢᠨ ᠠᠷᠭ᠎ᠠ》 ᠎ᠶ᠋ᠢ ᠤᠯᠠᠮᠵᠢᠯᠠᠨ ᠰᠤᠷᠤᠯᠴᠠᠭ᠍ᠰᠠᠨ ᠪᠥᠭᠡᠳ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢᠨ ᠲᠣᠭᠤᠷᠢᠨ᠎ᠳᠤ ᠲᠤᠰᠭᠠᠶ ᠰᠡᠳᠦᠪᠲᠦ ᠰᠤᠳᠤᠯᠤᠨ ᠶᠠᠷᠢᠯᠴᠠᠪᠠ᠃ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠣᠣ ᠳ᠋ᠠ ᠶᠦᠩ ᠬᠤᠷᠠᠯ᠎ᠢ ᠡᠷᠭᠢᠯᠡᠭ᠌ᠰᠡᠨ ᠪᠥᠭᠡᠳ ᠲᠦᠷᠦᠭᠦᠯᠡᠨ ᠰᠤᠳᠤᠯᠤᠨ ᠶᠠᠷᠢᠯᠴᠠᠪᠠ᠃

  ᠬᠤᠷᠠᠯ᠎ᠠᠴᠠ᠂ ᠨᠠᠮ᠎ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠰᠤᠷᠤᠯᠴᠠᠨ ᠲᠤᠭᠤᠰᠢᠯᠠᠭᠤᠯᠵᠤ᠂ 《ᠭᠤᠷᠪᠠ᠎ᠶ᠋ᠢ ᠣᠢᠯᠠᠭᠠᠬᠤ》 ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠤᠬᠠᠮᠰᠠᠷ᠎ᠠᠴᠠ᠎ᠪᠠᠨ ᠪᠠᠢᠭᠠᠯᠢ᠎ᠶ᠋ᠢᠨ ᠡᠬᠢ ᠪᠠᠶᠠᠯᠢᠭ᠎ᠤᠨ ᠠᠵᠢᠯ᠎ᠢ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠂ ᠡᠨᠧᠷᠭᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠎ᠢ ᠬᠠᠮᠠᠭᠠᠯᠠᠬᠤ ᠪᠠᠢᠯᠳᠤᠬᠤ ᠪᠤᠳᠤᠯᠭ᠎ᠠ᠎ᠶ᠋ᠢᠨ ᠪᠦᠬᠦ᠌ ᠲᠠᠯ᠎ᠠ᠎ᠳᠤ ᠲᠠᠯᠪᠢᠵᠤ ᠪᠣᠳᠣᠯᠬᠢᠯᠠᠵᠤ᠂ ᠬᠠᠲᠠᠭᠤ ᠴᠢᠩᠭ᠎ᠠ ᠠᠷᠭ᠎ᠠ ᠬᠡᠮᠵᠢᠶ᠎ᠡ ᠠᠪᠴᠤ᠌᠂ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠤᠯᠠᠭᠠᠨ ᠱᠤᠭᠤᠮ ᠪᠣᠯᠤᠨ ᠠᠮᠢ ᠠᠬᠤᠢ᠎ᠶ᠋ᠢᠨ ᠠᠮᠤᠷ ᠲᠦᠪᠱᠢᠨ᠎ᠤ ᠬᠤᠷᠢᠭ᠎ᠠ ᠱᠤᠭᠤᠮ᠎ᠢ ᠡᠷᠡᠰ ᠪᠠᠲᠤ ᠰᠠᠬᠢᠬᠤ ᠬᠡᠷᠡᠭ᠌ᠲᠡᠢ᠃ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠨᠡᠭᠡᠭᠡᠨ ᠬᠥᠭ᠌ᠵᠢᠭᠦᠯᠬᠦ᠂ ᠭᠠᠵᠠᠷ᠎ᠤᠨ ᠭᠠᠶ ᠭᠠᠮᠱᠢᠭ᠂ ᠠᠮᠢ ᠠᠬᠤᠶ᠎ᠶ᠋ᠢ ᠰᠡᠷᠭᠦᠭᠡᠬᠦ᠌ ᠢᠨᠵᠧᠨᠧᠷᠢᠩ ᠵᠡᠷᠭᠡ ᠭᠤᠤᠯᠳᠠᠯᠭ᠎ᠠ᠎ᠲᠠᠢ ᠬᠦᠷᠢᠶᠡᠨ᠎ᠤ ᠠᠶᠤᠯ ᠲᠦᠭ᠌ᠰᠢᠭᠦᠷᠢ ᠳᠠᠯᠳᠠ ᠭᠡᠮ᠎ᠢ ᠴᠢᠩᠭ᠎ᠠ ᠰᠡᠷᠭᠡᠢᠯᠡᠵᠦ᠍᠂ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠪᠠ ᠪᠠᠴᠢᠮ ᠪᠠᠢᠳᠠᠯ᠎ᠢ ᠠᠷᠭ᠋ᠠᠴᠠᠭ᠋ᠠᠨ ᠱᠢᠢᠳᠪᠦᠷᠢᠯᠡᠬᠦ᠌ ᠲᠣᠭ᠍ᠲᠠᠴᠠ᠎ᠶ᠋ᠢ ᠪᠦᠷᠢᠨᠱᠢᠭᠦᠯᠬᠦ᠌ ᠬᠡᠷᠡᠭ᠌ᠲᠡᠶ᠃ ᠱᠢᠰᠲ᠋ᠧᠮᠲᠦ ᠦᠵᠡᠯᠲᠡ᠎ᠶ᠋ᠢ ᠬᠡᠷᠡᠭ᠌ᠯᠡᠨ ᠤᠯᠤᠰ᠎ᠤᠨ ᠭᠠᠵᠠᠷ ᠱᠢᠷᠣᠢ᠎ᠶ᠋ᠢᠨ ᠣᠷᠣᠨ ᠵᠠᠢ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠬᠦ᠂ ᠠᠮᠢ ᠠᠬᠤᠢ᠎ᠶ᠋ᠢᠨ ᠱᠢᠰᠲ᠋ᠧᠮ᠎ᠢ ᠬᠠᠮᠠᠭᠠᠯᠠᠨ ᠰᠡᠷᠭᠦᠭᠡᠬᠦ᠂ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠱᠢᠭ᠍ᠯᠠᠬᠤ᠂ ᠪᠣᠬᠢᠷᠲᠤᠯ ᠦᠭᠡᠢ ᠠᠭᠤᠷᠬᠠᠢ᠎ᠶ᠋ᠢᠨ ᠪᠦᠳᠦᠭᠡᠨ ᠪᠠᠢᠭᠤᠯᠤᠯᠲᠠ᠂ ᠭᠠᠵᠠᠷ᠎ᠤᠨ ᠭᠠᠮᠱᠢᠭ᠎ᠢ ᠰᠡᠷᠭᠡᠢᠯᠡᠨ ᠵᠠᠰᠠᠬᠤ ᠵᠡᠷᠭᠡ ᠡᠯ᠎ᠡ ᠵᠦᠢᠯ᠎ᠤᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠦᠪᠡᠭ᠌ᠴᠢᠯᠡᠵᠦ᠍᠂ ᠪᠠᠢᠭᠠᠯᠢ᠎ᠶ᠋ᠢᠨ ᠡᠬᠢ ᠪᠠᠶᠠᠯᠢᠭ᠎ᠤᠨ ᠵᠠᠰᠠᠯᠲᠠ᠎ᠶ᠋ᠢᠨ ᠦᠢᠯᠡᠳᠦᠯ ᠴᠢᠳᠠᠪᠤᠷᠢ ᠪᠣᠯᠤᠨ ᠴᠢᠨᠠᠷ ᠰᠠᠢᠲᠠᠢ ᠬᠥᠭ᠌ᠵᠢᠯᠲᠡ᠎ᠶ᠋ᠢ ᠪᠠᠲᠤᠯᠠᠬᠤ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ ᠵᠢᠭ᠋ᠠᠵᠤ ᠭᠠᠷᠭ᠋ᠠᠵᠠᠢ᠃

  ᠬᠤᠷᠠᠯ᠎ᠠᠴᠠ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠬᠤ᠂ ᠰᠠᠢᠲᠤᠷ ᠤᠬᠠᠭᠤᠯᠬᠤ᠂ ᠰᠠᠢᠲᠤᠷ ᠲᠤᠭᠤᠱᠢᠯᠠᠭᠤᠯᠬᠤ᠎ᠶ᠋ᠢ ᠣᠳᠣᠬᠠᠨ᠎ᠤ ᠪᠠ ᠬᠤᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠶᠡᠭᠡ ᠤᠯᠤᠰ ᠲᠦᠷᠦ᠍᠎ᠶ᠋ᠢᠨ ᠡᠭᠦᠷᠭᠡ ᠪᠣᠯᠭᠠᠵᠤ᠂ ᠨᠠᠷᠢᠨ ᠨᠢᠮᠪᠠᠢ ᠵᠣᠬᠢᠶᠠᠨ ᠪᠠᠢᠭᠤᠯᠵᠤ᠂ ᠨᠠᠷᠢᠨ ᠨᠢᠮᠪᠠᠢ ᠲᠤᠬᠢᠷᠠᠭᠤᠯᠵᠤ᠂ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠲᠥᠪᠯᠡᠷᠡᠭᠦᠯᠦᠨ ᠰᠤᠷᠤᠯᠴᠠᠬᠤ ᠬᠥᠮᠦᠵᠢᠯ ᠪᠣᠯᠪᠠᠰᠤᠷᠠᠯ᠎ᠢ ᠱᠠᠳᠤ ᠲᠦᠷᠦᠯ ᠬᠤᠪᠢᠶᠠᠨ ᠰᠠᠢᠲᠤᠷ ᠥᠷᠨᠢᠭᠦᠯᠬᠦ᠌ ᠬᠡᠷᠡᠭ᠌ᠲᠡᠢ᠃ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠣᠳᠣᠬᠠᠨ᠎ᠤ ᠠᠵᠢᠯ᠎ᠲᠠᠢ ᠨᠢᠭ᠍ᠲᠠ ᠤᠶᠠᠯᠳᠤᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠣᠯᠭᠠᠬᠤ ᠠᠵᠢᠯ᠎ᠤᠨ ᠭᠤᠤᠯ ᠱᠢᠵᠢᠮ᠎ᠲᠠᠢ ᠨᠢᠭ᠍ᠲᠠ ᠤᠶᠠᠯᠳᠤᠭᠤᠯᠤᠨ᠂ ᠨᠠᠮ᠎ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠪᠠᠢᠷᠢᠯᠠᠭᠤᠯᠤᠯᠲᠠ ᠪᠠ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ᠎ᠲᠠᠢ ᠨᠢᠭ᠍ᠲᠠ ᠵᠣᠯᠭᠠᠭᠤᠯᠵᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠬᠦᠷᠢᠶᠡᠨ᠎ᠳᠠᠬᠢ ᠥᠭᠡᠷᠡᠴᠢᠯᠡᠯᠲᠡ ᠬᠥᠭ᠌ᠵᠢᠯᠲᠡ᠎ᠶ᠋ᠢᠨ ᠬᠠᠷᠠᠯᠲᠠ ᠡᠭᠦᠷᠭᠡ ᠪᠠ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠱᠢᠰᠲ᠋ᠧᠮ᠎ᠲᠠᠢ ᠲᠥᠯᠥᠪᠵᠢᠭᠦᠯᠵᠦ᠍᠂ ᠠᠤᠭ᠎ᠠ ᠵᠢᠷᠤᠭ ᠲᠥᠯᠥᠪᠯᠡᠭᠡ᠎ᠶ᠋ᠢ ᠦᠨᠡᠨ ᠬᠦ᠌ 《ᠪᠠᠷᠢᠯᠭ᠎ᠠ᠎ᠶ᠋ᠢᠨ ᠵᠢᠷᠤᠭ》 ᠪᠣᠯᠭᠠᠨ ᠨᠠᠷᠢᠯᠢᠭᠵᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ 《ᠪᠣᠳᠠᠲᠤ ᠦᠵᠡᠮᠵᠢ᠎ᠶ᠋ᠢᠨ ᠵᠢᠷᠤᠭ》 ᠪᠣᠯᠭᠠᠨ ᠬᠤᠪᠢᠷᠠᠭᠤᠯᠬᠤ ᠬᠡᠷᠡᠭ᠌ᠲᠡᠶ ᠭᠡᠵᠦ ᠴᠢᠬᠤᠯᠠᠴᠢᠯᠠᠪᠠ᠃

