ᠥᠪᠡᠷᠲᠡᠭᠡᠨ ᠵᠠᠰᠠᠬᠤ ᠣᠷᠣᠨ᠎ᠤ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢᠨ ᠰᠤᠳᠤᠯᠭᠠᠨ᠎ᠤ ᠬᠦᠷᠢᠶᠡᠯᠡᠩ ᠶᠡᠭᠡ ᠬᠢᠩᠭᠠᠨ ᠳᠠᠪᠠᠭ᠎ᠠ᠎ᠶ᠋ᠢᠨ ᠠᠭᠤᠷᠬᠠᠶ᠎ᠶ᠋ᠢᠨ ᠦᠢᠯᠡᠰ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠰᠠᠭᠤᠷᠢᠨ ᠭᠠᠵᠠᠷ᠎ᠤᠨ ᠡᠷᠳᠡᠮ ᠱᠢᠨᠵᠢᠯᠡᠭᠡᠨ᠎ᠤ ᠰᠣᠯᠢᠯᠴᠠᠭᠠᠨ᠎ᠤ ᠰᠤᠳᠤᠯᠤᠨ ᠶᠠᠷᠢᠯᠴᠠᠬᠤ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠪᠠ
2026-01-13

  ᠶᠡᠭᠡ ᠬᠢᠩᠭᠠᠨ ᠳᠠᠪᠠᠭᠠᠨ᠎ᠤ ᠠᠭᠤᠷᠬᠠᠢ᠎ᠶ᠋ᠢᠨ ᠦᠢᠯᠡᠰ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠰᠠᠭᠤᠷᠢᠨ ᠭᠠᠵᠠᠷ᠎ᠤᠨ ᠲᠠᠪᠴᠠᠩ᠎ᠤᠨ ᠦᠢᠯᠡᠳᠦᠯ᠎ᠢ ᠦᠨᠡᠨ ᠬᠦ᠌ ᠪᠠᠳᠠᠷᠠᠭᠤᠯᠵᠤ᠂ ᠥᠪᠥᠷ ᠮᠣᠩᠭᠤᠯ᠎ᠤᠨ ᠶᠡᠭᠡ ᠬᠢᠩᠭᠠᠨ ᠳᠠᠪᠠᠭᠠᠨ᠎ᠤ ᠱᠢᠭᠤᠢᠲᠤ ᠣᠷᠣᠨ᠎ᠤ ᠣᠯᠠᠨ ᠲᠡᠮᠦᠷᠯᠢᠭ᠎ᠤᠨ ᠬᠦᠳᠡᠷ ᠪᠦᠲᠦᠬᠦ᠌ ᠵᠢᠮ᠎ᠡ ᠶᠣᠰᠣ᠎ᠶ᠋ᠢ ᠭᠦᠨᠵᠡᠭᠡᠶ ᠰᠤᠳᠤᠯᠤᠨ ᠶᠠᠷᠢᠯᠴᠠᠵᠤ᠂ ᠶᠡᠭᠡ ᠬᠢᠩᠭᠠᠨ ᠳᠠᠪᠠᠭᠠᠨ᠎ᠤ ᠳᠤᠮᠳᠠ ᠬᠤᠢᠲᠤ ᠬᠡᠰᠡᠭ᠎ᠤᠨ ᠠᠭᠤᠷᠬᠠᠢ᠎ᠶ᠋ᠢᠨ ᠭᠠᠷᠤᠯᠲᠠ᠎ᠶ᠋ᠢ ᠬᠠᠢᠨ ᠪᠠᠢᠴᠠᠭᠠᠬᠤ ᠠᠵᠢᠯ᠎ᠤᠨ ᠪᠠᠢᠷᠢᠯᠠᠭᠤᠯᠤᠯᠲᠠ᠎ᠶ᠋ᠢ ᠲᠥᠯᠥᠪᠵᠢᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠠᠬᠢ ᠱᠢᠨ᠎ᠡ ᠨᠢᠭᠡ ᠡᠭᠡᠯᠵᠢ᠎ᠶ᠋ᠢᠨ ᠠᠭᠤᠷᠬᠠᠢ ᠡᠷᠢᠬᠦ᠎ᠳᠤ ᠬᠦᠴᠦᠨ ᠨᠡᠮᠡᠷᠢᠯᠡᠬᠦ᠌ ᠪᠠᠢᠯᠳᠤᠬᠤ ᠪᠣᠳᠣᠯᠭ᠎ᠠ᠎ᠶ᠋ᠢᠨ ᠠᠵᠢᠯᠯᠠᠭ᠎ᠠ᠎ᠶ᠋ᠢ 1 ᠳ᠋ᠦ᠍ᠭᠡᠷ ᠰᠠᠷ᠎ᠠ᠎ᠶ᠋ᠢᠨ 8 ᠎ᠤ ᠡᠳᠦᠷ᠎ᠠᠴᠠ 10 ᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢᠨ ᠰᠤᠳᠤᠯᠭᠠᠨ᠎ᠤ ᠬᠦᠷᠢᠶᠡᠯᠡᠩ ᠬᠥᠯᠥᠨ ᠪᠤᠢᠷ ᠬᠤᠲᠠ᠎ᠳᠤ ᠶᠡᠭᠡ ᠬᠢᠩᠭᠠᠨ ᠳᠠᠪᠠᠭᠠᠨ᠎ᠤ ᠠᠭᠤᠷᠬᠠᠢ᠎ᠶ᠋ᠢᠨ ᠦᠢᠯᠡᠰ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠰᠠᠭᠤᠷᠢᠨ ᠭᠠᠵᠠᠷ᠎ᠤᠨ ᠡᠷᠳᠡᠮ ᠱᠢᠨᠵᠢᠯᠡᠭᠡᠨ᠎ᠤ ᠰᠣᠯᠢᠯᠴᠠᠭᠠᠨ᠎ᠤ ᠰᠤᠳᠤᠯᠤᠨ ᠶᠠᠷᠢᠯᠴᠠᠬᠤ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠪᠠ᠃

  ᠬᠤᠷᠠᠯ᠎ᠠᠴᠠ᠂ ᠶᠡᠭᠡ ᠬᠢᠩᠭᠠᠨ ᠳᠠᠪᠠᠭ᠎ᠠ᠎ᠶ᠋ᠢᠨ ᠡᠷᠦᠳᠡᠰᠦ᠎ᠶ᠋ᠢᠨ ᠪᠦᠰᠡ᠎ᠨᠢ ᠥᠪᠡᠷᠲᠡᠭᠡᠨ ᠵᠠᠰᠠᠬᠤ ᠣᠷᠣᠨ᠎ᠤ ᠭᠤᠷᠪᠠᠨ ᠶᠡᠭᠡ ᠡᠷᠦᠳᠡᠰᠦ᠎ᠶ᠋ᠢᠨ ᠪᠦᠰᠡ᠎ᠶ᠋ᠢᠨ ᠨᠢᠭᠡ ᠪᠣᠯᠤᠭ᠍ᠰᠠᠨ᠎ᠤ ᠬᠤᠪᠢ᠎ᠳᠤ᠂ ᠠᠭᠤᠷᠬᠠᠢ᠎ᠶ᠋ᠢᠨ ᠭᠠᠵᠠᠷ ᠱᠢᠨᠵᠢᠯᠡᠭᠡᠨ᠎ᠤ ᠨᠥᠬᠦᠴᠡᠯ ᠳᠠᠪᠠᠭᠤᠯᠢᠭ ᠪᠣᠯᠬᠤᠷ ᠥᠪᠡᠷᠲᠡᠭᠡᠨ ᠵᠠᠰᠠᠬᠤ ᠣᠷᠣᠨ᠎ᠤ ᠴᠢᠬᠤᠯᠠ ᠥᠩᠭᠡᠲᠦ ᠲᠡᠮᠦᠷᠯᠢᠭ᠎ᠤᠨ ᠠᠭᠤᠷᠬᠠᠶ᠎ᠶ᠋ᠢᠨ ᠭᠠᠷᠤᠯᠲᠠ ᠡᠯᠪᠡᠭ ᠣᠷᠣᠨ ᠪᠣᠯᠤᠨ᠎ᠠ᠂ ᠶᠡᠭᠡ ᠬᠢᠩᠭᠠᠨ ᠳᠠᠪᠠᠭᠠᠨ᠎ᠤ ᠳᠤᠮᠳᠠ ᠬᠤᠢᠲᠤ ᠬᠡᠰᠡᠭ᠎ᠲᠤ ᠠᠯᠲᠠ᠂ ᠵᠡᠰ᠂ ᠲᠡᠮᠦᠷ᠂ ᠮᠣᠯᠢᠪᠳᠧᠨ᠂ ᠸᠣᠯᠹᠷᠠᠮ᠂ ᠴᠠᠢᠷ᠂ ᠭᠧᠷᠮᠠᠨ ᠵᠡᠷᠭᠡ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠭᠤᠷᠬᠠᠶ᠎ᠶ᠋ᠢᠨ ᠭᠠᠷᠤᠯᠲᠠ ᠪᠠ ᠮᠥᠩᠭᠦ᠌᠂ ᠬᠠᠷ᠎ᠠ ᠲᠤᠭᠤᠯᠭ᠎ᠠ ᠵᠡᠷᠭᠡ ᠳᠠᠪᠠᠭᠤᠯᠢᠭ ᠴᠢᠨᠠᠷᠲᠠᠶ ᠠᠭᠤᠷᠬᠠᠶ᠎ᠶ᠋ᠢᠨ ᠲᠥᠷᠥᠯ᠎ᠤᠨ ᠨᠡᠯᠢᠶᠡᠳ ᠶᠡᠭᠡ ᠡᠬᠢ ᠪᠠᠶᠠᠯᠢᠭ᠎ᠤᠨ ᠳᠠᠯᠳᠠ ᠬᠦᠴᠦᠨ᠎ᠲᠠᠢ᠂ ᠪᠠᠰᠠ ᠡᠷᠦᠳᠡᠰᠦ᠎ᠶ᠋ᠢᠨ ᠪᠦᠲᠦᠬᠦ᠌ ᠣᠨᠣᠯ᠎ᠤᠨ ᠰᠤᠳᠤᠯᠭᠠᠨ᠂ ᠬᠠᠢᠨ ᠪᠠᠢᠴᠠᠭᠠᠬᠤ ᠮᠡᠷᠭᠡᠵᠢᠯ᠎ᠤᠨ ᠱᠢᠨ᠎ᠡ᠎ᠶ᠋ᠢ ᠡᠭᠦᠳᠬᠦ᠂ ᠣᠶ ᠱᠢᠭᠤᠶ᠎ᠶ᠋ᠢᠨ ᠪᠦᠷᠬᠦᠴᠡ᠎ᠶ᠋ᠢᠨ ᠣᠷᠣᠨ᠎ᠤ ᠳᠡᠯᠡᠬᠡᠶ᠎ᠶ᠋ᠢᠨ ᠪᠥᠮᠪᠥᠷᠴᠡᠭ᠎ᠤᠨ ᠹᠢᠽᠢᠺ᠎ᠤᠨ ᠬᠠᠢᠨ ᠪᠠᠢᠴᠠᠭᠠᠬᠤ ᠠᠷᠭ᠎ᠠ᠎ᠶ᠋ᠢᠨ ᠬᠠᠢᠨ ᠰᠦᠪᠡᠭ᠌ᠴᠢᠯᠡᠯᠲᠡ ᠵᠡᠷᠭᠡ ᠵᠠᠩᠭᠢᠯᠠᠭ᠎ᠠ᠎ᠶ᠋ᠢᠨ ᠬᠦᠷᠢᠶᠡᠨ᠎ᠳᠤ ᠱᠢᠨ᠎ᠡ ᠱᠢᠪᠲᠤᠯᠤᠯᠲᠠ᠎ᠲᠠᠢ ᠪᠣᠯᠬᠤ ᠪᠥᠭᠡᠳ ᠠᠭᠤᠷᠬᠠᠶ ᠡᠷᠢᠬᠦ᠌ ᠲᠠᠯ᠎ᠠ᠎ᠪᠠᠷ ᠱᠢᠨ᠎ᠡ ᠠᠬᠢᠴᠠ᠎ᠲᠠᠢ ᠪᠣᠯᠬᠤ᠎ᠶᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

  ᠬᠤᠷᠠᠯ᠎ᠠᠴᠠ᠂ ᠬᠤᠷᠠᠯ᠎ᠳᠤ ᠣᠷᠣᠯᠴᠠᠭ᠍ᠰᠠᠳ᠎ᠤᠨ ᠰᠠᠨᠠᠯ᠎ᠢ ᠭᠦᠢᠴᠡᠳ ᠱᠢᠩᠭᠡᠭᠡᠨ ᠠᠪᠴᠤ᠌᠂ ᠶᠡᠭᠡ ᠬᠢᠩᠭᠠᠨ ᠳᠠᠪᠠᠭᠠᠨ᠎ᠤ ᠠᠭᠤᠷᠬᠠᠢ᠎ᠶ᠋ᠢᠨ ᠦᠢᠯᠡᠰ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠰᠠᠭᠤᠷᠢᠨ ᠭᠠᠵᠠᠷ᠎ᠤᠨ ᠲᠠᠪᠴᠠᠩ ᠪᠣᠯᠤᠨ ᠨᠡᠢᠭᠡᠮ᠎ᠤᠨ ᠪᠡᠯᠡ ᠮᠥᠩᠭᠦ᠎ᠶ᠋ᠢ ᠰᠠᠢᠲᠤᠷ ᠠᠱᠢᠭ᠍ᠯᠠᠨ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢᠨ ᠠᠵᠢᠯ᠎ᠳᠤ ᠣᠷᠣᠯᠴᠠᠭ᠍ᠰᠠᠨ ᠬᠠᠮᠢᠶ᠎ᠠ ᠪᠦᠬᠦᠢ ᠲᠦᠷᠦ᠍᠎ᠶ᠋ᠢᠨ ᠪᠤᠳᠤᠯᠭ᠎ᠠ᠎ᠶ᠋ᠢ ᠰᠠᠢᠲᠤᠷ ᠠᠱᠢᠭ᠍ᠯᠠᠵᠤ᠂ ᠬᠠᠨᠳᠠᠭᠠᠢ᠎ᠶ᠋ᠢᠨ ᠤᠢ ᠱᠢᠭᠤᠢ᠎ᠶ᠋ᠢᠨ ᠲᠠᠯᠠᠪᠠᠢ᠂ ᠮᠤᠷᠳᠠᠭ᠎ᠠ ᠵᠡᠷᠭᠡ ᠭᠠᠵᠠᠷ ᠣᠷᠣᠨ᠎ᠤ ᠶᠡᠷᠦᠩᠬᠡᠢᠯᠡᠭ᠌ᠰᠡᠨ ᠰᠤᠳᠤᠯᠭᠠᠨ ᠪᠣᠯᠤᠨ ᠠᠭᠤᠷᠬᠠᠢ᠎ᠶ᠋ᠢᠨ ᠭᠠᠷᠤᠯᠲᠠ᠎ᠶ᠋ᠢᠨ ᠬᠠᠢᠨ ᠪᠠᠢᠴᠠᠭᠠᠯᠲᠠ᠎ᠶ᠋ᠢᠨ ᠠᠵᠢᠯ᠎ᠢ ᠴᠢᠨᠠᠭ᠍ᠰᠢᠳᠠ ᠴᠢᠩᠭᠠᠳᠭᠠᠵᠤ᠂ ᠲᠤᠰ ᠲᠤᠰ᠎ᠤᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠡᠯ᠎ᠡ ᠵᠦᠢᠯ᠎ᠤᠨ ᠠᠵᠢᠯ᠎ᠤᠨ ᠪᠣᠳᠠᠲᠤ ᠦᠷ᠎ᠡ ᠪᠦᠲᠦᠮᠵᠢ ᠤᠯᠬᠤ᠎ᠶ᠋ᠢ ᠪᠠᠲᠤᠯᠠᠵᠤ᠂ ᠲᠥᠪ᠎ᠤᠨ ᠣᠷᠣᠨ ᠨᠤᠲᠤᠭ ᠠᠵᠤ ᠠᠬᠤᠢᠯᠠᠯ᠎ᠤᠨ ᠮᠡᠳᠡᠭᠡ ᠵᠠᠩᠭᠢ᠎ᠶ᠋ᠢ ᠬᠠᠮᠲᠤᠪᠠᠷ ᠡᠳ᠋ᠯᠡᠬᠦ᠂ ᠠᠵᠤ ᠠᠬᠤᠢᠯᠠᠯ ᠳᠡᠭᠡᠳᠦ ᠰᠤᠷᠭᠠᠭᠤᠯᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶ᠋ᠢ ᠭᠦᠨᠵᠡᠭᠡᠢ ᠠᠭᠤᠰᠤᠯᠴᠠᠭᠤᠯᠬᠤ᠎ᠳᠤ ᠬᠦᠴᠦᠨ ᠨᠡᠮᠡᠷᠢᠯᠡᠵᠦ᠍᠂ ᠶᠡᠭᠡ ᠬᠢᠩᠭᠠᠨ ᠳᠠᠪᠠᠭᠠᠨ᠎ᠤ ᠭᠠᠵᠠᠷ ᠣᠷᠣᠨ᠎ᠤ ᠠᠭᠤᠷᠬᠠᠢ ᠡᠷᠢᠬᠦ᠌ ᠱᠢᠨ᠎ᠡ ᠱᠢᠪᠲᠤᠯᠤᠯᠲᠠ ᠪᠣᠯᠤᠨ ᠪᠣᠬᠢᠷᠲᠤᠯ ᠦᠭᠡᠢ ᠠᠭᠤᠷᠬᠠᠢ᠎ᠶ᠋ᠢᠨ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠳᠤ ᠬᠦᠴᠦᠨ ᠨᠡᠮᠡᠷᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠡᠬᠢ ᠪᠠᠶᠠᠯᠢᠭ᠎ᠤᠨ ᠰᠠᠭᠤᠷᠢᠨ᠎ᠤ ᠴᠢᠨᠠᠷ ᠰᠠᠢᠲᠠᠢ ᠪᠦᠳᠦᠭᠡᠨ ᠪᠠᠢᠭᠤᠯᠤᠯᠲᠠ᠎ᠶ᠋ᠢ ᠲᠤᠯᠭᠠᠭᠤᠷᠢᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

  ᠬᠤᠷᠠᠯ᠎ᠠᠴᠠ᠂ 《ᠠᠷᠪᠠᠨ ᠲᠠᠪᠤᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ ᠶᠡᠭᠡ ᠬᠢᠩᠭᠠᠨ ᠳᠠᠪᠠᠭᠠᠨ᠎ᠤ ᠳᠤᠮᠳᠠ ᠬᠤᠢᠲᠤ ᠬᠡᠰᠡᠭ᠎ᠤᠨ ᠠᠭᠤᠷᠬᠠᠢ᠎ᠶ᠋ᠢᠨ ᠭᠠᠷᠤᠯᠲᠠ᠎ᠶ᠋ᠢ ᠬᠠᠢᠨ ᠪᠠᠢᠴᠠᠭᠠᠬᠤ ᠣᠷᠣᠭᠤᠯᠤᠯᠲᠠ᠎ᠶ᠋ᠢ ᠨᠡᠮᠡᠭ᠌ᠳᠡᠭᠦᠯᠵᠦ᠍᠂ 《ᠲᠦᠷᠪᠡᠨ ᠣᠷᠣᠨ》 ᠎ᠤ ᠪᠠᠢᠷᠢᠯᠠᠭᠤᠯᠤᠯᠲᠠ᠎ᠶ᠋ᠢ ᠵᠣᠬᠢᠰᠲᠠᠢ ᠲᠥᠯᠥᠪᠵᠢᠭᠦᠯᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠠᠷ ᠬᠦᠳᠦᠯᠦᠨ ᠳᠠᠭᠠᠭᠤᠯᠬᠤ᠂ ᠨᠢᠭᠡᠳᠦᠯᠲᠡᠢ ᠲᠥᠯᠥᠪᠵᠢᠭᠦᠯᠬᠦ᠂ ᠬᠠᠮᠵᠢᠯᠴᠠᠨ ᠱᠢᠨ᠎ᠡ᠎ᠶ᠋ᠢ ᠡᠭᠦᠳᠬᠦ᠌ ᠵᠡᠷᠭᠡ ᠦᠢᠯᠡᠳᠦᠯ᠎ᠢ ᠲᠤᠪᠤᠢᠯᠭᠠᠵᠦ᠍᠂ ᠶᠡᠭᠡ ᠬᠢᠩᠭᠠᠨ ᠳᠠᠪᠠᠭᠠᠨ᠎ᠤ ᠳᠤᠮᠳᠠ ᠬᠤᠢᠲᠤ ᠬᠡᠰᠡᠭ᠎ᠤᠨ ᠪᠣᠬᠢᠷᠲᠤᠯ ᠦᠭᠡᠢ ᠬᠠᠢᠨ ᠪᠠᠢᠴᠠᠭᠠᠬᠤ᠂ ᠠᠭᠤᠷᠬᠠᠢ᠎ᠶ᠋ᠢᠨ ᠦᠢᠯᠡᠰ᠎ᠢ ᠨᠡᠭᠡᠭᠡᠨ ᠬᠥᠭ᠌ᠵᠢᠭᠦᠯᠬᠦ᠌ ᠪᠠ ᠦᠢᠯᠡᠳᠪᠦᠷᠢᠯᠡᠯ᠎ᠢᠶᠠᠨ ᠨᠡᠮᠡᠭ᠌ᠳᠡᠭᠦᠯᠬᠦ᠌᠎ᠳᠤ ᠱᠢᠨ᠎ᠡ ᠵᠠᠭ᠍ᠪᠤᠷ ᠬᠠᠩᠭᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢᠨ ᠰᠤᠳᠤᠯᠭᠠᠨ᠎ᠤ ᠬᠦᠷᠢᠶᠡᠯᠡᠩ