ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠭᠡ ᠲᠥᠷᠥᠯ ᠵᠦᠢᠯ᠎ᠤᠨ ᠤᠷᠤᠭ᠍ᠰᠢᠲᠠᠶ ᠠᠭᠢᠬᠤ᠎ᠶ᠋ᠢ ᠪᠥᠬᠦ᠌ ᠬᠦᠴᠦᠨ᠎ᠢᠶᠠᠷ᠎ᠢᠶᠠᠨ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠨ ᠨᠡᠮᠡᠷᠢᠯᠡᠬᠦ᠌᠎ᠶ᠋ᠢᠨ ᠲᠥᠯᠥᠭᠡ᠂ 12 ᠳ᠋ᠤᠭᠠᠷ ᠰᠠᠷ᠎ᠠ᠎ᠶ᠋ᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠰᠠᠨᠠᠭᠠᠴᠢᠯᠠᠭ᠎ᠠ᠎ᠠᠴᠠ᠎ᠪᠠᠨ ᠠᠵᠢᠯᠯᠠᠵᠤ᠂ ᠴᠢᠬᠤᠯᠠ ᠶᠡᠭᠡ ᠲᠥᠷᠥᠯ ᠵᠦᠢᠯ᠎ᠢ ᠵᠣᠬᠢᠴᠠᠭᠤᠯᠤᠨ ᠠᠬᠢᠭᠤᠯᠬᠤ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠵᠤ᠂ ᠥᠪᠥᠷ ᠮᠣᠩᠭᠤᠯ᠎ᠤᠨ ᠪᠥᠸᠧ ᠶᠤᠸᠠᠨ ᠶᠢᠨ ᠭᠧᠨ ᠠᠭᠤᠷᠬᠠᠶ᠎ᠶ᠋ᠢᠨ ᠦᠢᠯᠡᠰ᠎ᠤᠨ ᠬᠢᠵᠠᠭᠠᠷᠲᠤ ᠺᠣᠮᠫᠠᠨᠢ᠎ᠶ᠋ᠢᠨ ᠠᠯᠠᠱᠠ᠎ᠶ᠋ᠢᠨ ᠲᠠᠮᠰᠤᠭ᠍ᠪᠤᠯᠠᠭᠤᠨ ᠪᠠᠢ᠌ᠭ᠋ᠠᠯᠢᠯᠢᠭ ᠬᠤᠵᠢᠷ᠎ᠢ ᠨᠡᠭᠡᠭᠡᠨ ᠮᠠᠯᠲᠠᠬᠤ ᠲᠥᠷᠥᠯ ᠵᠦᠢᠯ᠎ᠤᠨ ᠱᠠᠨᠰᠢ᠎ᠶ᠋ᠢᠨ ᠶᠠᠨ ᠴᠠᠩ ᠴᠢᠯᠠᠭᠤᠨ ᠲᠣᠰᠣ (ᠪᠦᠯᠦᠭ᠌ᠯᠡᠯ) ᠶ᠋ᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶ᠋ᠢᠨ ᠲᠣᠰᠣ ᠬᠡᠢ᠎ᠶ᠋ᠢᠨ ᠠᠭᠤᠷᠬᠠᠶ ᠡᠷᠢᠬᠦ ᠡᠷᠬᠡ᠎ᠶᠢ ᠳᠠᠷᠤᠵᠤ ᠪᠦᠷᠭᠦᠬᠦᠯᠬᠦ ᠬᠠᠮᠢᠶ᠎ᠠ ᠪᠥᠬᠦᠶ ᠵᠦᠢᠯᠡᠰ᠎ᠢ ᠵᠣᠬᠢᠴᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠶᠢᠩ ᠳ᠋ᠡ ᠬᠤᠷᠠᠯ᠎ᠢ ᠡᠷᠭᠢᠯᠡᠵᠦ᠍᠂ ᠱᠠᠨᠰᠢ᠎ᠶᠢᠨ ᠶᠠᠨ ᠴᠠᠩ ᠴᠢᠯᠠᠭᠤᠨ ᠲᠣᠰᠣ (ᠪᠦᠯᠦᠭ᠌ᠯᠡᠯ) ᠶ᠋ᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠠᠯᠠᠱᠠ ᠠᠢᠮᠠᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠂ ᠠᠯᠠᠱᠠ ᠪᠠᠷᠠᠭᠤᠨ ᠬᠤᠱᠢᠭᠤᠨ᠎ᠤ ᠵᠠᠰᠠᠭ᠎ᠤᠨ ᠣᠷᠳᠣᠨ᠎ᠤ ᠬᠤᠯᠪᠣᠭ᠍ᠳᠠᠯ ᠪᠥᠬᠦᠶ ᠬᠠᠷᠢᠭᠤᠴᠠᠯᠭᠠᠲᠠᠨ᠂ ᠲᠢᠩᠬᠢᠮ᠎ᠤᠨ ᠪᠠᠢᠭᠤᠯᠭ᠎ᠠ᠎ᠶ᠋ᠢᠨ ᠬᠤᠯᠪᠣᠭ᠍ᠳᠠᠯ ᠪᠥᠬᠦᠶ ᠭᠠᠵᠠᠷ ᠠᠯᠪᠠᠨ ᠲᠠᠰᠤᠭ᠎ᠤᠨ ᠬᠠᠷᠢᠭᠤᠴᠠᠯᠭᠠᠲᠠᠨ ᠬᠤᠷᠠᠯ᠎ᠳᠤ ᠣᠷᠣᠯᠴᠠᠵᠠᠶ᠃
ᠬᠤᠷᠠᠯ ᠳᠡᠭᠡᠷ᠎ᠡ᠂ ᠠᠯᠠᠱᠠ ᠠᠢᠮᠠᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠂ ᠠᠯᠠᠱᠠ ᠪᠠᠷᠠᠭᠤᠨ ᠬᠤᠱᠢᠭᠤᠨ᠎ᠤ ᠵᠠᠰᠠᠭ᠎ᠤᠨ ᠣᠷᠳᠣᠨ ᠬᠠᠮᠢᠶ᠎ᠠ ᠪᠥᠬᠦᠶ ᠪᠠᠢᠭᠠᠯᠢ᠎ᠶ᠋ᠢᠨ ᠬᠤᠵᠢᠷ᠎ᠢ ᠨᠡᠭᠡᠭᠡᠨ ᠮᠠᠯᠲᠠᠬᠤ ᠲᠥᠷᠥᠯ ᠵᠦᠢᠯ᠎ᠤᠨ ᠱᠢᠲᠠᠮᠠᠬᠠᠶ ᠬᠡᠶ ᠡᠷᠢᠬᠦ ᠡᠷᠬᠡ᠎ᠶ᠋ᠢ ᠳᠠᠷᠤᠵᠤ ᠪᠦᠷᠬᠦᠭᠦᠯᠬᠦ ᠪᠠᠢᠳᠠᠯ ᠵᠢᠴᠢ ᠬᠦᠰᠡᠯ ᠱᠠᠭᠠᠷᠳᠠᠯᠭ᠎ᠠ᠎ᠶ᠋ᠢ ᠨᠠᠷᠢᠨ ᠲᠣᠳᠣᠷᠬᠠᠢᠯᠠᠵᠤ᠂ ᠱᠠᠨᠰᠢ᠎ᠶ᠋ᠢᠨ ᠶᠠᠨ ᠴᠠᠩ ᠴᠢᠯᠠᠭᠤᠨ ᠲᠣᠰᠣ (ᠪᠦᠯᠦᠭ᠌ᠯᠡᠯ) ᠶ᠋ᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶ᠋ᠢᠨ ᠬᠠᠮᠢᠶ᠎ᠠ ᠪᠥᠬᠦᠶ ᠣᠷᠣᠨ ᠪᠦᠰᠡ᠎ᠶ᠋ᠢᠨ ᠲᠣᠰᠣ ᠬᠡᠢ᠎ᠶ᠋ᠢ ᠬᠠᠢᠨ ᠪᠠᠢᠴᠠᠭᠠᠭ᠍ᠰᠠᠨ ᠪᠠᠢᠳᠠᠯ᠎ᠢ ᠨᠠᠷᠢᠨ ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠠᠴᠠ ᠲᠥᠷᠥᠯ ᠵᠦᠢᠯ᠎ᠤᠨ ᠪᠦᠲᠦᠭᠡᠨ ᠪᠠᠢᠭᠤᠯᠤᠯᠲᠠ ᠬᠢᠭᠡᠳ ᠲᠣᠰᠣ ᠬᠡᠢ᠎ᠶ᠋ᠢᠨ ᠠᠵᠤ ᠠᠬᠤᠢᠯᠠᠯ᠎ᠤᠨ ᠲᠣᠰᠣ ᠬᠡᠢ᠎ᠶ᠋ᠢ ᠬᠠᠢᠨ ᠪᠠᠢᠴᠠᠭᠠᠬᠤ ᠪᠣᠳᠠᠲᠤ ᠪᠠᠢᠳᠠᠯ᠎ᠲᠠᠢ ᠤᠶᠠᠯᠳᠤᠭᠤᠯᠤᠨ᠂ ᠬᠤᠶᠠᠷ ᠲᠠᠯ᠎ᠠ᠎ᠪᠠᠷ᠎ᠢᠶᠠᠨ ᠨᠡᠪᠲᠡᠷᠡᠯᠴᠡᠨ ᠵᠣᠯᠭᠠᠭᠤᠯᠬᠤ᠎ᠪᠠᠨ ᠴᠢᠩᠭᠠᠳᠭᠠᠵᠤ᠂ ᠲᠥᠷᠥᠯ ᠵᠦᠢᠯ᠎ᠤᠨ ᠬᠠᠮᠢᠶ᠎ᠠ ᠪᠦᠬᠦᠢ ᠳᠠᠷᠤᠵᠤ ᠪᠦᠷᠬᠦᠭᠦᠯᠬᠦ ᠬᠡᠯᠡᠯᠴᠡᠭᠡᠷ᠎ᠲᠦ ᠭᠠᠷᠤᠨ ᠦᠰᠦᠭ ᠵᠢᠷᠤᠬᠤ ᠲᠠᠷᠠᠭᠠᠴᠢ᠎ᠶ᠋ᠢᠨ ᠠᠯᠬᠤᠮ᠎ᠤᠨ ᠠᠵᠢᠯ᠎ᠤᠨ ᠰᠠᠨᠠᠭᠤᠯᠭ᠎ᠠ᠎ᠶ᠋ᠢ ᠲᠦᠷᠭᠡᠳᠭᠡᠨ ᠠᠬᠢᠭᠤᠯᠬᠤ ᠬᠡᠷᠡᠭ᠌ᠲᠡᠶ ᠭᠡᠵᠦ᠍ ᠳᠤᠷᠠᠳᠪᠠ᠃ ᠠᠯᠠᠱᠠ ᠠᠢᠮᠠᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠂ ᠠᠯᠠᠱᠠ ᠪᠠᠷᠠᠭᠤᠨ ᠬᠤᠱᠢᠭᠤᠨ᠎ᠤ ᠵᠠᠰᠠᠭ᠎ᠤᠨ ᠣᠷᠳᠣᠨ ᠪᠣᠯᠤᠨ ᠱᠠᠨᠰᠢ᠎ᠶ᠋ᠢᠨ ᠶᠠᠨ ᠴᠠᠩ ᠴᠢᠯᠠᠭᠤᠨ ᠲᠣᠰᠣ (ᠪᠦᠯᠦᠭ᠌ᠯᠡᠯ) ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠢᠯᠡᠷᠬᠡᠢᠯᠡᠬᠦ᠌᠎ᠳᠡᠭᠡᠨ᠂ ᠨᠡᠪᠲᠡᠷᠡᠯᠴᠡᠭᠡ᠎ᠪᠠᠨ ᠤᠯᠠᠮ ᠨᠢᠭᠡ ᠠᠯᠬᠤᠮ ᠴᠢᠩᠭᠠᠳᠭᠠᠵᠤ᠂ ᠮᠡᠷᠭᠡᠵᠢᠯ᠎ᠤᠨ ᠵᠣᠯᠭᠠᠯᠴᠠᠭ᠎ᠠ᠎ᠶ᠋ᠢ ᠰᠠᠨᠠᠭᠠᠴᠢᠯᠠᠭ᠎ᠠ᠎ᠠᠴᠠ᠎ᠪᠠᠨ ᠥᠷᠨᠢᠭᠦᠯᠵᠦ᠍᠂ ᠲᠥᠷᠥᠯ ᠵᠦᠢᠯ᠎ᠤᠨ ᠬᠠᠮᠢᠶ᠎ᠠ ᠪᠥᠬᠦᠶ ᠬᠡᠯᠡᠯᠴᠡᠭᠡᠷ᠎ᠲᠤ ᠭᠠᠷᠤᠨ ᠥᠰᠥᠭ ᠵᠢᠷᠤᠬᠤ ᠠᠵᠢᠯ᠎ᠢ ᠬᠠᠮᠲᠤ᠎ᠪᠠᠷ ᠳᠥᠯᠭᠢᠨ ᠠᠬᠢᠭᠤᠯᠵᠤ᠂ ᠲᠥᠷᠥᠯ ᠵᠦᠢᠯ᠎ᠢ ᠡᠷᠲᠡᠬᠡᠨ ᠨᠠᠢᠳᠠᠪᠤᠷᠢᠵᠢᠭᠤᠯᠤᠨ ᠠᠱᠢᠭ᠍ᠯᠠᠯᠲᠠ᠎ᠳᠤ ᠣᠷᠣᠭᠤᠯᠬᠤ᠎ᠶ᠋ᠢ ᠳᠥᠯᠭᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠳᠤ ᠠᠵᠤ ᠠᠬᠤᠢᠯᠠᠯ᠎ᠤᠨ ᠬᠦᠴᠦᠨ ᠴᠢᠳᠠᠯ᠎ᠢᠶᠠᠨ ᠡᠷᠭᠦᠨ᠎ᠡ ᠭᠡᠵᠡᠶ᠃
ᠲᠣᠰ ᠤᠳᠠᠭᠠᠨ᠎ᠤ ᠵᠣᠬᠢᠴᠠᠭᠤᠯᠤᠨ ᠠᠬᠢᠭᠤᠯᠬᠤ ᠬᠤᠷᠠᠯ᠎ᠢ ᠬᠤᠷᠠᠯᠳᠤᠭ᠍ᠰᠠᠨ᠎ᠨᠢ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠰᠠᠨᠠᠭᠠᠴᠢᠯᠠᠭ᠎ᠠ᠎ᠠᠴᠠ᠎ᠪᠠᠨ ᠤᠷᠢᠳᠴᠢᠯᠠᠨ ᠦᠶ᠋ᠯᠡᠴᠢᠯᠡᠵᠦ᠍ ᠪᠠᠢᠭ᠎ᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠭᠦᠶ᠋ᠴᠡᠳ ᠢᠯᠡᠷᠡᠭᠦᠯᠵᠦ᠍᠂ ᠬᠡᠷᠡᠭ᠌ᠴᠡᠭᠡ ᠱᠠᠭᠠᠷᠳᠠᠯᠭ᠎ᠠ᠎ᠶ᠋ᠢ ᠣᠨᠣᠴᠠᠲᠠᠢ ᠵᠣᠯᠭᠠᠭᠤᠯᠵᠤ᠂ ᠴᠢᠬᠤᠯᠠ ᠶᠡᠭᠡ ᠲᠥᠷᠥᠯ ᠵᠦᠶ᠋ᠯ᠎ᠤᠨ ᠪᠥᠲᠥᠭᠡᠨ ᠪᠠᠢᠭᠤᠯᠤᠯᠲᠠ᠎ᠶ᠋ᠢᠨ ᠲᠦᠭ᠌ᠵᠢᠷᠡᠯ᠎ᠢ ᠨᠡᠪᠲᠡᠷᠡᠭᠦᠯᠵᠦ᠍᠂ ᠪᠥᠬᠦ᠌ ᠣᠷᠣᠨ᠎ᠤ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠭᠰᠠᠨ ᠪᠠᠢ᠌ᠨ᠎ᠠ᠃