12 ᠳ᠋ᠤᠭᠠᠷ ᠰᠠᠷ᠎ᠠ᠎ᠶ᠋ᠢᠨ 2 ᠤᠨ ᠡᠳᠦᠷ᠂ ᠳᠤᠮᠳᠠᠳᠤ ᠤᠯᠤᠰ᠎ᠤᠨ ᠲᠡᠤᠬᠡ᠎ᠶ᠋ᠢᠨ ᠳᠤᠷᠠᠰᠭᠠᠯᠲᠤ ᠵᠦᠢᠯᠡᠰ᠎ᠤᠨ ᠰᠣᠯᠢᠯᠴᠠᠭᠠᠨ᠎ᠤ ᠲᠥᠪ᠎ᠤᠨ ᠵᠢᠯᠣᠭᠤᠳᠣᠯᠭ᠎ᠠ᠂ ᠮᠦᠽᠧᠶ᠎ᠶ᠋ᠢᠨ ᠲᠡᠷᠢᠭᠦᠨ ᠵᠤᠷᠪᠤᠰ ᠡᠷᠬᠡ ᠰᠦᠷ᠎ᠲᠠᠢ ᠲᠤᠭ᠎ᠠ ᠪᠦᠷᠢᠳᠭᠡᠯ᠎ᠤᠨ ᠨᠡᠢᠲᠡᠯᠡᠭ᠌ᠰᠡᠨ《ᠵᠦᠩ ᠪᠥᠸᠧ ᠬᠠᠯᠠᠭᠤᠷᠠᠯ ᠬᠠᠢᠯᠲᠠ᠎ᠶ᠋ᠢᠨ ᠵᠢᠭ᠍ᠰᠠᠭᠠᠯᠲᠠ》 ᠨᠢ ᠪᠥᠬᠦ᠌ ᠤᠯᠤᠰ᠎ᠤᠨ ᠬᠠᠯᠠᠭᠤᠷᠠᠯ ᠦᠵᠡᠭᠦᠯᠭᠡ᠎ᠶ᠋ᠢᠨ ᠲᠠᠨᠢᠯᠴᠠᠭᠤᠯᠭ᠎ᠠ᠎ᠶ᠋ᠢᠨ ᠦᠷ᠎ᠡ ᠳ᠋ᠦᠩ᠎ᠢ ᠨᠡᠢᠲᠡᠯᠡᠵᠦ᠍᠂ ᠥᠪᠥᠷ ᠮᠣᠩᠭᠣᠯ᠎ᠤᠨ ᠪᠠᠢᠭᠠᠯᠢ᠎ᠶᠢᠨ ᠮᠦᠽᠧᠢ᠎ᠶᠢᠨ ᠲᠥᠪ᠎ᠦᠨ ᠪᠠᠢᠩᠭᠤ᠎ᠶᠢᠨ ᠦᠵᠡᠭᠦᠯᠭᠡ 《ᠰᠦᠷᠯᠢᠭ ᠰᠠᠢᠬᠠᠨ ᠥᠪᠥᠷ ᠮᠣᠩᠭᠣᠯ》 ᠨᠢ ᠭᠦᠨ ᠵᠤᠵᠠᠭᠠᠨ ᠡᠷᠳᠡᠮ ᠰᠢᠨᠵᠢᠯᠡᠭᠡᠨ᠎ᠦ ᠠᠭᠤᠯᠬᠤᠨ᠂ ᠰᠢᠨ᠎ᠡ᠎ᠶᠢ ᠡᠭᠦᠳᠦᠭᠰᠡᠨ ᠳᠡᠯᠭᠡᠨ ᠦᠵᠡᠭᠦᠯᠭᠡ᠎ᠶᠢᠨ ᠵᠢᠷᠤᠭ ᠲᠥᠯᠥᠪᠯᠡᠭᠡ ᠵᠢᠴᠢ ᠦᠷᠭᠦᠯᠵᠢᠯᠡᠨ ᠥᠷᠨᠢᠵᠦ ᠪᠠᠢᠭ᠎ᠠ ᠤᠯᠠᠠ ᠨᠡᠶ᠋ᠢᠲᠡ᠎ᠶᠢᠨ ᠮᠠᠭᠲᠠᠭᠠᠯ ᠰᠠᠢᠰᠢᠶᠠᠯᠢᠶᠠᠷᠢᠶᠠᠨ ᠪᠠᠢᠭᠠᠯᠢ᠎ᠶᠢᠨ ᠭᠠᠵᠠᠷ ᠰᠢᠨᠵᠢᠯᠡᠭᠡᠨ᠎ᠦ ᠲᠦᠷᠦᠯ᠎ᠦᠨ ᠦᠨᠳᠦᠰᠦᠨ ᠦᠵᠡᠭᠦᠯᠭᠡ᠎ᠶᠢᠨ ᠡᠮᠦᠨ᠎ᠡ ᠠᠷᠪᠠᠨ ᠬᠦᠴᠦᠷᠬᠡᠭ᠎ᠲᠦ ᠠᠮᠵᠢᠯᠲᠠ᠎ᠲᠠᠢ ᠣᠷᠣᠵᠠᠢ᠃
《ᠰᠦᠷᠯᠢᠭ ᠰᠠᠢᠬᠠᠨ ᠥᠪᠥᠷ ᠮᠣᠩᠭᠤᠯ》 ᠳᠡᠯᠭᠡᠨ ᠦᠵᠡᠭᠦᠯᠬᠦ ᠲᠢᠩᠬᠢᠮ ᠪᠣᠯ ᠥᠪᠥᠷ ᠮᠣᠩᠭᠤᠯ᠎ᠤᠨ ᠪᠠᠢᠭᠠᠯᠢ᠎ᠶ᠋ᠢᠨ ᠠᠮᠢ ᠠᠬᠤᠶ᠎ᠶ᠋ᠢᠨ ᠰᠤᠳᠠᠰᠤ᠎ᠶ᠋ᠢ ᠱᠢᠰᠲ᠋ᠧᠮ᠎ᠲᠠᠢ ᠡᠮᠬᠢᠯᠡᠬᠦ᠌ ᠪᠠ ᠠᠮᠢᠳᠤᠯᠢᠭ᠎ᠢᠶᠠᠷ ᠲᠠᠢ᠌ᠯᠪᠤᠷᠢᠯᠠᠵᠤ᠂ ᠲᠡᠭᠦᠨ᠎ᠤ ᠪᠠᠢᠭᠠᠯᠢ᠎ᠶ᠋ᠢᠨ ᠭᠠᠵᠠᠷ ᠱᠢᠨᠵᠢᠯᠡᠭᠡᠨ᠎ᠤ ᠦᠵᠡᠭᠦᠯᠭᠡ᠎ᠳᠤ ᠦᠵᠡᠭᠦᠯᠬᠦ᠌ ᠥᠪᠡᠷᠮᠢᠴᠡ ᠥᠷᠲᠡᠭ ᠪᠠ ᠨᠥᠯᠥᠭᠡᠯᠡᠬᠦ᠌ ᠬᠦᠴᠦᠨ᠎ᠢ ᠢᠯᠡᠷᠡᠭᠦᠯᠪᠡ᠃ ᠥᠪᠥᠷ ᠮᠣᠩᠭᠤᠯ᠎ᠤᠨ ᠪᠠᠢᠭᠠᠯᠢ᠎ᠶ᠋ᠢᠨ ᠮᠦᠽᠧᠶ᠎ᠶ᠋ᠢᠨ ᠴᠢᠬᠤᠯᠠ ᠦᠵᠡᠭᠦᠯᠭᠡ ᠪᠣᠯᠤᠭ᠍ᠰᠠᠨ᠎ᠤ ᠬᠤᠪᠢ᠎ᠳᠤ᠂ 《ᠰᠦᠷᠯᠢᠭ ᠰᠠᠢᠬᠠᠨ ᠥᠪᠥᠷ ᠮᠣᠩᠭᠤᠯ》 ᠪᠣᠯ ᠣᠷᠳᠣᠨ᠎ᠤ ᠵᠡᠭᠦᠨ ᠣᠷᠣᠨ᠎ᠤ ᠨᠢᠭᠡᠳᠦᠭᠡᠷ ᠳᠠᠪᠬᠤᠷᠭ᠎ᠠ᠎ᠳᠤ ᠪᠠᠢᠷᠢᠯᠠᠵᠤ᠂ 3280.6 ᠲᠡᠭ᠌ᠰᠢ ᠳᠥᠷᠪᠡᠯᠵᠢᠨ ᠮᠧᠲᠷ᠎ᠤᠨ ᠳᠡᠯᠭᠡᠨ ᠦᠵᠡᠭᠦᠯᠬᠦ᠌ ᠣᠷᠣᠨ ᠵᠠᠶ᠎ᠨᠢ ᠹᠢᠽᠢᠺ᠎ᠤᠨ ᠬᠡᠮᠵᠢᠯ᠎ᠤᠨ ᠳᠡᠯᠭᠡᠨ ᠦᠵᠡᠭᠦᠯᠬᠦ᠌ ᠣᠷᠣᠨ ᠪᠦᠰᠡ ᠪᠣᠯᠬᠤ᠎ᠪᠠᠷ ᠪᠠᠷᠠᠬᠤ ᠦᠭᠡᠢ᠂ ᠨᠠᠩ ᠴᠤ᠌ ᠤᠮᠠᠷᠠᠲᠤ᠎ᠶ᠋ᠢᠨ ᠪᠠᠢᠭᠠᠯᠢ᠎ᠶ᠋ᠢᠨ ᠪᠣᠯᠪᠠᠰᠤᠨ᠎ᠢ ᠠᠴᠢᠶᠠᠯᠠᠵᠤ᠂ ᠠᠮᠢ ᠠᠬᠤᠶ᠎ᠶ᠋ᠢᠨ ᠣᠢᠯᠠᠭᠠᠭ᠍ᠳᠠᠬᠤᠨ᠎ᠢ ᠳᠠᠮᠵᠢᠭᠤᠯᠬᠤ ᠣᠶᠤᠨ ᠰᠠᠨᠠᠭᠠᠨ᠎ᠤ ᠠᠴᠢᠶᠠᠯᠠᠪᠤᠷᠢ ᠪᠣᠯᠤᠨ᠎ᠠ᠃ 《ᠶᠡᠭᠡ ᠣᠶ ᠱᠢᠭᠤᠶ》᠂ 《ᠲᠠᠯ᠎ᠠ ᠨᠤᠲᠤᠭ》᠂ 《ᠲᠣᠮᠣ ᠤᠰᠤᠨ ᠣᠷᠣᠨ》᠂ 《ᠶᠡᠭᠡ ᠡᠯᠡᠰᠦ ᠮᠠᠩᠬ᠎ᠠ》 ᠵᠡᠷᠭᠡ ᠳᠥᠷᠪᠡᠨ ᠶᠡᠭᠡ ᠭᠤᠤᠯ ᠰᠡᠳᠦᠪᠲᠦ ᠦᠵᠡᠭᠦᠯᠭᠡ᠎ᠶ᠋ᠢᠨ ᠣᠷᠣᠨ᠎ᠢ ᠱᠢᠨᠵᠢᠯᠡᠬᠦ᠌ ᠤᠬᠠᠭᠠᠨᠴᠢ᠎ᠪᠠᠷ ᠬᠤᠪᠢᠶᠠᠷᠢᠯᠠᠬᠤ᠎ᠪᠠᠷ ᠳᠠᠮᠵᠢᠭᠤᠯᠤᠨ᠂ ᠥᠪᠥᠷ ᠮᠣᠩᠭᠤᠯ᠎ᠤᠨ ᠪᠦᠷᠢᠨ ᠪᠦᠲᠦᠨ ᠪᠠᠢᠭᠠᠯᠢ᠎ᠶ᠋ᠢᠨ ᠠᠮᠢ ᠠᠬᠤᠶ᠎ᠶ᠋ᠢᠨ ᠪᠥᠬᠦ᠌ ᠦᠵᠡᠮᠵᠢ᠎ᠶ᠋ᠢᠨ ᠵᠢᠷᠤᠭ᠎ᠢ ᠪᠠᠢᠭᠤᠯᠵᠤ᠂ ᠦᠵᠡᠭᠴᠢᠳ᠎ᠲᠦ ᠤᠮᠠᠷᠠᠲᠤ᠎ᠶᠢᠨ ᠡᠬᠡ ᠭᠠᠵᠠᠷ᠎ᠤᠨ ᠠᠮᠢ ᠠᠬᠤᠢ᠎ᠶᠢᠨ ᠪᠤᠯᠴᠢᠩ᠎ᠤᠨ ᠵᠦᠢ᠎ᠶᠢ ᠭᠦᠨ ᠭᠦᠨᠵᠡᠭᠡᠢ ᠣᠢᠯᠠᠭᠠᠭᠤᠯᠬᠤ ᠪᠣᠯᠣᠨ᠎ᠠ᠃