  ᠬᠤᠷᠠᠯ᠎ᠠᠴᠠ᠂ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠮᠰᠠᠷ᠎ᠠᠴᠠ᠎ᠪᠠᠨ ᠪᠠᠢᠭᠠᠯᠢ᠎ᠶ᠋ᠢᠨ ᠡᠬᠢ ᠪᠠᠶᠠᠯᠢᠭ᠎ᠤᠨ ᠬᠠᠮᠢᠶᠠᠷᠤᠯᠲᠠ᠎ᠶ᠋ᠢᠨ ᠪᠦᠬᠦ᠌ ᠶᠠᠪᠤᠴᠠ᠂ ᠡᠯ᠎ᠡ ᠲᠠᠯ᠎ᠠ᠎ᠳᠤ ᠲᠤᠭᠤᠰᠢᠯᠠᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠳᠠᠪᠠᠭᠤᠯᠢᠭ᠎ᠢᠶᠠᠨ ᠬᠠᠷᠢᠯᠴᠠᠨ ᠨᠥᠬᠦᠪᠦᠷᠢᠯᠡᠬᠦ᠂ ᠴᠢᠨᠠᠷ ᠰᠠᠢᠲᠠᠢ ᠬᠥᠭ᠌ᠵᠢᠭᠦᠯᠬᠦ᠌ ᠣᠷᠣᠨ ᠪᠦᠰᠡ᠎ᠶ᠋ᠢᠨ ᠠᠵᠤ ᠠᠬᠤᠢ᠎ᠶ᠋ᠢᠨ ᠪᠠᠢᠷᠢᠱᠢᠭᠤᠯᠤᠯᠲᠠ ᠪᠣᠯᠣᠨ ᠤᠯᠤᠰ᠎ᠤᠨ ᠭᠠᠵᠠᠷ ᠱᠢᠷᠣᠢ᠎ᠶ᠋ᠢᠨ ᠣᠷᠣᠨ ᠵᠠᠢ᠎ᠶ᠋ᠢᠨ ᠱᠢᠰᠲ᠋ᠧᠮ᠎ᠢ ᠬᠦᠴᠦᠯᠡᠨ ᠪᠠᠢᠭᠤᠯᠵᠤ᠂ ᠡᠬᠢ ᠪᠠᠶᠠᠯᠢᠭ᠎ᠤᠨ ᠠᠮᠤᠷ ᠲᠦᠪᠱᠢᠨ᠎ᠤ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠦᠨᠡᠨᠬᠦ᠌ ᠳᠡᠭᠡᠭ᠌ᠰᠢᠯᠡᠭᠦᠯᠬᠦ᠌ ᠬᠡᠷᠡᠭ᠌ᠲᠡᠢ᠃ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠪᠠᠢᠭᠠᠯᠢ᠎ᠶ᠋ᠢᠨ ᠡᠬᠢ ᠪᠠᠶᠠᠯᠢᠭ᠎ᠤᠨ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠬᠤᠶᠠᠷ ᠬᠠᠯᠬᠠᠪᠴᠢ》᠂ 《ᠬᠤᠶᠠᠷ ᠰᠠᠭᠤᠷᠢᠨ》᠂ 《ᠨᠢᠭᠡ ᠪᠠᠬᠢᠯᠡᠯᠲᠡ》 ᠎ᠶ᠋ᠢᠨ ᠪᠦᠳᠦᠭᠡᠨ ᠪᠠᠢᠭᠤᠯᠤᠯᠲᠠ ᠵᠡᠷᠭᠡ ᠠᠵᠢᠯ᠎ᠳᠤ ᠬᠦᠴᠦᠨ ᠨᠡᠮᠡᠷᠢᠯᠡᠬᠦ᠌ ᠬᠡᠷᠡᠭ᠌ᠲᠡᠢ ᠭᠡᠵᠦ ᠱᠠᠭ᠋ᠠᠷᠳᠠᠪᠠ᠃

  ᠲᠢᠩᠬᠢᠮ᠎ᠤᠨ ᠤᠳᠤᠷᠢᠳᠤᠯᠭ᠎ᠠ᠂  ᠲᠢᠩᠬᠢᠮ᠎ᠤᠨ ᠶᠡᠷᠦᠩᠬᠡᠶ ᠲᠥᠯᠥᠪᠵᠢᠭᠦᠯᠦᠭ᠌ᠴᠢ᠂ ᠶᠡᠷᠦᠩᠬᠡᠶ ᠢᠨᠵᠧᠨᠧᠷ᠂ ᠲᠢᠩᠬᠢᠮ᠎ᠤᠨ ᠪᠠᠢᠭᠤᠯᠭ᠎ᠠ᠎ᠶ᠋ᠢᠨ ᠡᠯ᠎ᠡ ᠭᠠᠵᠠᠷ ᠠᠯᠪᠠᠨ ᠲᠠᠰᠤᠭ ᠲᠣᠪᠴᠢᠶ᠎ᠠ ᠵᠢᠴᠢ ᠲᠢᠩᠬᠢᠮ᠎ᠤᠨ ᠬᠠᠷᠢᠶ᠎ᠠ ᠨᠢᠭᠡᠴᠢ᠎ᠶ᠋ᠢᠨ ᠭᠤᠤᠯ ᠬᠠᠷᠢᠭᠤᠴᠠᠯᠭᠠᠲᠠᠨ ᠬᠤᠷᠠᠯ᠎ᠳᠤ ᠣᠷᠣᠯᠴᠠᠪᠠ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