ᠣᠢᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠬᠤᠶᠠᠳᠤᠭᠠᠷ ᠬᠤᠭᠤᠴᠠᠭᠠᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠰᠣᠶᠣᠯ᠎ᠤᠨ ᠪᠦᠲᠦᠭᠡᠯᠴᠢ ᠰᠡᠳᠭᠢᠮᠵᠢ᠎ᠶ᠋ᠢᠨ ᠤᠷᠤᠯᠳᠤᠭᠠᠨ ᠪᠠ 2025 ᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯ ᠰᠡᠳᠦᠪᠲᠦ ᠡᠳᠦᠷ᠎ᠤᠨ ᠤᠬᠠᠭᠤᠯᠭ᠎ᠠ᠎ᠶ᠋ᠢᠨ ᠠᠵᠢᠯᠯᠠᠭ᠎ᠠ ᠳᠤᠮᠳᠠ ᠬᠤᠣᠰ ᠱᠠᠩᠨᠠᠯ ᠬᠦᠷᠲᠡᠵᠦ᠍᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠤᠬᠠᠭᠤᠯᠭ᠎ᠠ᠎ᠶ᠋ᠢᠨ ᠠᠵᠢᠯ᠎ᠤᠨ ᠱᠢᠨ᠎ᠡ᠎ᠶ᠋ᠢ ᠡᠭᠦᠳᠦᠭ᠌ᠰᠡᠨ ᠦᠢᠯᠡᠳᠦᠯᠭᠡ ᠪᠠ ᠨᠢᠳᠦ ᠭᠢᠯᠠᠰᠤᠮ᠎ᠠ ᠦᠷ᠎ᠡ ᠪᠦᠲᠦᠮᠵᠢ᠎ᠶ᠋ᠢ ᠭᠦᠢᠴᠡᠳ ᠢᠯᠡᠷᠡᠭᠦᠯᠪᠡ᠃
ᠬᠤᠶᠠᠳᠤᠭᠠᠷ ᠬᠤᠭᠤᠴᠠᠭᠠᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠰᠣᠶᠣᠯ᠎ᠤᠨ ᠪᠦᠲᠦᠭᠡᠯᠴᠢ ᠰᠡᠳᠭᠢᠮᠵᠢ᠎ᠶ᠋ᠢᠨ ᠤᠷᠤᠯᠳᠤᠭᠠᠨ᠎ᠢ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠤᠬᠠᠭᠤᠯᠭ᠎ᠠ ᠰᠤᠷᠭᠠᠨ ᠬᠥᠮᠦᠵᠢᠯ᠎ᠤᠨ ᠲᠥᠪ᠂ ᠳᠤᠮᠳᠠᠳᠤ ᠤᠯᠤᠰ᠎ᠤᠨ ᠲᠡᠯᠡᠶ ᠲᠠᠩᠭᠢᠰ᠎ᠤᠨ ᠬᠥᠭ᠌ᠵᠢᠯᠲᠡ᠎ᠶ᠋ᠢᠨ ᠰᠠᠭᠤᠷᠢ ᠮᠥᠩᠭᠦᠨ᠎ᠤ ᠨᠡᠢᠭᠡᠮᠯᠢᠭ᠎ᠠᠴᠠ ᠬᠠᠮᠲᠤᠷᠠᠨ ᠡᠷᠭᠢᠯᠡᠵᠦ᠍᠂ ᠡᠬᠢᠯᠡᠭᠦᠯᠦᠭ᠌ᠰᠡᠨ᠎ᠠᠴᠠ ᠨᠠᠭ᠋ᠠᠰᠢ᠂ ᠡᠯ᠎ᠡ ᠡᠲᠡᠭᠡᠳ᠎ᠤᠨ᠎ᠬᠢᠨ᠎ᠤ ᠠᠩᠬᠠᠷᠤᠯ᠎ᠢ ᠥᠷᠭᠡᠨ᠎ᠢᠶᠠᠷ ᠲᠠᠲᠠᠵᠤ ᠢᠳᠡᠪᠬᠢᠲᠡᠶ ᠤᠷᠢᠶᠠᠯᠠᠪᠠ᠃ ᠡᠬᠡ ᠪᠢᠴᠢᠭ ᠡᠯᠰᠡᠬᠦ᠌ ᠠᠵᠢᠯ ᠳᠠᠭᠤᠰᠴᠤ᠌᠂ ᠬᠠᠪᠲᠠᠭᠠᠶ ᠶᠢᠨ ᠲᠥᠷᠥᠯ᠂ ᠬᠠᠷᠠᠭᠠᠨ ᠰᠡᠷᠡᠯ᠎ᠤᠨ ᠲᠥᠷᠥᠯ᠂ ᠪᠣᠳᠠᠲᠤ ᠪᠣᠳᠠᠰ᠎ᠢ ᠬᠠᠮᠤᠷᠤᠭ᠍ᠰᠠᠨ 2394 ᠬᠤᠪᠢ ᠪᠦᠲᠦᠭᠡᠯ ᠢᠳᠡᠪᠬᠢᠲᠡᠶ᠎ᠪᠠᠷ ᠤᠷᠤᠯᠳᠤᠭᠠᠨ᠎ᠳᠤ ᠣᠷᠣᠯᠴᠠᠵᠤ᠂ 《ᠱᠢᠨ᠎ᠡ ᠴᠠᠭ ᠦᠶ᠎ᠡ᠎ᠶ᠋ᠢᠨ ᠪᠠᠢᠭᠠᠯᠢ᠎ᠶ᠋ᠢᠨ ᠰᠠᠢᠨ ᠰᠠᠢᠬᠠᠨ ᠠᠮᠢᠳᠤᠷᠠᠯ》 ᠭᠡᠬᠦ᠌ ᠭᠤᠤᠯ ᠰᠡᠳᠦᠪ᠎ᠤᠨ ᠲᠣᠭᠤᠷᠢᠨ᠎ᠳᠤ ᠪᠠᠢᠭᠠᠯᠢ᠎ᠶ᠋ᠢᠨ ᠡᠬᠢ ᠪᠠᠶᠠᠯᠢᠭ᠎ᠤᠨ ᠰᠣᠶᠣᠯ᠎ᠤᠨ ᠬᠢᠵᠠᠭᠠᠯᠠᠰᠢ ᠦᠭᠡᠢ ᠲᠠᠲᠠᠬᠤ ᠬᠦᠴᠦᠨ ᠪᠠ ᠦᠨ᠎ᠡ ᠥᠷᠲᠡᠭ᠎ᠢ ᠲᠥᠪᠯᠡᠷᠡᠭᠦᠯᠦᠨ ᠢᠯᠡᠷᠡᠭᠦᠯᠪᠡ᠃ ᠡᠭᠦᠨ᠎ᠳᠤ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠱᠢᠯᠢᠳᠡᠭ ᠵᠣᠬᠢᠶᠠᠨ ᠪᠠᠢᠭᠤᠯᠤᠯᠲᠠ᠎ᠶ᠋ᠢᠨ ᠱᠠᠩᠨᠠᠯ ᠭᠥᠷᠳᠡᠵᠦ᠍᠂ ᠤᠷᠤᠯᠳᠤᠭᠠᠨ᠎ᠳᠤ ᠣᠷᠣᠯᠴᠠᠭ᠍ᠰᠠᠨ ᠪᠦᠲᠦᠭᠡᠯ 《ᠭᠠᠵᠠᠷ ᠱᠢᠷᠣᠶ ·ᠠᠮᠢ ᠨᠠᠰᠤ · ᠰᠠᠬᠢᠨ ᠬᠠᠮᠠᠭᠠᠯᠠᠯᠲᠠ》 ᠨᠢ ᠡᠯᠡᠰᠦᠨ ᠵᠢᠷᠤᠭ᠎ᠢᠶᠠᠷ ᠥᠪᠡᠷᠮᠢᠴᠡ ᠵᠣᠬᠢᠶᠠᠨ ᠪᠦᠲᠦᠭᠡᠬᠦ᠌ ᠠᠴᠢᠶᠠᠯᠠᠪᠤᠷᠢ ᠪᠣᠯᠭᠠᠵᠤ᠂ ᠨᠠᠷᠢᠯᠢᠭ᠋ ᠳᠤᠷᠠᠨᠳᠠᠭᠤᠷ᠎ᠢᠶᠠᠷ 《 ᠪᠣᠯᠪᠠᠰᠤᠨ᠎ᠤ ᠢᠮ ᠲᠡᠮᠳᠡᠭ᠂ ᠬᠢᠮᠤᠷᠠᠯ᠎ᠤᠨ ᠰᠡᠷᠡᠮᠵᠢᠯᠡᠭᠦᠯᠦᠯ᠂ ᠰᠠᠬᠢᠨ ᠬᠠᠮᠠᠭᠠᠯᠠᠬᠤ ᠵᠠᠮ᠂ ᠬᠦᠰᠡᠯ ᠡᠷᠡᠮᠡᠯᠵᠡᠯ᠎ᠦᠨ ᠬᠡᠷᠡᠯ 》 ᠭᠡᠬᠦ ᠳᠥᠷᠪᠡᠨ ᠪᠦᠯᠦᠭ᠎ᠦᠨ ᠢᠯᠡᠷᠡᠭᠦᠯᠦᠯ᠎ᠦᠨ ᠠᠷᠭ᠎ᠠ ᠪᠠᠷᠢᠯ ᠢ᠋ ᠬᠣᠯᠪᠣᠵᠤ᠂ ᠬᠠᠷᠠᠭᠠᠨ ᠰᠡᠷᠡᠯ᠎ᠦᠨ ᠲᠥᠷᠥᠯ᠎ᠦᠨ ᠠᠯᠲᠠᠨ ᠮᠧᠳᠠᠯ ᠢ᠋ ᠢᠷᠠᠭᠤ ᠠᠯᠳᠠᠷᠲᠠᠢ᠎ᠪᠠᠷ ᠭᠥᠷᠳᠡᠪᠡ; ᠥᠪᠥᠷ ᠮᠣᠩᠭᠤᠯ᠎ᠤᠨ ᠪᠠᠢᠭᠠᠯᠢ᠎ᠶ᠋ᠢᠨ ᠮᠦᠽᠧᠶ᠎ᠶ᠋ᠢᠨ 《ᠦᠵᠡᠰᠭᠦᠯᠡᠩ ᠵᠢᠴᠢ ᠣᠨᠴᠠᠭᠠᠶ ᠪᠠᠶᠠᠷ ᠳᠤᠷᠠᠰᠬᠠᠯ᠎ᠤᠨ ᠡᠳᠦᠷ᠎ᠤᠨ ᠲᠣᠭᠤᠷᠢᠨ᠎ᠳᠤ ᠦᠢᠯᠡᠳᠦᠭ᠌ᠰᠡᠨ ᠱᠢᠷᠢᠰ ᠪᠦᠲᠦᠭᠡᠯ 8》 ᠨᠢ ᠬᠠᠷᠠᠭᠠᠨ᠎ᠤ ᠲᠥᠷᠥᠯ᠎ᠤᠨ ᠬᠦᠷᠡᠯ ᠱᠠᠩᠨᠠᠯ ᠭᠥᠷᠳᠡᠪᠡ᠃
2025 ᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯ ᠰᠡᠳᠦᠪᠲᠦ ᠡᠳᠦᠷ᠎ᠤᠨ ᠤᠬᠠᠭᠤᠯᠭ᠎ᠠ᠎ᠶ᠋ᠢᠨ ᠠᠵᠢᠯᠯᠠᠭ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ 《ᠳᠡᠯᠡᠬᠡᠢ᠎ᠶᠢᠨ ᠪᠥᠮᠪᠥᠷᠴᠡᠭ᠎ᠢ ᠨᠠᠨᠳᠢᠩᠨᠠᠨ ᠬᠠᠢ᠌ᠷᠠᠯᠠᠬᠤ ᠬᠥᠮᠥᠨ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ》᠂ 《ᠭᠠᠵᠠᠷ᠎ᠢ ᠠᠷᠪᠢᠲᠠᠶ ᠡᠷᠴᠢᠮᠯᠢᠭ ᠬᠡᠷᠡᠭᠯᠡᠬᠦ ᠲᠠᠷᠢᠶᠠᠨ ᠭᠠᠵᠠᠷ᠎ᠤᠨ ᠤᠯᠠᠭᠠᠨ ᠱᠤᠭᠤᠮ᠎ᠢ ᠴᠢᠩᠭ᠎ᠠ ᠰᠠᠬᠢᠬᠤ》 ᠵᠡᠷᠭᠡ ᠭᠤᠤᠯ ᠰᠡᠳᠦᠪ᠎ᠤᠨ ᠲᠣᠭᠤᠷᠢᠨ᠎ᠳᠤ᠂ ᠠᠭᠤᠯᠭ᠎ᠠ᠎ᠪᠠᠷ ᠪᠠᠶᠠᠯᠢᠭ᠂ ᠬᠡᠯᠪᠡᠷᠢ᠎ᠪᠠᠷ ᠣᠯᠠᠨ ᠶᠠᠩᠵᠤ᠂ ᠨᠥᠯᠥᠭᠡ᠎ᠪᠠᠷ ᠥᠷᠭᠡᠨ ᠳᠡᠯᠭᠡᠷ ᠤᠬᠠᠭᠤᠯᠭ᠎ᠠ᠎ᠶ᠋ᠢᠨ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠬᠥᠮᠦᠨ ᠬᠢᠭᠡᠳ ᠪᠠᠢᠭᠠᠯᠢ᠎ᠶ᠋ᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠱᠢᠬᠤ ᠥᠯᠢᠭᠡᠷ᠎ᠢ ᠤᠯᠠᠮ ᠨᠢᠭᠡ ᠠᠯᠬᠤᠮ ᠶᠠᠷᠢᠵᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠰᠠᠢᠨ ᠲᠠᠭᠤᠨ᠎ᠢ ᠤᠯᠠᠮᠵᠢᠯᠠᠵᠤ᠂ ᠱᠢᠯᠢᠳᠡᠭ ᠵᠣᠬᠢᠶᠠᠨ ᠪᠠᠢᠭᠤᠯᠤᠭ᠍ᠰᠠᠨ ᠨᠢᠭᠡᠴᠢ᠎ᠪᠠᠷ ᠦᠨᠡᠯᠡᠭ᠌ᠳᠡᠪᠡ᠃
ᠲᠣᠰ ᠤᠳᠠᠭᠠᠨ᠎ᠤ ᠱᠠᠩᠨᠠᠯ ᠬᠦᠷᠲᠡᠭ᠌ᠰᠡᠨ᠎ᠨᠢ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠤᠬᠠᠭᠤᠯᠭ᠎ᠠ᠎ᠶ᠋ᠢᠨ ᠠᠵᠢᠯ᠎ᠤᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠬᠠᠷᠠᠭᠤᠯᠤᠭ᠍ᠰᠠᠨ᠎ᠢᠶᠠᠷ ᠪᠠᠷᠠᠬᠤ ᠥᠬᠡᠶ ᠪᠠᠰᠠ ᠨᠡᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠤᠬᠠᠭᠤᠯᠭ᠎ᠠ᠎ᠶ᠋ᠢᠨ ᠠᠵᠢᠯ᠎ᠢ ᠠᠩᠬᠠᠷᠤᠨ ᠮᠡᠳᠡᠷᠡᠭ᠌ᠰᠡᠨ ᠪᠠᠢᠳᠠᠯ᠎ᠢ ᠲᠤᠰᠭᠠᠪᠠ᠃ ᠲᠠᠷᠠᠭᠠᠴᠢ᠎ᠶ᠋ᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠤᠬᠠᠭᠤᠯᠭ᠎ᠠ᠎ᠶ᠋ᠢᠨ ᠠᠵᠢᠯ᠎ᠤᠨ ᠱᠢᠨ᠎ᠡ ᠠᠷᠭ᠎ᠠ ᠵᠠᠮ᠂ ᠱᠢᠨ᠎ᠡ ᠠᠷᠭ᠎ᠠ᠎ᠶ᠋ᠢ ᠦᠷᠭᠦᠯᠵᠢᠯᠡᠨ ᠰᠦᠪᠡᠭ᠌ᠴᠢᠯᠡᠵᠦ᠍᠂ ᠨᠠᠩ ᠤᠷᠠᠯᠢᠭ᠎ᠤᠨ ᠴᠢᠨᠠᠷᠲᠠᠶ᠂ ᠤᠯᠠᠮᠵᠢᠯᠠᠨ ᠲᠠᠷᠬᠠᠭᠠᠬᠤ ᠬᠦᠴᠦᠨ ᠪᠠ ᠨᠥᠯᠥᠭᠡᠯᠡᠬᠦ᠌ ᠬᠦᠴᠦᠨ᠎ᠲᠠᠢ ᠱᠢᠯᠢᠳᠡᠭ ᠪᠦᠲᠦᠭᠡᠯ᠎ᠢᠶᠠᠷ ᠪᠠᠢᠭᠠᠯᠢ᠎ᠶ᠋ᠢᠨ ᠡᠬᠢ ᠪᠠᠶᠠᠯᠢᠭ᠎ᠤᠨ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠳᠤ ᠰᠠᠢᠨ ᠰᠠᠢᠬᠠᠨ ᠶᠠᠷᠢᠶ᠎ᠠ ᠬᠡᠯᠡᠯᠴᠡᠭᠡᠨ᠎ᠤ ᠠᠭᠤᠷ ᠠᠮᠢᠰᠭᠤᠯ᠎ᠢ ᠪᠣᠶ ᠪᠣᠯᠭᠠᠨ᠎ᠠ᠃