ᠳᠡᠯᠭᠡᠨ ᠦᠵᠡᠭᠦᠯᠬᠦ᠌ ᠠᠷᠭ᠎ᠠ ᠪᠠᠷᠢᠯ᠎ᠤᠨ ᠠᠭᠤᠯᠤᠭ᠍ᠳᠠᠬᠤᠨ᠎ᠤ ᠢᠯᠡᠳᠭᠡᠬᠦ᠌ ᠲᠠᠯ᠎ᠠ᠎ᠪᠠᠷ᠂ ᠦᠵᠡᠭᠦᠯᠭᠡ᠎ᠶ᠋ᠢᠨ ᠲᠢᠩᠬᠢᠮ᠎ᠨᠢ ᠱᠢᠨᠵᠢᠯᠡᠬᠦ᠌ ᠤᠬᠠᠭᠠᠨᠴᠢ ᠴᠢᠨᠠᠷ ᠪᠠ ᠰᠣᠨᠢᠷᠬᠠᠯᠲᠤ ᠴᠢᠨᠠᠷ᠎ᠢ ᠨᠠᠷᠢᠯᠢᠭ ᠣᠨᠣᠴᠠᠲᠠᠶ᠎ᠪᠠᠷ ᠠᠭᠤᠰᠤᠯᠴᠠᠭᠤᠯᠵᠤ᠂ ᠰᠢᠨᠵᠢᠯᠡᠬᠦ ᠤᠬᠠᠭᠠᠨ᠎ᠤ ᠰᠤᠳᠤᠯᠤᠯ ᠪᠠ ᠦᠵᠡᠮᠦᠷᠢ᠎ᠶᠢᠨ ᠦᠨ᠎ᠡ ᠥᠷᠲᠡᠭ᠎ᠢ ᠬᠣᠣᠰᠯᠠᠭᠤᠯᠤᠭᠰᠠᠨ ᠣᠳᠣ᠌᠎ᠶᠢᠨ ᠠᠮᠢᠲᠠᠨ᠎ᠤ ᠦᠯᠢᠭᠡᠷ ᠬᠡᠪ᠎ᠢ ᠴᠤᠭᠯᠠᠭᠤᠯᠵᠤ᠂ ᠪᠠᠰᠠ ᠳᠠᠭᠤ ᠭᠡᠷᠡᠯ ᠴᠠᠬᠢᠯᠭᠠᠨ ᠵᠡᠷᠭᠡ ᠣᠳᠣᠬᠢᠴᠢᠯᠠᠭᠰᠠᠨ ᠳᠡᠯᠭᠡᠨ ᠦᠵᠡᠭᠦᠯᠭᠡ᠎ᠶᠢᠨ ᠠᠷᠭ᠎ᠠ ᠪᠠᠷᠢᠯ᠎ᠢᠶᠠᠷ ᠳᠠᠮᠵᠢᠨ《ᠠᠭ᠋ᠠᠷ ᠲᠡᠭᠷᠢ ᠬᠦᠬᠡᠷᠡᠨ ᠠᠭᠤᠳᠠᠮ ᠲᠠᠯ᠎ᠠ ᠨᠡᠯᠦᠢ᠌ᠵᠦ ᠠᠶᠠᠰ᠎ᠤᠨ ᠰᠠᠯᠬᠢ ᠢᠯᠪᠢᠨ ᠦᠩᠭᠡᠷᠡᠬᠦᠶᠡ ᠦᠬᠡᠷ ᠬᠤᠨᠢᠳ ᠢᠷᠡᠢ᠌ᠨ ᠦᠵᠡᠭᠳᠡᠮᠦᠢ》 ᠲᠠᠯ᠎ᠠ ᠨᠤᠲᠤᠭ᠎ᠤᠨ ᠦᠪᠡᠳᠡᠭᠰᠢ ᠦᠵᠡᠮᠵᠢ᠎ᠶᠢ ᠰᠡᠷᠭᠦᠭᠡᠵᠦ᠂《ᠨᠡᠯᠦᠭᠡᠷ ᠶᠡᠬᠡ ᠡᠯᠡᠰᠦᠨ ᠴᠥᠯ᠎ᠳᠦ ᠥᠨᠥᠴᠢᠨ ᠤᠲᠤᠭ᠎ᠠ ᠡᠭᠦᠯᠡᠨ ᠣᠭᠲᠠᠷᠭᠤᠢ᠎ᠳᠤ ᠰᠢᠭᠤᠳ ᠭᠠᠷᠬᠤ》 ᠡᠯᠡᠰᠦᠨ ᠴᠦᠯ᠎ᠤᠨ ᠭᠠᠢᠬᠠᠮᠱᠢᠭ᠍ᠲᠤ ᠦᠵᠡᠭ᠌ᠳᠡᠯ ᠴᠦ᠍ ᠪᠤᠢ᠃ 《ᠪᠣᠳᠠᠲᠤ ᠪᠣᠳᠠᠰ + ᠦᠵᠡᠭᠳᠡᠯ + ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ》 ᠤᠨ ᠳᠡᠯᠭᠡᠨ ᠦᠵᠡᠭᠦᠯᠬᠦ᠌ ᠵᠠᠭ᠍ᠪᠤᠷ᠎ᠨᠢ ᠥᠪᠥᠷ ᠮᠣᠩᠭᠤᠯ᠎ᠤᠨ ᠡᠯᠪᠡᠭ ᠪᠠᠶᠠᠯᠢᠭ ᠪᠠᠢᠭᠠᠯᠢ᠎ᠶ᠋ᠢᠨ ᠡᠬᠢ ᠪᠠᠶᠠᠯᠢᠭ᠎ᠢ ᠣᠢᠯᠠᠭᠠᠮᠵᠢᠲᠠᠶ ᠪᠣᠯᠭᠠᠬᠤ᠎ᠪᠠᠷ ᠪᠠᠷᠠᠬᠤ ᠥᠬᠡᠶ᠂ ᠨᠠᠩ ᠴᠤ᠌ ᠦᠵᠡᠭ᠌ᠴᠢᠳ᠎ᠤᠨ ᠶᠠᠪᠤᠵᠤ ᠰᠠᠭᠤᠬᠤ᠎ᠨᠢ ᠬᠥᠮᠦᠨ ᠬᠢᠭᠡᠳ ᠪᠠᠢᠭᠠᠯᠢ᠎ᠶ᠋ᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠱᠢᠬᠤ ᠭᠦᠨᠵᠡᠭᠡᠶ ᠠᠭᠤᠯᠤᠭ᠍ᠳᠠᠬᠤᠨ᠎ᠢ ᠣᠢᠯᠠᠭᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠬᠥᠮᠦᠵᠢᠯ᠎ᠤᠨ 《ᠮᠡᠳᠡᠯᠭᠡ ᠳᠠᠮᠵᠢᠭᠤᠯᠬᠤ》 ᠠᠴᠠ 《ᠥᠷᠲᠡᠭ᠎ᠤᠨ ᠵᠢᠯᠣᠭᠤᠳᠤᠮᠵᠢ》 ᠶ᠋ᠢᠨ ᠳᠡᠭᠡᠭ᠌ᠰᠢᠯᠡᠯᠲᠡ᠎ᠶ᠋ᠢ ᠪᠡᠶᠡᠯᠡᠭᠦᠯᠦᠭᠰᠡᠨ ᠪᠠᠢ᠌ᠨ᠎ᠠ᠃
