ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ(ᠥᠷᠭᠡᠳᠭᠡᠭ᠌ᠰᠡᠨ) ᠬᠤᠷᠠᠯ ᠬᠤᠷᠠᠯᠳᠤᠭᠤᠯᠵᠤ ᠨᠠᠮ᠎ᠢ ᠪᠥᠬᠦ᠌ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠢ ᠲᠤᠰᠭᠠᠶ ᠰᠡᠳᠦᠪ᠎ᠢᠶᠠᠷ ᠰᠤᠳᠤᠯᠤᠨ ᠪᠠᠢᠷᠢᠯᠠᠭᠤᠯᠪᠠ
2026-01-12

  1 ᠳ᠋ᠦ᠍ᠭᠡᠷ ᠰᠠᠷ᠎ᠠ᠎ᠶ᠋ᠢᠨ 12 ᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠨᠠᠮ᠎ᠤᠨ ᠤᠳᠤᠷᠢᠳᠭᠤ ᠳᠤᠭᠤᠢᠯᠠᠩ (ᠥᠷᠭᠡᠳᠭᠡᠭ᠌ᠰᠡᠨ) ᠎ᠤᠨ ᠬᠤᠷᠠᠯ ᠬᠤᠷᠠᠯᠳᠤᠭᠤᠯᠵᠤ᠂ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠨᠢᠭᠡᠳᠦᠭᠡᠷ ᠪᠥᠬᠦᠳᠡ ᠬᠤᠷᠠᠯ ᠵᠢᠴᠢ ᠪᠥᠬᠦ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠱᠢᠯᠠᠭᠤᠯᠤᠨ᠂ 2025 ᠣᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠎ᠤ ᠬᠤᠪᠢᠳᠠᠨ ᠬᠠᠮᠢᠶᠠᠷᠴᠤ᠌ ᠪᠠᠢᠭ᠎ᠠ ᠬᠦᠷᠢᠶᠡᠨ᠎ᠳᠠᠬᠢ ᠨᠠᠮ᠎ᠤᠨ ᠪᠠᠢᠭᠤᠯᠤᠯᠲᠠ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠵᠡᠷᠭᠡ ᠪᠠᠢᠳᠠᠯ᠎ᠤᠨ ᠮᠡᠳᠡᠭᠦᠯᠦᠯᠲᠡ ᠪᠠ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ᠂ ᠦᠵᠡᠯ ᠤᠬᠠᠮᠰᠠᠷ᠎ᠤᠨ ᠬᠡᠯᠪᠡᠷᠢ ᠵᠡᠷᠭᠡ ᠠᠵᠢᠯ᠎ᠤᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠲᠤᠰᠭᠠᠶ ᠰᠡᠳᠦᠪ᠎ᠢᠶᠠᠷ ᠰᠣᠨᠣᠰᠴᠤ᠌᠂ ᠨᠠᠮ᠎ᠢ ᠪᠥᠬᠦ᠌ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠣᠣ ᠳ᠋ᠠ ᠶᠦᠩ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠠᠶ᠃

  ᠬᠤᠷᠠᠯ᠎ᠠᠴᠠ᠂ 2025 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠦᠨᠳᠦᠰᠦᠨ ᠵᠢᠷᠤᠮᠯᠠᠯ ᠪᠣᠯᠭᠠᠬᠤ᠎ᠶ᠋ᠢ ᠢᠮᠠᠭ᠍ᠲᠠ ᠪᠠᠷᠢᠮᠲᠠᠯᠠᠵᠤ᠂ ᠨᠠᠮ᠎ᠤᠨ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠲᠡᠷᠢᠭᠦᠨ ᠪᠠᠢᠷᠢᠨ᠎ᠳᠤ ᠲᠠᠯᠪᠢᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠤᠣᠯ ᠱᠤᠭᠤᠮ᠎ᠲᠠᠢ ᠨᠢᠭ᠍ᠲᠠ ᠤᠶᠠᠯᠳᠤᠭᠤᠯᠵᠤ᠂ ᠨᠠᠮ᠎ᠤᠨ ᠪᠠᠢᠭᠤᠯᠤᠯᠲᠠ ᠪᠣᠯᠤᠨ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠪᠠᠢᠭᠠᠯᠢ᠎ᠶ᠋ᠢᠨ ᠡᠬᠢ ᠪᠠᠶᠠᠯᠢᠭ᠎ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ᠎ᠯᠤᠭ᠎ᠠ ᠭᠦᠨᠵᠡᠭᠡᠢ ᠠᠭᠤᠰᠤᠯᠴᠠᠭᠤᠯᠵᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠬᠠᠷᠢᠭᠤᠴᠠᠯᠭ᠎ᠠ᠎ᠶ᠋ᠢ ᠴᠢᠩᠭ᠎ᠠ ᠪᠣᠳᠠᠲᠠᠢ ᠨᠠᠢᠳᠠᠪᠤᠷᠢᠵᠢᠭᠤᠯᠵᠤ᠂ ᠤᠨᠤᠯ᠎ᠢᠶᠠᠷ ᠵᠡᠪᠰᠡᠭ᠌ᠯᠡᠬᠦ᠌᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠍᠂ ᠦᠨᠳᠦᠰᠦᠨ ᠱᠠᠲᠤᠨ᠎ᠤ ᠲᠠᠢᠴᠢᠨ ᠪᠠᠬᠢᠯᠡᠯᠲᠡ᠎ᠶ᠋ᠢ ᠪᠠᠢᠭᠤᠯᠤᠨ ᠬᠦᠴᠦᠷᠬᠡᠭ᠌ᠵᠢᠭᠦᠯᠵᠦ᠍᠂ ᠨᠢᠭᠡᠳᠦᠮᠡᠯ ᠹᠷᠣᠨᠲ᠎ᠤᠨ ᠤᠯᠠᠨ ᠲᠦᠮᠡᠨ᠎ᠤ ᠪᠦᠯᠬᠦᠮ᠎ᠤᠨ ᠠᠵᠢᠯ᠎ᠢ ᠬᠠᠮᠵᠢᠯᠴᠠᠨ ᠠᠬᠢᠭᠤᠯᠵᠤ᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠤᠨ ᠬᠠᠷᠢᠭᠤᠴᠠᠯᠭ᠎ᠠ᠎ᠶ᠋ᠢᠨ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ 《ᠭᠤᠷᠪᠠᠨ ᠦᠯᠦ᠍ ᠢᠯᠵᠠᠷᠠᠯ》 ᠎ᠢ ᠨᠢᠭᠡ ᠴᠤᠬ᠍ᠴᠠᠵᠢᠭᠤᠯᠤᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠬᠤᠶᠠᠷ ᠬᠠᠯᠬᠠᠪᠴᠢ》᠂ 《ᠬᠤᠶᠠᠷ ᠰᠠᠭᠤᠷᠢᠨ》᠂ 《ᠨᠢᠭᠡ ᠪᠠᠬᠢᠯᠡᠯᠲᠡ》 ᠎ᠶ᠋ᠢᠨ ᠪᠠᠢᠭᠤᠯᠤᠯᠲᠠ᠎ᠳᠤ ᠦᠢᠯᠡᠴᠢᠯᠡᠬᠦ᠌᠎ᠳᠤ ᠪᠠᠲᠤ ᠴᠢᠩᠭ᠎ᠠ ᠤᠯᠤᠰ ᠲᠦᠷᠦ᠍᠎ᠶ᠋ᠢᠨ ᠪᠠᠲᠤᠯᠠᠭ᠎ᠠ ᠪᠠ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

  ᠬᠤᠷᠠᠯ᠎ᠠᠴᠠ᠂ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ ᠨᠡᠷ ᠲᠦᠷᠦᠭᠦᠯᠡᠨ 《ᠨᠢᠭᠡ ᠠᠵᠢᠯ᠎ᠤᠨ ᠪᠠᠢᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ᠌》 ᠎ᠶ᠋ᠢ ᠨᠠᠷᠢᠨ ᠬᠢᠨᠠᠮᠠᠭᠠᠢ ᠭᠦᠢᠴᠡᠳᠭᠡᠵᠦ᠍᠂ ᠲᠤᠬᠠᠢᠯᠠᠭ᠍ᠰᠠᠨ ᠠᠵᠢᠯ᠎ᠢ ᠰᠤᠳᠤᠯᠬᠤ᠎ᠶ᠋ᠢᠨ ᠬᠠᠮᠲᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠱᠠᠯᠠᠪᠳᠠᠭᠤᠯᠤᠨ ᠵᠢᠯᠣᠭᠤᠳᠭᠤ᠎ᠪᠠᠨ ᠴᠢᠩᠭᠠᠳᠭᠠᠬᠤ ᠬᠡᠷᠡᠭ᠌ᠲᠡᠢ᠃ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠠᠵᠢᠯ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠶ᠋ᠢ ᠴᠢᠩᠭᠠᠳᠭᠠᠵᠤ᠂ ᠥᠭᠡᠷᠡᠴᠢᠯᠡᠯᠲᠡ᠎ᠶ᠋ᠢ ᠴᠢᠨᠠᠭ᠍ᠰᠢᠳᠠ ᠭᠦᠨᠵᠡᠭᠡᠢᠷᠡᠭᠦᠯᠬᠦ᠌ ᠳᠤᠮᠳᠠ ᠪᠣᠳᠠᠲᠠᠢ ᠠᠷᠭ᠎ᠠ ᠬᠡᠮᠵᠢᠶ᠎ᠡ ᠬᠠᠲᠠᠭᠤ ᠠᠷᠭ᠎ᠠ᠎ᠶ᠋ᠢ ᠢᠯᠡᠭᠦᠬᠡᠨ ᠭᠠᠷᠭᠠᠬᠤ ᠬᠡᠷᠡᠭ᠌ᠲᠡᠢ᠃ ᠺᠠᠳ᠋ᠷ᠎ᠤᠨ ᠡᠩᠨᠡᠭᠡᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠰᠡᠳᠭᠢᠯ᠎ᠤᠨ ᠦᠭᠡ᠎ᠪᠠᠨ ᠶᠠᠷᠢᠯᠴᠠᠬᠤ ᠵᠡᠷᠭᠡ ᠠᠵᠢᠯ᠎ᠢ ᠪᠠᠢᠩᠭᠤᠵᠢᠭᠤᠯᠤᠨ ᠥᠷᠨᠢᠭᠦᠯᠵᠦ᠍᠂ ᠺᠠᠳ᠋ᠷᠴᠤᠳ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠵᠣᠷᠢᠭ᠍ᠵᠢᠭᠤᠯᠬᠤ ᠬᠡᠷᠡᠭ᠌ᠲᠡᠢ᠃ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠤᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠦᠷᠭᠦᠯᠵᠢᠯᠡᠨ ᠪᠠᠲᠤ ᠡᠭᠦᠷᠭᠡᠯᠡᠵᠦ᠍᠂ ᠪᠡᠶ᠎ᠡ᠎ᠪᠠᠨ ᠴᠢᠩᠭ᠎ᠠ ᠱᠠᠭᠠᠷᠳᠠᠵᠤ᠂ ᠲᠤᠰ ᠲᠤᠰ᠎ᠤᠨ ᠬᠠᠷᠢᠭᠤᠴᠠᠯᠭ᠎ᠠ᠎ᠪᠠᠨ ᠴᠢᠩᠭ᠎ᠠ ᠡᠭᠦᠷᠭᠡᠯᠡᠵᠦ᠍᠂ ᠬᠠᠷᠢᠶᠠᠨ᠎ᠤ ᠨᠠᠮ᠎ᠤᠨ ᠪᠠᠢᠭᠤᠯᠤᠯᠲᠠ ᠵᠡᠷᠭᠡ ᠠᠵᠢᠯ᠎ᠢ ᠬᠢᠨᠠᠨ ᠬᠠᠮᠢᠶᠠᠷᠬᠤ᠂ ᠱᠠᠯᠠᠪᠳᠠᠭᠤᠯᠬᠤ᠎ᠶ᠋ᠢ ᠦᠨᠡᠨ ᠬᠦ᠌ ᠴᠢᠩᠭᠠᠳᠭᠠᠵᠤ᠂ ᠨᠠᠮ᠎ᠤᠨ ᠪᠠᠢᠭᠤᠯᠤᠯᠲᠠ ᠪᠣᠯᠤᠨ ᠲᠤᠬᠠᠢᠯᠠᠭ᠍ᠰᠠᠨ ᠠᠵᠢᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠬᠡᠷᠡᠭ᠌ᠲᠡᠢ᠃

  ᠬᠤᠷᠠᠯ᠎ᠠᠴᠠ᠂ ᠨᠠᠮ᠎ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤᠳᠭᠠᠬᠤ᠎ᠪᠠᠷ ᠠᠵᠢᠯ᠎ᠤᠨ ᠭᠤᠣᠯ ᠱᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠨᠠᠮ᠎ᠤᠨ ᠤᠳᠤᠷᠢᠳᠭᠤ ᠳᠤᠭᠤᠢᠯᠠᠩ (ᠨᠠᠮ᠎ᠤᠨ ᠬᠤᠷᠢᠶ᠎ᠠ) ᠎ᠤᠨ ᠭᠤᠣᠯ ᠴᠣᠭ᠍ᠴᠠ᠎ᠶ᠋ᠢᠨ ᠬᠠᠷᠢᠭᠤᠴᠠᠯᠭ᠎ᠠ᠂ ᠰᠠᠬᠢᠯᠭ᠎ᠠ ᠪᠠᠲᠤ ᠪᠠᠢᠴᠠᠭᠠᠬᠤ ᠬᠢᠨᠠᠯᠲᠠ ᠲᠠᠯᠪᠢᠬᠤ ᠬᠠᠷᠢᠭᠤᠴᠠᠯᠭ᠎ᠠ᠂ ᠨᠠᠮ᠎ᠤᠨ ᠤᠳᠤᠷᠢᠳᠭᠤ ᠳᠤᠭᠤᠢᠯᠠᠩ (ᠨᠠᠮ᠎ᠤᠨ ᠬᠤᠷᠢᠶ᠎ᠠ) ᠎ᠤᠨ ᠱᠦᠵᠢ᠎ᠶ᠋ᠢᠨ ᠨᠢᠭᠡᠳᠦᠭᠡᠷ ᠬᠠᠷᠢᠭᠤᠴᠠᠯᠭᠠᠲᠠᠨ᠎ᠤ ᠬᠠᠷᠢᠭᠤᠴᠠᠯᠭ᠎ᠠ᠂ ᠪᠠᠭ᠎ᠤᠨ ᠭᠡᠰᠢᠭᠦᠨ᠎ᠤ 《ᠨᠢᠭᠡ ᠠᠵᠢᠯ᠎ᠤᠨ ᠪᠠᠢᠷᠢ᠎ᠳᠦ ᠬᠣᠣᠰ ᠬᠠᠷᠢᠭᠤᠴᠠᠯᠭ᠎ᠠ ᠡᠭᠦᠷᠭᠡᠯᠡᠬᠦ》 ᠎ᠶ᠋ᠢ ᠦᠷᠭᠦᠯᠵᠢᠯᠡᠨ ᠪᠦᠷᠢᠨᠱᠢᠬᠦᠯᠦᠨ ᠲᠡᠭᠦᠯᠳᠡᠷᠵᠢᠭᠦᠯᠵᠦ᠍᠂ ᠵᠢᠴᠢ ᠨᠠᠮ᠎ᠤᠨ ᠶᠠᠪᠤᠳᠠᠯ᠎ᠤᠨ ᠲᠤᠰᠭᠠᠢ ᠬᠠᠷᠢᠭᠤᠴᠠᠯᠭᠠᠲᠤ ᠰᠠᠯᠠᠭ᠎ᠠ ᠮᠥᠴᠢᠷ᠎ᠤᠨ ᠬᠠᠷᠢᠭᠤᠴᠠᠯᠭ᠎ᠠ᠂ ᠨᠠᠮ᠎ᠤᠨ ᠡᠭᠦᠷ᠎ᠤᠨ ᠱᠦᠵᠢ᠎ᠶ᠋ᠢᠨ ᠪᠣᠳᠠᠲᠠᠢ ᠬᠠᠷᠢᠭᠤᠴᠠᠯᠭ᠎ᠠ᠎ᠶ᠋ᠢᠨ ᠬᠠᠷᠢᠭᠤᠴᠠᠯᠭ᠎ᠠ᠎ᠶ᠋ᠢᠨ ᠬᠡᠯᠬᠢᠶ᠎ᠡ᠎ᠶ᠋ᠢ ᠦᠷᠭᠦᠯᠵᠢᠯᠡᠨ ᠪᠦᠷᠢᠨᠱᠢᠬᠦᠯᠦᠨ ᠲᠡᠭᠦᠯᠳᠡᠷᠵᠢᠭᠦᠯᠵᠦ᠍᠂ ᠪᠦᠬᠦ᠌ ᠱᠢᠰᠲ᠋ᠧᠮ᠎ᠤᠨ ᠺᠠᠳ᠋ᠷ ᠠᠵᠢᠯᠲᠠᠳ᠎ᠢ ᠪᠦᠯᠬᠦᠮᠳᠡᠭᠦᠯᠦᠨ ᠳᠠᠭᠠᠭᠤᠯᠵᠤ ᠡᠷᠡᠰ ᠱᠢᠭᠤᠷᠬᠠᠢ᠎ᠪᠠᠷ ᠤᠷᠤᠭ᠍ᠰᠢᠯᠠᠨ ᠲᠠᠪᠱᠢᠵᠤ᠂ ᠦᠨᠡᠨᠬᠦ᠌ ᠠᠳᠭᠤᠨ ᠪᠣᠳᠠᠲᠠᠢ ᠠᠵᠢᠯᠯᠠᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠳᠤ ᠪᠠᠢᠭᠠᠯᠢ᠎ᠶ᠋ᠢᠨ ᠡᠬᠢ ᠪᠠᠶᠠᠯᠢᠭ᠎ᠤᠨ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ ᠭᠡᠵᠦ᠍ ᠱᠠᠭᠠᠷᠳᠠᠪᠠ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