ᠦᠵᠡᠭᠦᠯᠭᠡ᠎ᠶ᠋ᠢᠨ ᠠᠮᠢᠵᠢᠷᠠᠯ᠎ᠤᠨ ᠬᠦᠴᠦᠨ᠎ᠨᠢ ᠣᠯᠠᠨ ᠨᠡᠢᠲᠡ᠎ᠶ᠋ᠢᠨ ᠴᠤᠤᠷᠢᠶᠠᠳᠤᠯ᠎ᠠᠴᠠ ᠢᠷᠡᠯᠲᠡ᠎ᠲᠡᠶ᠂ ᠨᠡᠭᠡᠭᠡᠯᠲᠡ᠎ᠡᠴᠡ ᠨᠠᠭ᠋ᠠᠰᠢ᠂ ᠢᠮᠠᠭ᠍ᠲᠠ ᠦᠵᠡᠭ᠌ᠴᠢᠳ᠎ᠦᠨ ᠬᠡᠷᠡᠭ᠌ᠴᠡᠭᠡ᠎ᠪᠡᠷ ᠤᠳᠤᠷᠢᠳᠤᠮᠵᠢ ᠪᠣᠯᠭᠠᠵᠤ᠂ ᠠᠳᠠᠯᠢ ᠪᠤᠰᠤ ᠨᠠᠰᠤᠨ᠎ᠤ ᠬᠥᠮᠦᠰ᠎ᠲᠦ ᠬᠠᠨᠳᠤᠭᠤᠯᠤᠨ᠂ ᠱᠢᠨᠵᠢᠯᠡᠬᠦ᠌ ᠤᠬᠠᠭᠠᠨ᠎ᠤ ᠲᠦᠭᠡᠮᠡᠯᠵᠢᠭᠦᠯᠦᠯᠲᠡ᠎ᠶ᠋ᠢᠨ ᠠᠵᠢᠯᠯᠠᠭ᠎ᠠ ᠨᠢ ᠲᠤᠰᠭᠠᠶ ᠮᠡᠷᠭᠡᠵᠢᠯ᠎ᠦᠨ ᠪᠠᠢᠭᠠᠯᠢ᠎ᠶ᠋ᠢᠨ ᠮᠡᠳᠡᠯᠭᠡ᠎ᠶ᠋ᠢ ᠨᠡᠩ ᠳᠣᠲᠣᠨᠣ ᠬᠡᠯᠪᠡᠷᠢ᠎ᠪᠡᠷ ᠣᠯᠠᠨ ᠲᠦᠮᠡᠨ᠎ᠦ ᠳᠤᠮᠳᠠ ᠣᠷᠣᠭᠤᠯᠬᠤ ᠬᠡᠷᠡᠭᠲᠡᠢ᠃ ᠵᠠᠯᠠᠭᠤᠴᠤᠳ ᠪᠠᠭᠠᠴᠤᠳ᠎ᠤᠨ ᠦᠯᠢᠭᠡᠷ᠎ᠦᠨ ᠡᠮᠦᠨ᠎ᠡ ᠰᠣᠨᠢᠷᠬᠠᠨ ᠠᠰᠠᠭᠤᠭᠰᠠᠨ ᠴᠤ᠌ ᠲᠡᠷᠡ᠂ ᠢᠳᠡᠷ ᠥᠲᠡᠯᠦᠭᠡ ᠨᠠᠰᠤᠨ᠎ᠤ ᠦᠵᠡᠭᠴᠢᠳ᠎ᠦᠨ ᠲᠠᠯ᠎ᠠ ᠨᠤᠲᠤᠭ᠎ᠤᠨ ᠦᠵᠡᠮᠵᠢ᠎ᠶᠢ ᠭᠦᠨ ᠰᠡᠳᠬᠢᠯᠭᠡ᠎ᠲᠠᠢ᠎ᠪᠡᠷ ᠡᠷᠭᠢᠴᠡᠭᠦᠯᠦᠭᠰᠡᠨ ᠴᠦ᠍ ᠲᠡᠷᠡ᠂ ᠦᠵᠡᠭᠦᠯᠭᠡ᠎ᠶᠢᠨ ᠲᠢᠩᠬᠢᠮ᠎ᠢ ᠬᠥᠮᠥᠨ ᠪᠠᠢᠭᠠᠯᠢ᠂ ᠲᠡᠦᠬᠡ ᠪᠠ ᠣᠳᠣᠬᠢ ᠪᠠᠢᠳᠠᠯ᠎ᠢ ᠬᠣᠯᠪᠣᠭᠰᠠᠨ ᠰᠡᠳᠬᠢᠯᠭᠡ᠎ᠶᠢᠨ ᠬᠣᠯᠪᠣᠭᠠᠰᠤ ᠪᠣᠯᠭᠠᠭᠰᠠᠨ ᠪᠠᠢᠨ᠎ᠠ᠃ ᠲᠣᠰ ᠤᠳᠠᠭ᠎ᠠ 《ᠵᠦᠩ ᠪᠥᠸᠧ ᠬᠠᠯᠠᠭᠤᠷᠠᠯ ᠬᠠᠢᠯᠲᠠ᠎ᠶ᠋ᠢᠨ ᠵᠢᠭ᠍ᠰᠠᠭᠠᠯᠲᠠ》 ᠳᠤ ᠰᠣᠩᠭᠤᠭ᠍ᠳᠠᠭ᠍ᠰᠠᠨ᠎ᠨᠢ ᠠᠵᠢᠯ ᠲᠥᠷᠥᠯ᠎ᠤᠨ ᠳᠡᠯᠭᠡᠨ ᠦᠵᠡᠭᠦᠯᠬᠦ᠌ ᠶᠠᠰᠤ ᠴᠢᠨᠠᠷ᠎ᠢ ᠳᠡᠭᠡᠳᠦ ᠬᠡᠮᠵᠢᠶ᠎ᠡ᠎ᠪᠠᠷ ᠮᠡᠳᠡᠷᠡᠵᠦ᠍ ᠪᠠᠢᠭ᠎ᠠ ᠶᠠᠪᠤᠳᠠᠯ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠥᠷᠭᠡᠨ ᠣᠯᠠᠨ ᠦᠵᠡᠭ᠌ᠴᠢᠳ᠎ᠤᠨ ᠠᠯᠬᠤᠮ᠎ᠢᠶᠠᠷ᠎ᠢᠶᠠᠨ ᠬᠦᠷᠴᠦ᠍ ᠢᠷᠡᠭ᠌ᠰᠡᠨ 《ᠢᠲᠡᠭᠡᠮᠵᠢ᠎ᠶ᠋ᠢᠨ ᠲᠡᠮᠳᠡᠭ》 ᠪᠣᠯᠤᠨ᠎ᠠ᠃
ᠳᠠᠷᠠᠭᠠᠴᠢ᠎ᠶ᠋ᠢᠨ ᠠᠯᠬᠤᠮ᠎ᠳᠤ᠂ ᠥᠪᠥᠷ ᠮᠣᠩᠭᠤᠯ᠎ᠤᠨ ᠪᠠᠢᠭᠠᠯᠢ᠎ᠶ᠋ᠢᠨ ᠮᠦᠽᠧᠢ᠎ᠨᠢ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠬᠥᠮᠦᠵᠢᠯ ᠪᠣᠯᠤᠨ ᠰᠣᠶᠣᠯ᠎ᠢ ᠤᠯᠠᠮᠵᠢᠯᠠᠬᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠷᠭᠦᠯᠵᠢᠯᠡᠨ ᠪᠠᠲᠤ ᠰᠠᠬᠢᠵᠤ᠂ ᠦᠵᠡᠭᠦᠯᠭᠡ᠎ᠶᠢᠨ ᠠᠭᠤᠯᠭ᠎ᠠ᠎ᠶ᠋ᠢᠨ ᠪᠠᠢᠭᠤᠯᠤᠯᠲᠠ᠎ᠶ᠋ᠢ ᠤᠯᠠᠮ ᠴᠢᠨᠠᠭ᠍ᠰᠢᠳᠠ ᠭᠦᠨᠵᠡᠭᠡᠢᠷᠡᠭᠦᠯᠵᠦ᠍᠂ ᠦᠢᠯᠡᠴᠢᠯᠡᠭᠡᠨ᠎ᠤ ᠨᠠᠷᠢᠨ ᠵᠦᠢᠯᠡᠰ᠎ᠢ ᠱᠢᠯᠢᠳᠡᠭ᠌ᠵᠢᠭᠦᠯᠵᠦ᠍᠂ ᠬᠠᠷᠢᠯᠴᠠᠨ ᠦᠢᠯᠡᠳᠦᠯᠴᠡᠬᠦ᠌ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ 《ᠰᠦᠷᠯᠢᠭ ᠰᠠᠢᠬᠠᠨ ᠥᠪᠥᠷ ᠮᠣᠩᠭᠤᠯ》 ᠤᠨ ᠦᠵᠡᠭᠦᠯᠭᠡ᠎ᠶ᠋ᠢᠨ ᠲᠢᠩᠬᠢᠮ᠎ᠢ ᠤᠮᠠᠷᠠᠲᠤ᠎ᠶ᠋ᠢᠨ ᠪᠠᠢᠭᠠᠯᠢ᠎ᠶ᠋ᠢᠨ ᠭᠤᠸ᠎ᠠ ᠰᠠᠢᠬᠠᠨ᠎ᠢ ᠳᠡᠯᠭᠡᠨ ᠦᠵᠡᠭᠦᠯᠬᠦ᠌ ᠴᠣᠩᠬᠤ ᠪᠣᠯᠭᠠᠬᠤ᠎ᠪᠠᠷ ᠪᠠᠷᠠᠬᠤ ᠦᠭᠡᠢ᠂ ᠨᠡᠩ ᠴᠤ᠌ ᠠᠮᠢ ᠠᠬᠤᠢ᠎ᠶ᠋ᠢᠨ ᠪᠣᠯᠪᠠᠰᠤᠨ᠎ᠤ ᠣᠢᠯᠠᠭᠠᠭ᠍ᠳᠠᠬᠤᠨ᠎ᠢ ᠤᠯᠠᠮᠵᠢᠯᠠᠬᠤ᠂ ᠤᠯᠠᠨ ᠨᠡᠢᠲᠡ᠎ᠶ᠋ᠢᠨ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠤᠬᠠᠮᠰᠠᠷ᠎ᠢ ᠬᠥᠭ᠌ᠵᠢᠭᠡᠬᠦ᠌ ᠴᠢᠬᠤᠯᠠ ᠲᠠᠪᠴᠠᠩ ᠪᠣᠯᠭᠠᠵᠤ᠂ ᠪᠠᠢᠭᠠᠯᠢ᠎ᠶ᠋ᠢᠨ ᠰᠣᠶᠣᠯ᠎ᠤᠨ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠤᠮᠠᠷᠠᠲᠤ ᠬᠢᠯᠢ᠎ᠶ᠋ᠢᠨ ᠬᠦᠴᠦᠨ ᠴᠢᠳᠠᠯ᠎ᠢᠶᠠᠨ ᠡᠷᠭᠦᠨ᠎ᠡ᠃